ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ ᠎ᠤ ᠮᠡᠳᠡᠭᠳᠡᠯ !
2025-12-27 15:16:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠭᠠᠵᠠᠷ ᠰᠢᠷᠤᠢ ᠬᠡᠷᠡᠭᠯᠡᠬᠦ᠌  ᠬᠢᠨᠠᠨ ᠵᠥᠪᠰᠢᠶᠡᠷᠡᠬᠦ᠌ ᠡᠷᠬᠡ ᠵᠢ ᠣᠯᠭᠣᠬᠤ ᠪᠠ

ᠨᠠᠶ᠋ᠢᠳᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ

ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

ᠥᠪᠥᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ

ᠵᠠᠰᠠᠭ᠎ᠤᠨ ᠤᠷᠳᠤᠨ᠎ᠤ ᠲᠠᠷᠬᠠᠭᠠᠬᠰᠠᠨ [2025] 22 ᠳ᠋ᠤᠭᠠᠷ ᠲᠣᠭᠠᠲᠤ᠌


ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ᠍ ᠠᠵᠤ ᠠᠬᠤᠶ᠋ᠢᠯᠠᠯ᠂ ᠠᠵᠢᠯ ᠦᠢᠯᠡᠰ᠎ᠦᠨ ᠨᠢᠭᠡᠴᠢ᠎ᠳᠦ᠄

ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯ ᠎ᠤᠨ ᠵᠣᠷᠢᠭ ᠰᠠᠨᠠᠭ᠎ᠠ᠎ᠶᠢ ᠬᠢᠨᠠᠮᠠᠭᠠᠶ ᠨᠠᠶ᠋ᠢᠳᠠᠪᠤᠷᠢᠵᠢᠭᠤᠯᠵᠤ᠂ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ ᠪᠠᠲᠤ᠌ ᠴᠣᠭᠴᠠᠯᠠᠬᠤ ᠠᠵᠢᠯ ᠎ᠤᠨ ᠭᠣᠣᠯ ᠰᠢᠵᠢᠮ᠎ᠦᠨ ᠲᠣᠭᠣᠷᠢᠨ᠎ᠳᠤ᠂ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠍᠂ ᠭᠠᠵᠠᠷ ᠰᠢᠷᠣᠶ ᠬᠡᠷᠡᠭᠯᠡᠬᠦ᠌᠎ᠶᠢ ᠬᠢᠨᠠᠨ ᠵᠥᠪᠰᠢᠶᠡᠷᠡᠬᠦ᠌ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌᠎ᠶᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ᠎ᠶᠢᠨ ᠬᠠᠮᠢᠶᠠᠷᠤᠯᠲᠠ᠎ᠶᠢᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ᠎ᠶᠢᠨ ᠬᠠᠮᠢᠶᠠᠷᠤᠯᠲᠠ᠎ᠶᠢᠨ ᠬᠠᠤᠯᠢ〉 ᠵᠢ ᠬᠡᠷᠡᠭᠵᠢᠭᠦᠯᠬᠦ᠌ ᠠᠷᠭ᠎ᠠ》 ᠵᠡᠷᠭᠡ  ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠡᠳᠦᠭᠡ ᠭᠠᠵᠠᠷ ᠰᠢᠷᠣᠶ ᠬᠡᠷᠡᠭᠯᠡᠬᠦ᠌ ᠬᠢᠨᠠᠨ ᠵᠥᠪᠰᠢᠶᠡᠷᠡᠬᠦ᠌ ᠡᠷᠬᠡ ᠵᠢ ᠣᠯᠭᠣᠬᠤ ᠪᠠ ᠨᠠᠶ᠋ᠢᠳᠠᠬᠤ ᠲᠤᠬᠠᠢ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ᠍ ᠮᠡᠳᠡᠭᠳᠡᠪᠡ᠃

ᠨᠢᠭᠡ᠂ ᠡᠷᠬᠡ ᠣᠯᠭᠣᠬᠤ ᠪᠠ ᠨᠠᠶ᠋ᠢᠳᠠᠬᠤ ᠵᠦᠢᠯᠡᠰ

(ᠨᠢᠭᠡ)ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠬᠡ ᠮᠡᠳᠡᠯ᠎ᠦᠨ ᠳᠣᠲᠣᠷ᠎ᠠ ᠵᠥᠪᠰᠢᠶᠡᠷᠡᠭᠰᠡᠨ ᠤᠯᠤᠰ᠎ᠤᠨ ᠭᠠᠵᠠᠷ ᠰᠢᠷᠣᠶ᠎ᠶᠢᠨ ᠣᠷᠣᠨ ᠵᠠᠶ᠎ᠶᠢᠨ ᠲᠥᠯᠥᠪᠵᠢᠭᠦᠯᠭᠡ᠎ᠳᠦ ᠲᠣᠭᠲᠠᠭᠠᠭᠰᠠᠨ ᠬᠣᠲᠠ ᠪᠠ ᠠᠶ᠋ᠢᠯ ᠲᠣᠰᠬᠣᠨ᠂ ᠴᠤᠭᠯᠠᠭ᠎ᠠ ᠪᠠᠯᠭᠠᠰᠤ᠎ᠶᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ᠌ ᠭᠠᠵᠠᠷ᠎ᠤᠨ ᠬᠡᠪᠴᠢᠶᠡᠨ ᠳᠣᠲᠣᠷ᠎ᠠ᠂ ᠭᠠᠵᠠᠷ ᠰᠢᠷᠣᠶ ᠵᠢ ᠠᠰᠢᠭᠯᠠᠬᠤ ᠣᠨ᠎ᠤ ᠲᠥᠯᠥᠪᠯᠡᠭᠡ᠎ᠶᠢᠨ ᠶᠣᠰᠣᠭᠠᠷ ᠪᠦᠯᠦᠭ ᠤᠳᠠᠭ᠎ᠠ ᠬᠤᠪᠢᠶᠠᠨ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠠᠴᠠ ᠪᠤᠰᠤᠳ ᠲᠠᠷᠢᠶᠠᠯᠠᠩ᠎ᠳᠤ ᠬᠡᠷᠡᠭᠯᠡᠬᠦ᠌ ᠭᠠᠵᠠᠷ᠎ᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ᠌ ᠭᠠᠵᠠᠷ ᠪᠣᠯᠭᠠᠨ ᠬᠤᠪᠢᠷᠠᠭᠤᠯᠬᠤ ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠶ᠋ᠢᠮᠠᠭ᠎ᠤᠨ ᠵᠠᠬᠢᠷᠭ᠎ᠠ᠂ ᠲᠣᠭᠣᠷᠢᠭ ᠪᠠᠢᠭᠤᠯᠤᠬᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠨ ᠵᠥᠪᠰᠢᠶᠡᠷᠡᠭᠦᠯᠦᠨ᠎ᠡ᠃

(ᠬᠣᠶᠠᠷ)ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠬᠡ ᠮᠡᠳᠡᠯ᠎ᠤᠨ ᠳᠣᠲᠣᠷ᠎ᠠ ᠵᠥᠪᠰᠢᠶᠡᠷᠡᠭᠰᠡᠨ ᠤᠯᠤᠰ᠎ᠦᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠥᠪᠵᠢᠭᠦᠯᠭᠡ᠎ᠳᠤ ᠲᠣᠭᠲᠠᠭᠠᠭᠰᠠᠨ ᠬᠤᠳᠠ ᠪᠠ ᠠᠶ᠋ᠢᠯ ᠲᠣᠰᠬᠣᠨ᠂ ᠴᠤᠭᠯᠠᠭ᠎ᠠ ᠪᠠᠯᠭᠠᠰᠤ᠎ᠶᠢᠨ ᠪᠥᠳᠥᠭᠡᠨ ᠪᠠᠶ᠋ᠢᠭᠤᠯᠤᠯᠲᠠ᠎ᠳᠤ ᠬᠡᠷᠡᠭᠯᠡᠬᠦ᠌ ᠭᠠᠵᠠᠷ᠎ᠦᠨ ᠬᠡᠪᠴᠢᠶᠡᠨ᠎ᠲᠤᠳᠤᠷ᠎ᠠ᠂ ᠭᠠᠵᠠᠷ ᠰᠢᠷᠣᠢ ᠵᠢ ᠠᠰᠢᠭᠯᠠᠬᠤ ᠣᠨ᠎ᠤ ᠲᠥᠯᠥᠪᠯᠡᠭᠡ᠎ᠶᠢᠨ ᠶᠣᠰᠣᠭᠠᠷ ᠪᠦᠯᠦᠭ ᠤᠳᠠᠭ᠎ᠠ ᠬᠤᠪᠢᠶᠠᠨ ᠪᠥᠳᠥᠭᠡᠨ ᠪᠠᠶ᠋ᠢᠭᠤᠯᠤᠯᠲᠠ ᠬᠢᠬᠦ᠌᠎ᠳᠦ ᠬᠤᠯᠪᠤᠬᠳᠠᠬᠤ ᠡᠭᠦᠷᠢᠳᠡ ᠎ᠶᠢᠨ ᠦᠨᠳᠦᠰᠦᠨ ᠲᠠᠷᠢᠶᠠᠨ ᠭᠠᠵᠠᠷ᠎ᠠᠴᠠ ᠪᠤᠰᠤᠳ 35 ᠡᠾᠸᠺᠲ᠋ᠡᠷ ᠡᠴᠡ ᠦᠯᠦ  ᠬᠡᠲᠦᠷᠡᠬᠦ᠌ ᠲᠠᠷᠢᠶᠠᠨ ᠭᠠᠵᠠᠷ᠂ 70 ᠡᠾᠸᠺᠲ᠋ᠡᠷ ᠡᠴᠡ ᠦᠯᠦ ᠬᠡᠲᠦᠷᠡᠬᠦ᠌ ᠪᠤᠰᠤᠳ ᠭᠠᠵᠠᠷ ᠰᠢᠷᠣᠢ ᠵᠢ ᠬᠤᠷᠢᠶᠠᠨ ᠠᠪᠬᠤ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠦᠨ ᠵᠠᠰᠠᠭ᠎ᠦᠨ ᠣᠷᠳᠣᠨ᠎ᠠᠴᠠ ᠠᠶ᠋ᠢᠮᠠᠭ᠎ᠦᠨ ᠵᠠᠬᠢᠷᠭ᠎ᠠ᠂ ᠲᠣᠭᠣᠷᠢᠭ᠎ᠪᠠᠢᠭᠤᠯᠤᠬᠰᠠᠨ ᠬᠤᠳᠠ᠎ᠶᠢᠨ ᠠᠷᠠᠳ᠎ᠤᠨ ᠵᠠᠰᠠᠭ᠎ᠦᠨ ᠣᠷᠳᠣᠨ᠎ᠳᠤ ᠨᠠᠶ᠋ᠢᠳᠠᠵᠤ ᠵᠥᠪᠰᠢᠶᠡᠷᠡᠭᠦᠯᠦᠨ᠎ᠡ᠃

(ᠭᠤᠷᠪᠠ) ᠳᠡᠭᠡᠷᠡᠬᠢ ᠡᠷᠬᠡ ᠣᠯᠭᠣᠭᠰᠠᠨ ᠪᠠ ᠨᠠᠶ᠋ᠢᠳᠠᠭᠰᠠᠨ ᠵᠦᠢᠯᠡᠰ᠎ᠲᠦ᠍ ᠮᠠᠨᠵᠤᠤᠷ ᠬᠣᠲᠠ᠂ ᠡᠷᠢᠶᠡᠨ ᠬᠣᠲᠠ ᠪᠠᠭᠲᠠᠬᠤ ᠥᠬᠡᠶ᠃

ᠬᠣᠶᠠᠷ᠂ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ

ᠡᠯ᠎ᠡ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠪᠠᠢᠭᠤᠯᠤᠬᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠡᠷᠬᠡ ᠣᠯᠭᠣᠬᠤ ᠪᠠ ᠨᠠᠶ᠋ᠢᠳᠠᠬᠤ ᠵᠦᠢᠯᠡᠰ᠎ᠤᠨ ᠲᠤᠬᠠᠢ ᠵᠣᠬᠢᠶᠠᠨ ᠪᠠᠶ᠋ᠢᠭᠤᠯᠤᠯᠳᠠ ᠤᠳᠤᠷᠢᠳᠤᠯᠭ᠎ᠠ ᠪᠠᠨ ᠴᠢᠩᠭᠠᠳᠬᠠᠵᠤ᠂ ᠳᠠᠭᠠᠭᠠᠨ ᠠᠪᠬᠤ ᠬᠠᠷᠢᠭᠤᠴᠠᠯᠭ᠎ᠠ᠎ᠪᠠᠨ ᠦᠨᠡᠨᠬᠦ᠌ ᠭᠦᠢᠴᠡᠳᠬᠡᠨ᠂ ᠪᠣᠳᠠᠲᠤ ᠪᠠᠢᠳᠠᠯ ᠎ᠲᠠᠶ᠎ᠪᠠᠨ ᠤᠶᠠᠯᠳᠤᠭᠤᠯᠤᠨ ᠠᠵᠢᠯ᠎ᠤᠨ ᠲᠥᠰᠦᠯ ᠲᠣᠭᠲᠠᠭᠠᠵᠤ᠂ ᠲᠥᠬᠥᠷᠵᠢᠭᠦᠯᠬᠦ᠌ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠬᠦ᠌ ᠬᠡᠷᠡᠭᠲᠡᠶ; ᠳᠠᠭᠠᠭᠠᠨ ᠠᠪᠤᠭᠰᠠᠨ ᠭᠠᠵᠠᠷ ᠰᠢᠷᠤᠢ ᠬᠡᠷᠡᠭᠯᠡᠬᠦ᠌  ᠬᠢᠨᠠᠨ ᠵᠥᠪᠰᠢᠶᠡᠷᠡᠬᠦ᠌ ᠡᠷᠬᠡ᠎ᠶᠢ ᠴᠢᠨᠠᠬᠰᠢᠳᠠ ᠡᠷᠬᠡ ᠣᠯᠭᠣᠬᠤ ᠪᠤᠶᠤ ᠨᠠᠶ᠋ᠢᠳᠠᠵᠤ ᠪᠣᠯᠬᠤ ᠥᠬᠡᠶ; ᠨᠡᠶ᠋ᠢᠭᠡᠮ᠎ᠦᠨ ᠬᠢᠨᠠᠯᠲᠠ ᠵᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠵᠦ᠍᠂ ᠡᠷᠬᠡ ᠣᠯᠭᠣᠬᠤ ᠪᠠ ᠨᠠᠶ᠋ᠢᠳᠠᠬᠤ ᠵᠦᠢᠯᠡᠰ᠎ᠦᠨ ᠬᠡᠪᠴᠢᠶᠡᠨ ᠳ᠋ᠡᠬᠢ ᠮᠡᠳᠡᠭᠡ ᠵᠠᠩᠭᠢ᠎ᠶᠢ ᠢᠯᠡ ᠪᠣᠯᠭᠠᠬᠤ᠂ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠭᠦᠯᠬᠦ᠌᠎ᠳᠦ ᠬᠠᠷᠢᠭᠤᠯᠲᠠ ᠥᠭᠬᠦ᠌᠂ ᠵᠠᠰᠠᠭ ᠵᠠᠬᠢᠷᠭᠠᠨ᠎ᠤ ᠵᠠᠷᠭᠤ ᠵᠢ ᠬᠦᠯᠢᠶᠡᠬᠦ᠌ ᠵᠡᠷᠭᠡ ᠪᠣᠳᠠᠲᠠᠶ ᠠᠵᠢᠯ᠎ᠢ ᠬᠢᠨᠠᠮᠠᠭᠠᠶ ᠰᠠᠶ᠋ᠢᠲᠤᠷ ᠬᠢᠬᠦ᠌ ᠬᠡᠷᠡᠭᠲᠡᠶ᠃ ᠨᠢᠭᠤᠴᠠ᠎ᠶᠢ ᠬᠠᠮᠠᠭᠠᠯᠠᠬᠤ ᠬᠡᠷᠡᠭᠴᠡᠭᠡ᠎ᠡᠴᠡ ᠭᠠᠳᠠᠨ᠎ᠠ᠂ ᠲᠠᠭᠠᠭᠠᠨ ᠠᠪᠤᠭᠰᠠᠨ ᠡᠷᠬᠡ ᠣᠯᠭᠣᠬᠤ ᠪᠠ ᠨᠠᠶ᠋ᠢᠳᠠᠬᠤ ᠵᠦᠢᠯᠡᠰ᠎ᠢ ᠴᠥᠮ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠴᠡᠭᠡ ᠵᠢ ᠵᠠᠬᠢᠷᠤᠨ ᠬᠠᠮᠢᠶᠠᠷᠬᠤ  ᠬᠢᠨᠠᠯᠳᠠ ᠬᠠᠮᠢᠶᠠᠷᠤᠯᠳᠠ ᠵᠢᠨ ᠰᠢᠰᠲ᠋ᠧᠮ》ᠵᠢᠡᠷ ᠳᠠᠮᠵᠢᠭᠤᠯᠤᠨ ᠭᠦᠢᠴᠡᠳᠬᠡᠬᠦ᠌ ᠬᠡᠷᠡᠭᠲᠡᠶ᠃

ᠡᠯ᠎ᠡ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠪᠠᠢᠭᠤᠯᠤᠬᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ  ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠤᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ ᠶᠣᠰᠣᠭᠠᠷ ᠬᠡᠷᠡᠭᠯᠡᠬᠦ᠌ ᠭᠠᠵᠠᠷ ᠰᠢᠷᠤᠢ ᠵᠢ  ᠴᠢᠩᠭ᠎ᠠ ᠬᠢᠨᠠᠨ ᠬᠠᠷᠭᠤᠭᠤᠯᠵᠤ᠂ ᠲᠠᠷᠢᠶᠠᠨ ᠭᠠᠵᠠᠷ᠎ᠢ ᠦᠨᠡᠨᠬᠦ᠌ ᠬᠠᠮᠠᠭᠠᠯᠠᠵᠤ᠂ ᠭᠠᠵᠠᠷ ᠰᠢᠷᠤᠢ  ᠵᠢ ᠠᠷᠪᠢᠲᠠᠶ ᠡᠷᠴᠢᠮᠯᠢᠭ  ᠬᠡᠷᠡᠭᠯᠡᠬᠦ᠌ ᠬᠡᠷᠡᠭᠲᠡᠶ᠃ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠳᠤ ᠬᠣᠯᠪᠣᠭᠳᠠᠭᠰᠠᠨ ᠡᠰᠡᠬᠦ᠌᠂ ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠬᠦ᠌ ᠵᠠᠭᠠᠭ ᠬᠢᠵᠠᠭᠠᠷ᠎ᠤᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠳᠤ ᠨᠡᠶ᠋ᠢᠴᠡᠬᠦ ᠡᠰᠡᠬᠦ᠌᠎ᠶᠢ ᠴᠢᠩᠭ᠎ᠠ ᠬᠢᠨᠠᠨ ᠪᠠᠶ᠋ᠢᠴᠠᠭᠠᠬᠤ ᠬᠡᠷᠡᠭᠳᠡᠢ; ᠬᠠᠮᠲᠤ ᠎ᠶᠢᠨ ᠭᠠᠵᠠᠷ ᠰᠢᠷᠣᠶ᠎ᠶᠢ ᠲᠠᠲᠠᠪᠤᠷᠢᠯᠠᠬᠤ᠎ ᠳᠤ ᠬᠣᠯᠪᠣᠭᠳᠠᠪᠠᠯ᠂ ᠲᠠᠲᠠᠪᠤᠷᠢᠯᠠᠬᠤ ᠪᠠᠶ᠋ᠢᠳᠠᠯ᠎ᠳᠤ ᠨᠡᠶ᠋ᠢᠴᠡᠬᠦ᠌ ᠡᠰᠡᠬᠦ᠌᠂ ᠭᠠᠵᠠᠷ ᠲᠠᠲᠠᠪᠤᠷᠢᠯᠠᠬᠤ᠎ᠠᠴᠠ ᠡᠮᠦᠨᠡᠬᠢ ᠳᠡᠰ ᠳᠠᠷᠠᠭᠠᠯᠠᠯ᠎ᠢ ᠬᠠᠤᠯᠢ ᠶᠣᠰᠣᠭᠠᠷ ᠭᠦᠢᠴᠡᠳᠬᠡᠭᠰᠡᠨ ᠡᠰᠡᠬᠦ᠌᠂ ᠭᠠᠵᠠᠷ᠎ᠢᠶᠠᠨ ᠲᠠᠲᠠᠪᠤᠷᠢᠯᠠᠭᠤᠯᠬᠤ ᠲᠠᠷᠢᠶᠠᠴᠢᠨ ᠮᠠᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ᠌ ᠬᠠᠮᠠᠭᠠᠯᠠᠭᠰᠠᠨ ᠡᠰᠡᠬᠦ᠌᠎ᠶᠢ ᠭᠣᠣᠯᠳᠠᠯᠭ᠎ᠠ᠎ᠲᠠᠶ ᠬᠢᠨᠠᠨ ᠪᠠᠶ᠋ᠢᠴᠠᠭᠠᠬᠤ ᠬᠡᠷᠡᠭᠲᠡᠶ᠃ ᠨᠥᠬᠥᠴᠡᠯ᠎ᠳᠦ ᠨᠡᠶ᠋ᠢᠴᠡᠬᠦ᠌ ᠭᠠᠵᠠᠷ ᠰᠢᠷᠤᠢ ᠬᠡᠷᠡᠭᠯᠡᠬᠦ᠌ ᠭᠤᠶᠤᠴᠢᠯᠠᠯ᠎ᠢ ᠴᠠᠭ ᠲᠤᠬᠠᠢ ᠳ᠋ᠤᠨᠢ ᠵᠣᠬᠢᠶᠠᠨ ᠪᠠᠶ᠋ᠢᠭᠤᠯᠤᠨ ᠬᠢᠨᠠᠨ ᠪᠠᠶ᠋ᠢᠴᠠᠭᠠᠬᠤ᠎ᠶᠢᠨ ᠬᠠᠮᠲᠤ᠌ ᠴᠤᠬᠤᠯᠠᠪᠤᠷᠢᠯᠠᠬᠤ ᠳᠡᠰ ᠳᠠᠷᠠᠭᠠᠯᠠᠯ᠎ᠢ ᠭᠦᠢᠴᠡᠳᠬᠡᠵᠦ᠍᠂ ᠬᠢᠨᠠᠨ ᠵᠥᠪᠰᠢᠶᠡᠷᠡᠬᠦ᠌ ᠦᠷ᠎ᠡ ᠪᠦᠲᠦᠮᠵᠢ᠎ᠵᠢ ᠲᠠᠰᠤᠷᠠᠯᠲᠠ ᠦᠭᠡᠢ ᠳᠡᠭᠡᠭᠰᠢᠯᠡᠭᠦᠯᠬᠦ᠌ ᠬᠡᠷᠡᠭᠲᠡᠶ᠃ ᠵᠢᠯ ᠪᠦᠷᠢ᠎ᠶᠢᠨ 1 ᠰᠠᠷ᠎ᠠ᠎ᠶᠢᠨ ᠡᠴᠦᠰ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠭᠡᠷ᠎ᠡ ᠨᠢᠭᠡ ᠵᠢᠯ᠎ᠦᠨ ᠭᠠᠵᠠᠷ ᠰᠢᠷᠤᠢ ᠬᠡᠷᠡᠭᠯᠡᠬᠦ᠌᠎ᠶᠢ ᠬᠢᠨᠠᠨ ᠵᠥᠪᠰᠢᠶᠡᠷᠡᠭᠰᠡᠨ ᠵᠦᠢᠯᠡᠰ᠎ᠢ ᠭᠦᠢᠴᠡᠳᠬᠡᠭᠰᠡᠨ ᠪᠠᠶ᠋ᠢᠳᠠᠯ᠎ᠢᠶᠠᠨ ᠮᠡᠳᠡᠭᠦᠯᠬᠦ᠌ ᠬᠡᠷᠡᠭᠲᠡᠶ᠃

ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠭᠠᠵᠠᠷ ᠰᠢᠷᠤᠢ ᠬᠡᠷᠡᠭᠯᠡᠬᠦ᠌᠎ᠶᠢ ᠬᠢᠨᠠᠨ ᠵᠥᠪᠰᠢᠶᠡᠷᠡᠬᠦ᠌ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ᠎ᠶᠢ ᠰᠠᠶ᠋ᠢᠲᠤᠷ ᠬᠢᠵᠦ᠍᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭᠠᠷᠠᠭᠤᠯᠤᠨ᠂ ᠬᠢᠨᠠᠨ ᠵᠥᠪᠰᠢᠶᠡᠷᠡᠬᠦ᠌ ᠲᠡᠰ ᠲᠠᠷᠠᠭᠠᠯᠠᠯ᠎ᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ᠌ ᠲᠦᠷᠢᠮ᠎ᠢ ᠪᠦᠷᠢᠨᠰᠢᠭᠦᠯᠬᠦ ᠬᠡᠷᠡᠭᠳᠡᠢ᠃ ᠡᠯ᠎ᠡ ᠭᠠᠵᠠᠷ ᠣᠷᠣᠨ᠎ᠤ ᠳᠠᠭᠠᠭᠠᠨ ᠠᠪᠤᠭᠰᠠᠨ ᠭᠠᠵᠠᠷ ᠰᠢᠷᠤᠢ ᠬᠡᠷᠡᠭᠯᠡᠬᠦ᠌᠎ᠶᠢ ᠬᠢᠨᠠᠨ ᠵᠥᠪᠰᠢᠶᠡᠷᠡᠬᠦ᠌ ᠵᠦᠢᠯᠡᠰ᠎ᠲᠦ᠍ ᠲᠣᠭᠲᠠᠮᠠᠯ ᠬᠤᠭᠤᠴᠠᠭ᠎ᠠ᠎ᠲᠠᠶ᠎ᠪᠠᠷ ᠪᠠᠶ᠋ᠢᠴᠠᠭᠠᠬᠤ ᠪᠠ ᠲᠠᠰᠢᠷᠠᠮ ᠳᠠᠭᠠᠤ ᠰᠤᠭᠤᠴᠢᠨ ᠪᠠᠶ᠋ᠢᠴᠠᠭᠠᠯᠳᠠ ᠥᠷᠨᠢᠭᠦᠯᠦᠨ᠂ ᠣᠷᠣᠰᠢᠵᠤ ᠪᠠᠢᠭ᠎ᠠ ᠠᠰᠠᠭᠤᠳᠠᠯ᠎ᠢ ᠴᠠᠭ ᠲᠤᠬᠠᠶ᠎ᠳᠤᠨᠢ ᠱᠠᠯᠠᠪᠳᠠᠭᠤᠯᠤᠨ ᠵᠠᠯᠠᠷᠠᠭᠤᠯᠵᠤ᠂ ᠬᠤᠳᠠᠯ ᠬᠠᠭᠤᠷᠮᠠᠭ ᠵᠣᠬᠢᠶᠠᠬᠤ᠂ ᠬᠠᠤᠯᠢ ᠲᠣᠭᠲᠠᠭᠠᠯ᠎ᠠᠴᠠ ᠵᠥᠷᠢᠴᠡᠵᠦ᠍ ᠬᠢᠨᠠᠨ ᠵᠥᠪᠰᠢᠶᠡᠷᠡᠬᠦ᠌ ᠵᠡᠷᠭᠡ ᠴᠢᠬᠤᠯᠠ ᠶᠡᠬᠡ ᠠᠰᠠᠭᠤᠳᠠᠯ᠎ᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠮᠡᠳᠡᠭᠦᠯᠵᠦ᠍᠂ ᠡᠷᠬᠡ ᠣᠯᠭᠣᠭᠰᠠᠨ ᠪᠠ ᠨᠠᠶ᠋ᠢᠳᠠᠭᠰᠠᠨ ᠵᠦᠢᠯᠡᠰ᠎ᠢ ᠬᠣᠷᠢᠶᠠᠨ ᠠᠪᠬᠤ᠎ᠪᠠᠷ ᠳᠤᠷᠠᠳᠤᠨ ᠳᠡᠪᠰᠢᠭᠦᠯᠬᠦ᠌ ᠬᠡᠷᠡᠭᠲᠡᠶ᠃

ᠲᠣᠰ ᠮᠡᠳᠡᠭᠳᠡᠯ᠎ᠢ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ᠌᠎ᠡᠴᠡ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠨᠢᠭᠡᠨᠲᠡ ᠭᠤᠶᠤᠴᠢᠯᠠᠭᠰᠠᠨ ᠭᠠᠵᠠᠷ ᠰᠢᠷᠤᠢ ᠬᠡᠷᠡᠭᠯᠡᠬᠦ᠌᠎ᠶᠢ ᠬᠢᠨᠠᠨ ᠵᠥᠪᠰᠢᠶᠡᠷᠡᠬᠦᠯᠬᠦ ᠵᠦᠢᠯᠡᠰ ᠎ᠢ ᠤᠤᠯ᠎ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

 

2025 ᠣᠨ᠎ᠤ 12 ᠰᠠᠷ᠎ᠠ᠎ᠶᠢᠨ 23 ᠎ᠤ ᠡᠳᠦᠷ

(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号