ᠠᠵᠢᠯ᠎ᠠᠴᠠ᠎ᠪᠠᠨ ᠳᠠᠷᠬᠠᠯᠠᠭ᠍ᠳᠠᠬᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠰᠣᠶᠣᠯ ᠤᠨ ᠠᠮᠢᠳᠤᠷᠠᠯ ᠢ ᠪᠠᠶᠠᠯᠢᠭ᠍ᠵᠢᠭᠤᠯᠵᠤ᠂ ᠣᠷᠣᠨ᠎ᠤ ᠲᠥᠪ ᠬᠤᠲᠠ᠎ᠵᠢᠨ ᠨᠠᠰᠤᠲᠠᠢᠴᠤᠳ᠎ᠤᠨ ᠢᠳᠡᠪᠬᠢᠲᠡᠶ ᠪᠡᠷ ᠥᠭᠡᠳᠡᠯᠡᠨ ᠳᠠᠪᠱᠢᠬᠤ ᠴᠠᠭ ᠦᠶ᠎ᠡ᠎ᠶ᠋ᠢᠨ ᠳᠦᠷᠰᠦ ᠪᠠᠢᠳᠠᠯ᠎ᠢ ᠢᠯᠡᠷᠡᠭᠦᠯᠬᠦ᠌᠎ᠶ᠋ᠢᠨ ᠲᠥᠯᠥᠭᠡ ᠲᠦᠷᠦᠬᠦᠭᠡᠨ ᠬᠥᠬᠡᠬᠣᠲᠠ᠎ᠶ᠋ᠢᠨ ᠨᠠᠮ᠎ᠤᠨ ᠬᠣᠷᠢᠶ᠎ᠠ᠎ᠵᠢᠨ ᠠᠬᠠᠮᠠᠳ ᠺᠠᠳ᠋ᠷ᠎ᠤᠨ ᠲᠣᠪᠴᠢᠶ᠎ᠠ᠂ ᠬᠦᠬᠡᠬᠣᠲᠠ᠎ᠶ᠋ᠢᠨ ᠨᠠᠮ᠎ᠤᠨ ᠬᠣᠷᠢᠶ᠎ᠠ᠎ᠵᠢᠨ ᠨᠡᠢᠭᠡᠮ᠎ᠦᠨ ᠠᠵᠢᠯ᠎ᠤᠨ ᠬᠡᠯᠲᠡᠰ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠠᠴᠠ ᠬᠠᠮᠲᠤᠷᠠᠨ ᠬᠥᠬᠡᠬᠣᠲᠠ᠎ᠶ᠋ᠢᠨ ᠬᠣᠶᠠᠳᠤᠭᠠᠷ ᠬᠤᠭᠤᠴᠠᠭᠠᠨ᠎ᠤ ᠨᠠᠰᠤᠲᠠᠢᠴᠤᠳ ᠤᠨ ᠰᠣᠶᠣᠯ ᠤᠷᠠᠯᠢᠭ᠎ᠤᠨ ᠨᠠᠢᠷ᠎ᠢ ᠡᠷᠬᠢᠯᠡᠪᠡ᠃
ᠬᠦᠬᠡᠬᠣᠲᠠ ᠶ᠋ᠢᠨ ᠨᠠᠮ ᠤᠨ ᠬᠣᠷᠢᠶ᠎ᠠ ᠵᠢᠨ ᠠᠬᠠᠮᠠᠳ ᠺᠠᠳ᠋ᠷ᠎ᠤᠨ ᠲᠣᠪᠴᠢᠶ᠎ᠠ ᠠᠵᠢᠯ᠎ᠠᠴᠠ᠎ᠪᠠᠨ ᠳᠠᠷᠬᠠᠯᠠᠬᠳᠠᠬᠰᠠᠨ ᠠᠵᠢᠯ ᠡᠴᠡ ᠪᠠᠨ ᠠᠮᠠᠷᠠᠭ᠍ᠰᠠᠨ ᠺᠠᠳ᠋ᠷᠴᠤᠳ᠎ᠤᠨ ᠣᠶᠤᠨ ᠰᠠᠨᠠᠭ᠎ᠠ ᠰᠣᠶᠣᠯ᠎ᠤᠨ ᠦᠶ᠋ᠯᠡᠴᠢᠯᠡᠭᠡᠨ᠎ᠦ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠭᠠᠵᠠᠷ ᠣᠷᠣᠨ᠂ ᠡᠯ᠎ᠡ ᠨᠢᠭᠡᠴᠢ᠎ᠵᠢ ᠥᠷᠭᠡᠨ᠎ᠢᠶᠡᠷ ᠳᠠᠢᠴᠢᠯᠠᠨ᠂ ᠲᠣᠰ ᠤᠳᠠᠭ᠎ᠠ ᠵᠢᠨ ᠨᠠᠢᠷ᠎ᠲᠤ ᠠᠵᠢᠯ᠎ᠠᠴᠠ᠎ᠪᠠᠨ ᠲᠠᠷᠬᠠᠯᠠᠬᠳᠠᠬᠰᠠᠨ ᠠᠵᠢᠯ ᠡᠴᠡ ᠪᠠᠨ ᠠᠮᠠᠷᠠᠬᠰᠠᠨ ᠺᠠᠳ᠋ᠷᠴᠤᠳ᠎ᠢᠶᠠᠷ ᠪᠦᠷᠢᠯᠳᠦᠭ᠌ᠰᠡᠨ 30 ᠪᠦᠯᠬᠦᠮ ᠨᠡᠢᠲᠡ᠎ᠵᠢᠨ 90 ᠲᠣᠭ᠍ᠯᠠᠯᠲᠠ᠎ᠶ᠋ᠢ ᠰᠣᠩᠭᠣᠨ ᠬᠦᠷᠭᠡᠪᠡ᠃ ᠲᠣᠭ᠍ᠯᠠᠯᠲᠠ ᠨᠢ ᠳᠠᠭᠤᠤ᠂ ᠪᠥᠵᠢᠭ᠂ ᠬᠦᠭᠵᠢᠮ᠂ ᠦᠭᠡ ᠬᠡᠯᠡᠨ᠎ᠤ ᠤᠷᠠᠯᠢᠭ ᠳᠥᠷᠪᠡᠨ ᠶᠡᠬᠡ ᠤᠷᠠᠯᠢᠭ᠎ᠤᠨ ᠲᠥᠷᠥᠯ᠎ᠢ ᠬᠠᠮᠤᠷᠴᠤ᠌᠂ ᠠᠬᠠᠮᠠᠳ ᠨᠥᠬᠥᠳ ᠣᠯᠠᠨ ᠶᠠᠩᠵᠤ᠎ᠶ᠋ᠢᠨ ᠤᠷᠠᠯᠢᠭ᠎ᠤᠨ ᠬᠡᠯᠪᠡᠷᠢ᠎ᠪᠡᠷ ᠭᠦᠨ ᠵᠤᠵᠠᠭᠠᠨ ᠤᠷᠠᠯᠢᠭ᠎ᠤᠨ ᠬᠡᠪ ᠪᠣᠯᠪᠠᠰᠤᠷᠠᠯ ᠵᠢᠡᠨ ᠳᠡᠯᠭᠡᠨ ᠦᠵᠡᠬᠦᠯᠵᠦ᠂ ᠥᠲᠡᠯᠬᠦ ᠡᠴᠡ ᠬᠢᠬᠦ᠌ ᠵᠦᠶ᠋ᠯ᠎ᠲᠡᠶ᠂ ᠦᠳᠡᠯᠬᠦ ᠡᠴᠡ ᠪᠠᠶᠠᠷ ᠪᠠᠶᠠᠰᠤᠯ᠎ᠲᠠᠶ ᠪᠠᠢᠬᠤ ᠣᠶᠤᠨ ᠰᠠᠨᠠᠭᠠᠨ᠎ᠤ ᠬᠥᠭᠡᠭᠡᠴᠡᠯᠳᠦᠯ᠎ᠢ ᠭᠦᠶ᠋ᠴᠡᠳ ᠢᠯᠡᠷᠡᠭᠦᠯᠪᠡ᠃ ᠲᠣᠰ ᠤᠳᠠᠭᠠᠨ᠎ᠤ ᠠᠵᠢᠯᠯᠠᠭ᠎ᠠ ᠨᠢ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠲᠤ ᠤᠬᠢ ᠱᠢᠯᠢᠳᠡᠭ ᠰᠣᠯᠢᠯᠴᠠᠭᠠᠨ᠎ᠤ ᠦᠵᠡᠭᠦᠯᠭᠡ᠎ᠶ᠋ᠢᠨ ᠲᠠᠪᠴᠠᠩ ᠬᠠᠩᠭᠠᠵᠤ᠂ ᠨᠠᠩ ᠴᠤ᠌ ᠨᠠᠰᠤᠲᠠᠢᠴᠤᠳ᠎ᠤᠨ ᠨᠡᠢᠭᠡᠮ᠎ᠦᠨ ᠪᠠᠢᠭᠤᠯᠤᠯᠲᠠ᠎ᠳᠤ ᠣᠷᠣᠯᠴᠠᠬᠤ ᠬᠦᠴᠦᠨ ᠴᠢᠳᠠᠯ᠎ᠢ ᠨᠢᠭ᠍ᠲᠠᠷᠠᠭᠤᠯᠪᠠ᠃
ᠲᠠᠷᠠᠭᠠᠴᠢ᠎ᠶ᠋ᠢᠨ ᠠᠯᠬᠤᠮ᠎ᠳᠤ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠎ᠵᠢᠨ ᠠᠬᠠᠮᠠᠳ ᠺᠠᠳ᠋ᠷ᠎ᠤᠨ ᠲᠣᠪᠴᠢᠶ᠎ᠠ ᠬᠥᠬᠡᠬᠣᠲᠠ᠎ᠶ᠋ᠢᠨ ᠨᠠᠰᠤᠲᠠᠢᠴᠤᠳ᠎ᠤᠨ ᠰᠣᠶᠣᠯ᠎ᠤᠨ ᠠᠵᠢᠯᠯᠠᠭ᠎ᠠ᠎ᠶ᠋ᠢᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠍᠂ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠣᠶᠤᠨ ᠰᠠᠨᠠᠭ᠎ᠠ ᠰᠣᠶᠣᠯ᠎ᠤᠨ ᠦᠶ᠋ᠯᠡᠴᠢᠯᠡᠭᠡᠨ᠎ᠦ ᠬᠦᠷᠢᠶ᠎ᠡ ᠴᠠᠷᠡᠭᠠᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠲᠡᠶ ᠣᠢᠷᠠᠲᠤᠭ᠍ᠰᠠᠨ᠂ ᠬᠠᠢᠷ᠎ᠠ ᠬᠠᠯᠠᠮᠵᠢ᠎ᠲᠠᠶ ᠥᠪᠡᠷᠮᠢᠴᠡ ᠣᠨᠴᠠᠯᠢᠭ᠎ᠲᠠᠶ ᠠᠵᠢᠯᠯᠠᠭ᠎ᠠ᠎ᠶ᠋ᠢ ᠨᠠᠩ ᠣᠯᠠᠨ ᠲᠥᠰᠦᠪᠯᠡᠨ ᠭᠠᠷᠭᠠᠵᠤ᠂ ᠪᠤᠭᠤᠷᠤᠯᠴᠤᠳ᠎ᠤᠨ ᠴᠣᠭ ᠵᠢᠪᠬᠤᠭ᠎ᠠ ᠶ᠋ᠢ ᠦᠷᠭᠦᠯᠵᠢᠯᠡᠨ ᠪᠠᠳᠠᠷᠠᠭᠤᠯᠵᠤ᠂ ᠬᠥᠬᠡᠬᠣᠲᠠ᠎ᠶ᠋ᠢᠨ ᠰᠣᠶᠣᠯ᠎ᠤᠨ ᠦᠶ᠋ᠯᠡᠰ᠎ᠦᠨ ᠬᠥᠭ᠌ᠵᠢᠯ ᠴᠡᠴᠡᠭ᠌ᠯᠡᠯ᠎ᠳᠦ ᠬᠦᠴᠦᠨ ᠨᠡᠮᠡᠷᠢᠯᠡᠬᠦ ᠪᠤᠯᠤᠨ᠎ᠠ᠃