ᠥᠪᠥᠷ ᠮᠣᠩᠭᠣᠯ ᠎ᠤᠨ 4 ᠵᠢᠱ᠌ᠢᠶ᠎ᠡ ᠪᠥᠬᠥ ᠤᠯᠤᠰ᠎ᠤᠨ 《2025 ᠬᠣᠲᠠ ᠬᠥᠳᠡᠭᠡ ᠎ᠶᠢᠨ ᠨᠡᠢᠭᠡᠮ ᠲᠣᠭᠣᠷᠢᠭ᠋᠎ᠤᠨ ᠴᠢᠨᠠᠷ ᠰᠠᠢᠲᠠᠢ ᠬᠥᠭᠵᠢᠯᠲᠡ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ 》 ᠪᠡᠷ ᠰᠤᠩᠭᠤᠬᠲᠠᠪᠠ
2025-12-27 14:50:47
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶ᠎ᠠ ᠢ᠋ᠢᠨ ᠨᠡᠢᠭᠡᠮ ᠎ᠤᠨ ᠠᠵᠢᠯ᠎ᠤᠨ ᠬᠡᠯᠲᠡᠰ ᠡᠴᠡ ᠤᠢᠯᠠᠭᠠᠬᠰᠠᠨ ᠢ᠋ᠢᠡᠷ᠂ ᠲᠦᠷᠦᠭᠦᠭᠡᠨ《 ᠠᠷᠠᠳ᠎ᠤᠨ ᠠᠮᠢᠳᠤᠷᠠᠯ ᠎ᠤᠨ ᠭᠠᠷᠠᠭ᠎ᠤᠨ ᠰᠡᠳᠬᠦᠯ》 ᠎ᠤ᠋ᠨ ᠬᠣᠷᠢᠶ᠎ᠠ ᠡᠴᠡ ᠭᠣᠣᠯᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ᠎ᠤ ᠬᠤᠳᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠴᠢᠨᠠᠷ ᠰᠠᠢᠲᠠᠢ ᠬᠥᠭᠵᠢᠯᠲᠡ᠎ᠶᠢᠨ ᠶᠠᠷᠢᠶᠠᠨ᠎ᠤ ᠲᠠᠪᠴᠠᠩ ᠬᠤᠷᠠᠯᠳᠤᠵᠤ᠂ ᠶᠠᠷᠢᠶᠠᠨ᠎ᠤ ᠲᠠᠪᠴᠠᠩ ᠳᠡᠭᠡᠷ᠎ᠡ 100 《2025 ᠬᠤᠳᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠴᠢᠨᠠᠷ ᠰᠠᠢᠲᠠᠢ ᠬᠥᠭᠵᠢᠯᠲᠡ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ》 ᠵᠢ ᠨᠡᠢᠲᠡᠯᠡᠵᠠᠢ᠃ ᠡᠭᠦᠨ᠎ᠳᠤ᠂ ᠦᠪᠦᠷ ᠮᠤᠩᠭᠤᠯ᠎ᠤᠨ 4 ᠬᠡᠷᠡᠭ᠎ᠤᠨ ᠵᠢᠱ᠌ᠢᠶ᠎ᠡ ᠪᠦᠬᠦ ᠤᠯᠤᠰ᠎ᠤᠨ 《 2025 ᠬᠣᠲᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠴᠢᠨᠠᠷ ᠰᠠᠢᠲᠠᠢ ᠬᠥᠭᠵᠢᠯᠲᠡ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ 》 ᠪᠡᠷ ᠰᠤᠩᠭᠤᠬᠲᠠᠪᠠ᠃

ᠰᠤᠩᠭᠤᠬᠲᠠᠬᠰᠠᠨ 4 ᠬᠡᠷᠡᠭ᠎ᠤᠨ ᠵᠢᠱ᠌ᠢᠶ᠎ᠡ᠎ᠳᠦ᠂ ᠬᠦᠬᠡᠬᠤᠲᠠ ᠢ᠋ᠢᠨ ᠰᠠᠢᠬᠠᠨ ᠲᠤᠭᠤᠷᠢᠭ᠎ᠤᠨ《〈ᠭᠤᠷᠮᠤᠰᠤᠨ〉ᠲᠤᠬᠲᠠᠴᠠ ᠪᠡᠷ ᠦᠨᠳᠦᠰᠦᠨ ᠱᠠᠲᠤᠨ᠎ᠤ ᠵᠠᠰᠠᠯᠲᠠ᠎ᠶᠢ ᠠᠬᠢᠭᠤᠯᠵᠤ ᠪᠣᠳᠠᠲᠠᠢ ᠦᠷ᠎ᠡ ᠪᠦᠲᠦᠮᠵᠢ ᠤᠯᠤᠬᠰᠠᠨ》᠂ ᠬᠦᠬᠡᠬᠤᠲᠠ ᠢ᠋ᠢᠨ ᠲᠦᠮᠡᠳ ᠵᠡᠭᠦᠨ ᠬᠤᠰᠢᠭᠤᠨ᠎ᠤ ᠲᠠᠢᠭ᠎ᠠ ᠮᠤᠳᠤ ᠪᠠᠯᠭᠠᠰᠤᠨ᠎ᠤ《ᠦᠨᠳᠦᠰᠦᠨ ᠱᠠᠲᠤᠨ᠎ᠳᠤ ᠦᠨᠳᠦᠰᠦᠯᠡᠵᠦ ᠪᠦᠯᠬᠦᠮᠳᠡᠯ ᠎ᠤᠨ ᠴᠡᠴᠡᠭᠡᠰ᠎ᠢ  ᠪᠠᠲᠠᠷᠠᠨ ᠳᠡᠯᠭᠡᠷᠡᠭᠦᠯᠦᠭᠰᠡᠨ》᠂ ᠪᠤᠭᠤᠲᠤ ᠬᠤᠳᠠ᠎ᠶᠢᠨ ᠴᠢᠩᠱᠠᠨ ᠲᠣᠭᠣᠷᠢᠭ᠋ ᠎ᠤᠨ 《ᠴᠢᠩᠱᠠᠨ ᠠᠳᠠᠯ ᠠᠬᠤᠢ ᠢ᠋ᠢᠨ〈ᠰᠡᠳᠬᠢᠯ ᠢ᠋ ᠲᠤᠯᠠᠭᠠᠴᠠᠭᠤᠯᠤᠬᠰᠠᠨ ᠶᠠᠪᠤᠲᠠᠯ〉 ᠨᠡᠢᠭᠡᠮ ᠲᠣᠭᠣᠷᠢᠭ᠋᠎ᠤᠨ ᠲᠦᠭ ᠲᠦᠮᠡᠨ ᠭᠡᠷ ᠪᠦᠯᠢ ᠎ᠶᠢ ᠳᠤᠯᠠᠭᠠᠴᠠᠭᠤᠯᠤᠬᠰᠠᠨ》᠂ ᠣᠷᠳᠣᠰ ᠬᠤᠳᠠ᠎ᠶᠢᠨ ᠳᠠᠯᠠᠳ ᠬᠣᠰᠢᠭᠤᠨ᠎ᠤ ᠫᠢᠩ ᠶᠤᠸᠠᠨ ᠵᠡᠭᠡᠯᠢ ᠭᠤᠲᠤᠮᠵᠢ ᠢ᠋ᠢᠨ《〈5532〉ᠨᠠᠮ᠎ᠤᠨ ᠪᠠᠢᠭᠤᠯᠤᠯᠲᠠ᠎ᠶᠢᠨ ᠬᠣᠯᠪᠤᠭᠠᠯᠠᠨ ᠪᠠᠶ᠋ᠢᠭᠤᠯᠬᠤ ᠵᠠᠰᠠᠯᠲᠠ᠎ᠶᠢᠨ ᠨᠢᠭᠤᠴᠠ ᠨᠣᠮᠧᠷ ᠢ᠋ᠢᠡᠷ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠰᠢᠨ᠎ᠡ ᠠᠮᠢ ᠠᠬᠤᠢ᠎ᠶᠢ ᠲᠠᠬᠢᠨ ᠴᠣᠭᠴᠠᠯᠠᠬᠰᠠᠨ》 ᠵᠡᠷᠭᠡ 4 ᠬᠡᠷᠡᠭ᠎ᠦᠨ ᠵᠢᠱ᠌ᠢᠶ᠎ᠡ ᠪᠤᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号