ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》 ᠢ᠋ ᠰᠤᠨᠳᠠᠯᠠᠭᠰᠠᠨ ᠮᠠᠨ ᠤ᠋ ᠤᠯᠤᠰ ᠤ᠋ᠨ ᠤᠮᠠᠷᠠᠲᠤ ᠵᠢᠨ ᠲᠠᠯᠠᠪᠠᠢ ᠪᠡᠷ ᠬᠠᠮᠤᠭ ᠤ᠋ᠨ ᠶᠡᠬᠡ᠂ ᠲᠦᠷᠦᠯ ᠵᠦᠢᠯ ᠵᠢᠡᠷ ᠬᠠᠮᠤᠭ ᠤ᠋ᠨ ᠪᠦᠷᠢᠨ ᠠᠮᠢ ᠠᠬᠤᠢ ᠵᠢᠨ ᠴᠢᠳᠠᠮᠵᠢᠳᠦ ᠣᠷᠣᠨ ᠪᠠᠢᠵᠦ᠂ ᠤᠢ ᠱᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠲᠠᠯᠠᠪᠠᠢ ᠲᠤᠰ ᠲᠤᠰ ᠪᠦᠬᠦ᠌ ᠤᠯᠤᠰ ᠤ᠋ᠨ ᠨᠢᠭᠡᠳᠦᠭᠡᠷ᠂ ᠬᠣᠶᠠᠳᠤᠭᠠᠷ᠂ ᠳᠥᠷᠪᠡᠳᠦᠭᠡᠷ ᠲᠤ᠌ ᠣᠷᠣᠵᠤ᠂ ᠨᠡᠭᠦᠷᠡᠰᠦᠲᠥ᠋ᠷᠥᠭ᠌ᠴᠢᠵᠢᠨ ᠬᠤᠷᠠᠮᠳᠤᠭᠤᠯᠭᠠ ᠵᠢᠨ ᠠᠵᠤ ᠠᠬᠤᠢ ᠶ᠋ᠢ ᠬᠥᠭ᠌ᠵᠢᠭᠦᠯᠬᠦ᠌ ᠲᠠᠯᠠ ᠪᠡᠷ ᠥᠪᠡᠷᠮᠢᠴᠡ ᠳᠠᠪᠠᠭᠤᠯᠢᠭ ᠪᠠ ᠳᠠᠯᠳᠠ ᠬᠦᠴᠦᠨ ᠲᠡᠶ ᠶᠤᠮ᠃ 2021 ᠣᠨ ᠡᠴᠡ ᠣᠲᠣᠬᠠᠨ ᠪᠣᠯᠲᠠᠯᠠ᠂ ᠥᠪᠥᠷ ᠮᠣᠩᠭᠣᠯ ᠵᠠᠬᠠ ᠳᠡᠯᠭᠡᠭᠦᠷ ᠲᠤ᠌ ᠡᠯᠡ ᠲᠥᠷᠥᠯᠦᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠪᠦᠲᠦᠭᠡᠭ᠌ᠳᠡᠬᠦᠨ ᠢ᠋ 200 ᠭᠠᠷᠤᠶ ᠲᠦᠮᠡᠨ ᠲᠣᠨ ᠬᠠᠩᠭᠠᠵᠤ᠂ ᠣᠯᠠᠨ ᠠᠷᠭᠠ ᠵᠠᠮ ᠵᠢᠡᠷ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠥᠷᠲᠡᠭ ᠢ᠋ 1.3 ᠳ᠋ᠦᠩᠱᠢᠭᠤᠷ ᠲᠥᠭᠥᠷᠢᠭᠲᠦ ᠬᠦᠷᠭᠡᠪᠡ᠃
《ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠱᠢᠨᠡ ᠬᠠᠭᠤᠳᠠᠰᠤ ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ ᠵᠢᠨ ᠶᠠᠪᠤᠳᠠᠯ ᠤ᠋ᠨ ᠬᠤᠷᠢᠶᠠ ᠵᠢᠨ ᠰᠠᠨᠠᠯ》 ᠳ᠋ᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠶ᠋ᠢ ᠯᠠᠪᠳᠠᠭᠤᠨ ᠵᠢᠡᠷ ᠠᠬᠢᠭᠤᠯᠵᠤ᠂ ᠡᠨᠧᠷᠭᠢ ᠵᠢᠨ ᠬᠣᠷᠣᠭ᠍ᠳᠠᠯ ᠤ᠋ᠨ ᠬᠤᠤᠰ ᠡᠵᠡᠮᠳᠡᠯ ᠢ᠋ ᠠᠯᠬᠤᠮ ᠠᠯᠬᠤᠮ ᠵᠢᠡᠷ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠵᠢᠨ ᠬᠤᠤᠰ ᠡᠵᠡᠮᠳᠡᠯ ᠲᠡᠢᠰᠢ ᠬᠤᠪᠢᠷᠠᠭᠤᠯᠬᠤ ᠶ᠋ᠢ ᠠᠬᠢᠭᠤᠯᠵᠦ ᠂ ᠬᠥᠯᠥᠨ ᠪᠣᠢᠷ ᠬᠣᠲᠠ᠂ ᠬᠢᠩᠭᠠᠨ ᠠᠢᠮᠠᠭ᠂ ᠤᠯᠠᠭᠠᠨᠬᠠᠳᠠ ᠬᠣᠲᠠ ᠵᠡᠷᠭᠡ ᠭᠠᠵᠠᠷ ᠣᠷᠣᠨ ᠤ᠋ ᠠᠮᠢ ᠠᠬᠤᠶ ᠵᠢᠨ ᠪᠦᠲᠦᠭᠡᠭᠳᠡᠬᠦᠨᠦ ᠥᠷᠲᠡᠭ ᠢ᠋ ᠪᠡᠶᠡᠯᠡᠭᠦᠯᠬᠦ᠌ ᠲᠣᠭ᠍ᠲᠠᠴᠠ ᠶ᠋ᠢ ᠬᠠᠢᠨ ᠰᠦᠪᠡᠭ᠌ᠴᠢᠯᠡᠬᠦ᠌ ᠶ᠋ᠢ ᠳᠡᠮᠵᠢᠨᠡ ᠭᠡᠵᠦ ᠲᠤᠷᠠᠳᠪᠠ᠃
ᠷᠠᠱᠢᠶᠠᠨ ᠤ᠋ ᠰᠢᠭᠤᠢᠳᠤ ᠣᠷᠣᠨᠳᠤ᠂ ᠢᠭ᠍ᠴᠤ ᠰᠠᠬᠤᠯᠢᠭ ᠣᠢ ᠮᠣᠳᠣ ᠬᠥᠪᠡᠭᠡ ᠬᠢᠵᠠᠭᠠᠷ ᠦᠭᠡᠢ ᠦᠷᠭᠦᠯᠵᠢᠯᠡᠨᠡ᠃ ᠡᠨᠡ ᠪᠣᠯ ᠨᠡᠭᠦᠷᠡᠰᠦᠲᠥ᠋ᠷᠥᠭ᠌ᠴᠢ ᠵᠢᠨ ᠡᠷᠳᠡᠨᠢ ᠵᠢᠨ ᠰᠠᠩ ᠶᠤᠮ᠃ 《ᠣᠢᠷᠠ ᠵᠢᠨ ᠵᠢᠯ ᠳ᠋ᠤ᠂ ᠬᠢᠩᠭᠠᠨ ᠠᠢᠮᠠᠭ 〈ᠠᠮᠢ ᠠᠬᠤᠶ ᠵᠢᠨ ᠬᠠᠮᠠᠭᠠᠯᠠᠯᠲᠠ ᠬᠢᠭᠡᠳ ᠠᠵᠤ ᠠᠬᠤᠶ ᠵᠢᠨ ᠬᠥᠭ᠌ᠵᠢᠯᠲᠡ ᠵᠢᠨ ᠬᠤᠤᠰ ᠠᠮᠵᠢᠯᠲᠠ〉 ᠶ᠋ᠢᠨ ᠱᠢᠨᠡ ᠶ᠋ᠢ ᠡᠭᠦᠳᠬᠦ᠌ ᠠᠷᠭᠠ ᠵᠠᠮ ᠢ᠋ ᠬᠠᠢᠨ ᠰᠦᠪᠡᠭ᠌ᠴᠢᠯᠡᠪᠡ᠃ ᠲᠣᠰ ᠤᠳᠠᠭᠠ 310 ᠲᠦᠮᠡᠨ ᠲᠥᠭᠥᠷᠢᠭᠦᠨ ᠤᠯᠤᠰ ᠤ᠋ᠨ ᠬᠢᠨᠠᠨ ᠵᠥᠪᠱᠢᠶᠡᠷᠡᠬᠦ᠌ ᠦᠨᠡᠮᠯᠡᠯᠦᠨ ᠰᠠᠢᠨ ᠳᠤᠷᠠ ᠡᠴᠡ ᠪᠡᠨ ᠭᠠᠳᠠᠭ᠍ᠰᠢᠯᠠᠭᠤᠯᠤᠯᠲᠠ ᠶ᠋ᠢ ᠪᠠᠭᠠᠰᠭᠠᠬᠤ (CCER) ᠠᠷᠠᠯᠵᠢᠶᠠᠨᠢ ᠬᠢᠩᠭᠠᠨ ᠠᠢᠮᠠᠭ ᠤ᠋ᠨ ᠡᠮᠦᠨᠡᠬᠢ ᠬᠤᠭᠤᠴᠠᠭᠠᠨ ᠤ᠋ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭᠵᠢᠭᠤᠯᠬᠤ ᠣᠶ ᠵᠢᠨ ᠲᠥᠷᠥᠯ ᠵᠦᠶ᠋ᠯᠦᠨ ᠦᠷᠡ ᠪᠦᠲᠦᠭᠡᠯᠦᠨ ᠦᠷᠭᠦᠯᠵᠢᠯᠡᠨ ᠭᠦᠨᠵᠡᠭᠡᠢᠷᠡᠯᠲᠡ ᠪᠣᠯᠬᠤ ᠪᠥᠭᠡᠳ ᠪᠠᠰᠠ 〈ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ + ᠡᠬᠢ ᠪᠠᠶᠠᠯᠢᠭ ᠢ᠋ ᠴᠢᠩᠭᠠ ᠬᠠᠮᠢᠶᠠᠷᠬᠤ + ᠲᠦᠷᠭᠡᠨ ᠪᠥᠭᠡᠳ ᠡᠮᠬᠢ ᠵᠢᠷᠤᠮᠲᠠᠶ ᠪᠡᠷ ᠨᠡᠭᠡᠭᠡᠨ ᠬᠥᠭ᠌ᠵᠢᠭᠦᠯᠬᠦ᠌〉 ᠲᠦᠷᠢᠮᠦᠨ ᠱᠢᠰᠲ᠋ᠧᠮᠦᠨ ᠠᠮᠵᠢᠯᠲᠠᠲᠠᠶ ᠦᠶ᠋ᠯᠡᠳᠦᠯᠭᠡ ᠵᠢᠨ ᠱᠢᠯᠭᠠᠯᠲᠠ ᠪᠣᠯᠤᠨᠠ》 ᠭᠡᠵᠦ᠍ ᠬᠢᠩᠭᠠᠨ ᠠᠢᠮᠠᠭ ᠤ᠋ᠨ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠ ᠵᠢᠨ ᠳᠡᠳ᠋ ᠳᠠᠷᠤᠭᠠ ᠢᠦᠶ ᠴᠠᠩ ᠵᠢᠤ ᠬᠡᠯᠡᠪᠡ᠃
ᠤᠯᠠᠨ ᠵᠢᠯᠦᠨ ᠲᠤᠷᠰᠢ᠂ ᠥᠪᠥᠷ ᠮᠣᠩᠭᠣᠯ ᠣᠷᠣᠨ ᠪᠦᠰᠡ ᠵᠢᠨ ᠡᠬᠢ ᠪᠠᠶᠠᠯᠢᠭ ᠤ᠋ᠨ ᠳᠠᠪᠠᠭᠤᠯᠢᠭ ᠵᠢᠡᠨ ᠭᠦᠢᠴᠡᠳ ᠪᠠᠳᠠᠷᠠᠭᠤᠯᠵᠤ᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠦᠷᠦᠯ ᠵᠦᠢᠯᠦᠨ ᠬᠥᠭ᠌ᠵᠢᠯᠲᠡ ᠶ᠋ᠢ ᠶᠡᠬᠡᠪᠡᠷ ᠠᠬᠢᠭᠤᠯᠪᠠ᠃ ᠡᠭᠦᠨᠦ ᠬᠠᠮᠲᠤ᠂ ᠠᠭᠤᠯᠠ ᠤᠰᠤ ᠣᠶ ᠮᠣᠳᠣ ᠭᠠᠵᠠᠷ ᠲᠠᠷᠢᠶᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬᠠ ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮᠲᠡᠶ ᠵᠠᠰᠠᠬᠤ ᠶ᠋ᠢ ᠨᠢᠭᠡᠳᠦᠯᠲᠡᠶ ᠲᠥᠯᠥᠪᠵᠢᠭᠦᠯᠵᠦ᠍᠂ ᠣᠶ ᠱᠢᠭᠤᠶ ᠵᠢᠨ ᠶᠠᠰᠤ ᠴᠢᠨᠠᠷ ᠢ᠋ ᠨᠠᠷᠢᠯᠢᠭ ᠣᠨᠣᠪᠴᠢᠲᠠᠶ ᠪᠡᠷ ᠳᠡᠭᠡᠭ᠌ᠰᠢᠯᠡᠭᠦᠯᠬᠦ᠌ ᠪᠠ ᠨᠤᠲᠤᠭ ᠪᠡᠯᠴᠢᠭᠡᠷ ᠢ᠋ ᠵᠠᠰᠠᠨ ᠰᠡᠷᠭᠦᠭᠡᠬᠦ᠌ ᠡᠷᠴᠢᠮ ᠵᠢᠡᠨ ᠴᠢᠩᠭᠠᠷᠠᠭᠤᠯᠵᠤ᠂ 2022 ᠣᠨ ᠡᠴᠡ ᠣᠲᠣ ᠪᠣᠯᠲᠠᠯᠠ 662 ᠲᠦᠮᠡᠨ ᠮᠥ᠍ ᠮᠠᠭᠤᠲᠠᠭᠰᠠᠨ ᠣᠶ ᠶ᠋ᠢ ᠵᠠᠰᠠᠨ ᠰᠡᠷᠭᠦᠭᠡᠵᠦ᠍᠂ 476.6 ᠲᠦᠮᠡᠨ ᠮᠥ᠍ ᠣᠶ ᠱᠢᠭᠤᠶ ᠶ᠋ᠢ ᠠᠷᠠᠴᠢᠯᠠᠨ ᠪᠣᠢᠵᠢᠭᠤᠯᠵᠤ ᠦᠷᠭᠦᠯᠵᠢᠯᠡᠨ ᠡᠵᠡᠩᠨᠡᠵᠦ᠍᠂ 8826.15 ᠲᠦᠮᠡᠨ ᠮᠥ᠍ ᠡᠪᠡᠰᠦ ᠳᠠᠷᠢᠵᠤ ᠰᠠᠢᠵᠢᠷᠠᠭᠤᠯᠪᠠ᠃ ᠡᠭᠦᠨᠦ ᠬᠠᠮᠲᠤ᠂ 《ᠤᠮᠠᠷᠠᠲᠤ ᠵᠢᠨ ᠭᠤᠷᠪᠠᠨ ᠤᠷᠤᠨ》 ᠤ᠋ ᠬᠠᠯᠬᠠᠪᠴᠢ ᠣᠶ ᠵᠡᠷᠭᠡ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠦᠷᠡ ᠪᠦᠲᠦᠭᠡᠯ ᠢ᠋ ᠬᠡᠮᠵᠢᠵᠦ᠍ ᠪᠣᠯᠬᠤ᠂ ᠠᠷᠠᠯᠵᠢᠶᠠᠯᠠᠵᠤ ᠪᠣᠯᠬᠤ ᠡᠳ᠋ ᠬᠥᠷᠥᠩᠭᠡ ᠪᠣᠯᠭᠠᠨ ᠲᠠᠰᠤᠷᠠᠯᠲᠠ ᠥᠬᠡᠶ ᠤᠨᠳᠤᠤᠰᠢᠭᠤᠯᠵᠤ᠂ ᠣᠶ ᠱᠢᠭᠤᠶ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠨᠡᠭᠡᠭᠡᠯᠲᠡ ᠵᠢᠨ ᠬᠦᠷᠢᠶᠡᠨ ᠳ᠋ᠤ ᠪᠥᠬᠥ᠌ ᠤᠯᠤᠰ ᠤ᠋ᠨ ᠡᠮᠦᠨᠡ ᠡᠩᠨᠡᠭᠡᠨ ᠳ᠋ᠤ ᠣᠷᠣᠪᠠ᠃
2024 ᠣᠨ ᠡᠴᠡ ᠣᠲᠣ ᠪᠣᠯᠲᠠᠯᠠ᠂ ᠥᠪᠥᠷ ᠮᠣᠩᠭᠣᠯ CCER ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠥᠷᠥᠯ ᠵᠦᠶ᠋ᠯ ᠢ᠋ ᠨᠡᠭᠡᠭᠡᠨ ᠬᠥᠭ᠌ᠵᠢᠭᠦᠯᠬᠦ᠌ ᠶ᠋ᠢ ᠵᠢᠷᠤᠮᠵᠢᠭᠤᠯᠤᠨ ᠠᠬᠢᠭᠤᠯᠵᠤ᠂ ᠨᠥᠭᠡᠴᠡᠯᠡᠵᠦ᠍ ᠪᠠᠢᠭᠠ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠥᠷᠥᠯ ᠵᠦᠶ᠋ᠯ 25 ᠪᠤᠯᠵᠤ᠂ ᠡᠭᠦᠨ ᠳ᠋ᠤ 12 ᠲᠥᠷᠥᠯ ᠵᠦᠶ᠋ᠯ ᠢ᠋ ᠵᠠᠷᠯᠠᠨ ᠨᠡᠢᠲᠡᠯᠡᠵᠦ᠍᠂ ᠪᠥᠬᠥ᠌ ᠤᠯᠤᠰ ᠲᠤ᠌ ᠲᠦᠷᠦᠭᠦᠯᠡᠪᠡ᠃ ᠲᠥᠷᠥᠯ ᠵᠦᠶ᠋ᠯᠦᠨ ᠠᠵᠢᠯᠯᠠᠭᠠᠨ ᠤ᠋ ᠵᠠᠭ᠍ᠪᠤᠷ ᠡᠳᠦᠷ ᠢᠷᠡᠬᠦᠶᠡ ᠪᠣᠯᠪᠠᠰᠤᠷᠠᠩᠭᠤᠶ ᠪᠣᠯᠵᠣ᠂ ᠡᠯᠡ ᠠᠢᠮᠠᠭ ᠬᠣᠲᠠ ᠵᠢᠨ ᠨᠥᠭᠡᠴᠡᠯᠡᠬᠦ᠌ ᠠᠵᠢᠯ ᠪᠥᠬᠥ᠌ ᠲᠠᠯᠠ ᠪᠡᠷ ᠡᠬᠢᠯᠡᠪᠡ᠄ ᠣᠶ ᠱᠢᠭᠤᠶ ᠵᠢᠨ ᠠᠵᠤ ᠦᠶ᠋ᠯᠡᠳᠪᠦᠷᠢ ᠵᠢᠨ ᠪᠦᠯᠦᠭ᠌ᠯᠡᠯᠦᠨ ᠨᠢᠭᠡᠳᠦᠭᠡᠷ ᠬᠤᠭᠤᠴᠠᠭᠠᠨ ᠤ᠋ 4 ᠨᠥᠭᠡᠴᠡᠯᠡᠬᠦ᠌ ᠲᠥᠷᠥᠯ ᠵᠦᠶ᠋ᠯ ᠢ᠋ ᠪᠥᠬᠥ᠌ ᠲᠠᠯᠠ ᠪᠡᠷ ᠵᠠᠷᠯᠠᠨ ᠨᠡᠢᠲᠡᠯᠡᠵᠦ᠍᠂ ᠬᠢᠨᠠᠨ ᠲᠣᠭ᠍ᠲᠠᠭᠠᠬᠤ ᠱᠠᠲᠤᠨᠳᠤ ᠣᠷᠣᠪᠠ; ᠤᠯᠠᠭᠠᠨᠴᠠᠪ ᠬᠣᠲᠠ ᠬᠠᠮᠲᠤᠷᠠᠯᠴᠠᠭᠠᠨ ᠤ᠋ ᠵᠠᠭ᠍ᠪᠤᠷ ᠵᠢᠡᠨ ᠱᠢᠨᠡᠴᠢᠯᠡᠵᠦ᠍᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠥᠷᠥᠯ ᠵᠦᠶ᠋ᠯ ᠢ᠋ ᠨᠡᠯᠢᠶᠡᠳ ᠡᠷᠲᠡ 1 ᠶ᠋ᠢ ᠵᠠᠷᠯᠠᠨ ᠨᠡᠢᠲᠡᠯᠡᠪᠡ; ᠬᠢᠩᠭᠠᠨ ᠠᠢᠮᠠᠭ 《ᠭᠤᠷᠪᠠ ᠶ᠋ᠢ ᠨᠢᠭᠡᠳᠭᠡᠬᠦ᠌》 ᠵᠠᠭ᠍ᠪᠤᠷ ᠵᠢᠡᠷ ᠪᠥᠬᠥ᠌ ᠣᠷᠣᠨ ᠪᠦᠰᠡ ᠵᠢᠨ ᠨᠡᠭᠡᠭᠡᠨ ᠬᠥᠭ᠌ᠵᠢᠭᠦᠯᠦᠯᠲᠡ ᠶ᠋ᠢ ᠠᠬᠢᠭᠤᠯᠵᠤ᠂ 6 ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠥᠷᠥᠯ ᠵᠦᠶ᠋ᠯ ᠢ᠋ ᠨᠥᠭᠡᠴᠡᠯᠡᠵᠦ᠍᠂ 2 ᠢ᠋ ᠵᠠᠷᠯᠠᠨ ᠨᠡᠢᠲᠡᠯᠡᠪᠡ; ᠬᠥᠯᠥᠨ ᠪᠣᠢᠷ ᠬᠣᠲᠠ 2 ᠲᠥᠷᠥᠯ ᠵᠦᠶ᠋ᠯ ᠢ᠋ ᠵᠠᠷᠯᠠᠨ ᠨᠡᠢᠳᠡᠯᠡᠵᠦ᠂ ᠦᠪᠦᠷ ᠮᠤᠩᠭᠤᠯᠤᠨ ᠠᠩᠬᠠᠳᠠᠭ᠍ᠴᠢ CCER ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠳᠠᠨᠵᠢᠯᠠᠬᠤ ᠵᠢᠭᠡᠯᠡᠯᠭᠡ ᠵᠢᠨ ᠲᠥᠷᠥᠯ ᠵᠦᠶ᠋ᠯ ᠢ᠋ ᠨᠠᠢᠳᠠᠪᠤᠷᠢᠵᠢᠭᠤᠯᠵᠤ᠂ ᠲᠥᠷᠥᠯ ᠵᠦᠶ᠋ᠯ ᠢ᠋ ᠨᠡᠭᠡᠭᠡᠨ ᠬᠥᠭ᠌ᠵᠢᠭᠦᠯᠬᠦ᠌ ᠳ᠋ᠤ ᠮᠥᠩᠭᠥᠨ ᠭᠦᠶ᠋ᠯᠭᠡᠭᠡᠨᠦ ᠬᠦᠴᠦᠨ ᠨᠡᠮᠡᠷᠢᠯᠡᠪᠡ᠃
ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠬᠠᠷᠠᠯᠲᠠ ᠵᠢᠨ ᠲᠣᠭᠣᠷᠢᠨᠳᠤ᠂ ᠥᠪᠥᠷ ᠮᠣᠩᠭᠣᠯ ᠤ᠋ᠨ ᠣᠶ ᠱᠢᠭᠤᠶ ᠪᠠ ᠨᠤᠲᠤᠭ ᠪᠡᠯᠴᠢᠭᠡᠷᠦᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠪᠦᠲᠦᠭᠡᠭ᠌ᠳᠡᠬᠦᠨᠦ ᠬᠠᠩᠭᠠᠯᠭᠠ ᠵᠢᠨ ᠴᠢᠳᠠᠪᠤᠷᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠪᠦᠲᠦᠭᠡᠭ᠌ᠳᠡᠬᠦᠨᠦ ᠲᠥᠷᠥᠯ ᠵᠦᠶ᠋ᠯ ᠨᠠᠩ ᠣᠯᠠᠨ ᠶᠠᠩᠵᠤ ᠵᠢᠨ ᠪᠣᠯᠵᠣ᠂ ᠦᠶ᠋ᠯᠡᠴᠢᠯᠡᠭᠡᠨᠦ ᠠᠷᠭᠠ ᠵᠠᠮ ᠤ᠋ᠨ ᠱᠢᠰᠲ᠋ᠧᠮ ᠡᠳᠦᠷ ᠢᠷᠡᠬᠦᠶᠡ ᠲᠡᠭᠦᠯᠳᠡᠷᠵᠢᠪᠡ᠃ 2024 ᠣᠨᠳᠤ᠂ ᠥᠪᠥᠷ ᠮᠣᠩᠭᠣᠯ ᠠᠷᠪᠠᠨ ᠳᠥᠷᠪᠡᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠡᠪᠦᠯᠦᠨ ᠤᠯᠠᠷᠢᠯ ᠤ᠋ᠨ ᠪᠡᠶᠡ ᠵᠢᠨ ᠲᠠᠮᠢᠷ ᠤ᠋ᠨ ᠴᠤᠭ᠍ᠯᠠᠭᠠᠨ ᠢ᠋ ᠮᠠᠨ ᠤ᠋ ᠤᠯᠤᠰ ᠤ᠋ᠨ ᠠᠩᠬᠠᠳᠠᠭ᠍ᠴᠢ 《ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ》 ᠡᠪᠦᠯᠦᠨ ᠤᠯᠠᠷᠢᠯ ᠤ᠋ᠨ ᠲᠠᠮᠢᠷ ᠤ᠋ᠨ ᠴᠤᠭ᠍ᠯᠠᠭᠠᠨ ᠪᠣᠯᠭᠠᠵᠤ᠂ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠪᠦᠲᠦᠭᠡᠭ᠌ᠳᠡᠬᠦᠨ ᠢ᠋ 3 ᠲᠦᠮᠡᠨ ᠲᠣᠨ ᠬᠠᠨᠳᠢᠪᠯᠠᠵᠤ᠂ 3 ᠭᠤᠤᠯ ᠤᠷᠤᠯᠳᠤᠭᠠᠨ ᠤ᠋ ᠲᠣᠭᠣᠷᠢᠭ ᠲᠤ᠌ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠣᠶ ᠶ᠋ᠢ 5327 ᠮᠥ᠍ ᠳᠠᠷᠢᠵᠤ᠂ ᠤᠷᠤᠯᠳᠤᠭᠠᠨ ᠤ᠋ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠲᠠ ᠵᠢ 4.6 ᠲᠦᠮᠡᠨ ᠲᠣᠨ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠪᠠᠭᠠᠰᠬᠠᠭᠰᠠᠨ ᠲᠠᠢ ᠲᠡᠩᠴᠡᠵᠤ᠂ ᠪᠥᠬᠥ᠌ ᠣᠷᠣᠨ ᠤ᠋ ᠲᠣᠮᠣ ᠬᠡᠯᠪᠡᠷᠢ ᠵᠢᠨ ᠠᠵᠢᠯᠯᠠᠭᠠ ᠵᠢᠨ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠵᠠᠭᠪᠤᠷ ᠢ᠋ ᠪᠣᠶ ᠪᠣᠯᠭᠠᠪᠠ᠃ 2025 ᠣᠨᠳᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠣᠮᠣ ᠬᠡᠯᠪᠡᠷᠢ ᠵᠢᠨ ᠠᠵᠢᠯᠯᠠᠭᠠ ᠵᠢᠨ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠶ᠋ᠢ ᠵᠣᠷᠢᠭ᠍ᠵᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠨᠡᠭᠦᠷᠡᠰᠦᠲᠥ᠋ᠷᠥᠭ᠌ᠴᠢ ᠵᠢᠨ ᠪᠢᠯᠧᠲ᠂ ᠨᠡᠭᠦᠷᠡᠰᠦᠲᠥ᠋ᠷᠥᠭ᠌ᠴᠢ ᠵᠢᠨ ᠲᠦᠭᠡᠮᠡᠯ ᠬᠦᠷᠲᠡᠭᠡᠮᠵᠢ ᠵᠡᠷᠭᠡ ᠬᠡᠷᠡᠭ᠌ᠯᠡᠭᠡᠨᠦ ᠪᠠᠢᠳᠠᠯ ᠢ᠋ ᠥᠷᠭᠡᠳᠭᠡᠪᠡ᠃ ᠡᠭᠦᠨᠦ ᠬᠠᠮᠲᠤ᠂ ᠦᠨᠢᠶᠡᠨ ᠰᠦ ᠵᠡᠷᠭᠡ ᠴᠢᠨᠠᠷ ᠰᠠᠢᠲᠠᠶ ᠮᠠᠯ ᠤ᠋ᠨ ᠠᠱᠢᠭ ᠱᠢᠮᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠡᠭᠦᠷᠡᠰᠦᠲᠥ᠋ᠷᠥᠭ᠌ᠴᠢ ᠭᠠᠳᠠᠭᠰᠢᠯᠠᠭᠤᠯᠬᠤ ᠥᠬᠡᠶ ᠪᠦᠲᠦᠭᠡᠭᠳᠡᠭᠦᠨ ᠪᠣᠯᠭᠠᠨ ᠪᠥᠲᠥᠭᠡᠨ ᠪᠠᠢᠭᠤᠯᠵᠤ᠂ ᠪᠦᠲᠦᠭᠡᠭᠳᠡᠭᠦᠨᠦ ᠨᠡᠮᠡᠯᠲᠡ ᠥᠷᠲᠡᠭ ᠢ᠋ ᠳᠡᠭᠡᠭ᠌ᠰᠢᠯᠡᠭᠦᠯᠬᠦ᠌ ᠵᠢᠨ ᠬᠠᠮᠲᠤ ᠪᠠᠰᠠ 《ᠨᠡᠭᠦᠷᠡᠰᠦᠲᠥ᠋ᠷᠥᠭ᠌ᠴᠢ ᠭᠠᠳᠠᠭᠰᠢᠯᠠᠭᠤᠯᠬᠤ ᠥᠬᠡᠶ ᠪᠠᠢᠭᠤᠯᠭᠠ》 ᠶ᠋ᠢᠨ ᠲᠤᠷᠱᠢᠯᠲᠠ ᠶ᠋ᠢ ᠠᠬᠢᠭᠤᠯᠤᠨ᠂ ᠣᠯᠠᠨ ᠨᠡᠢᠲᠡ ᠵᠢᠨ ᠪᠠᠢᠭᠤᠯᠤᠮᠵᠢ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭᠠ ᠭᠠᠳᠠᠭ᠍ᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠶ᠋ᠢ ᠠᠬᠢᠭᠤᠯᠪᠠ᠃
ᠥᠪᠥᠷ ᠮᠣᠩᠭᠣᠯ ᠤᠢᠵᠢᠭᠤᠯᠤᠯᠳᠠ ᠪᠡᠷ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠦᠷᠦᠯ ᠵᠦᠢᠯ ᠤ᠋ᠨ ᠣᠯᠠᠨ ᠡᠰᠢᠵᠢᠭᠰᠡᠨ ᠠᠷᠠᠯᠵᠢᠶᠠᠨ ᠤ᠋ ᠵᠠᠭ᠍ᠪᠤᠷ ᠢ᠋ ᠬᠠᠢᠨ ᠰᠦᠪᠡᠭ᠌ᠴᠢᠯᠡᠵᠦ᠍᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠥᠷᠥᠯ ᠵᠦᠶ᠋ᠯᠦᠨ ᠠᠮᠢ ᠠᠬᠤᠶ ᠵᠢᠨ ᠥᠷᠲᠡᠭ ᠢ᠋ ᠠᠵᠤ ᠠᠬᠤᠶ ᠵᠢᠨ ᠥᠷᠲᠡᠭ᠂ ᠠᠵᠤ ᠦᠶ᠋ᠯᠡᠰᠦᠨ ᠥᠷᠲᠡᠭ ᠲᠡᠢᠰᠢ ᠤᠨᠳᠤᠤᠰᠢᠭᠤᠯᠤᠨ ᠤᠷᠲᠤᠳᠭᠠᠬᠤ ᠵᠢᠨ ᠬᠠᠮᠲᠤ᠂ ᠠᠱᠢᠭ ᠣᠷᠣᠯᠭᠠ ᠪᠡᠷ ᠵᠢᠡᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠳ᠋ᠤ ᠬᠦᠴᠦᠨ ᠨᠡᠮᠡᠷᠢᠯᠡᠪᠡ᠃
2025 ᠣᠨ ᠤ᠋ 7 ᠰᠠᠷᠠᠳᠤ᠂ ᠷᠠᠱᠢᠶᠠᠨ ᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠ ᠴᠢᠩᠬᠤᠸᠠ ᠶᠡᠬᠡ ᠰᠤᠷᠭᠠᠭᠤᠯᠢ ᠵᠢᠨ ᠪᠠᠷᠢᠯᠭᠠ ᠵᠢᠨ ᠳᠡᠭᠡᠳᠦ ᠰᠤᠷᠭᠠᠭᠤᠯᠢ ᠵᠢᠨ ᠦᠵᠡᠮᠵᠢ ᠵᠢᠨ ᠤᠬᠠᠭᠠᠨ ᠤ᠋ ᠰᠠᠯᠪᠤᠷᠢᠲᠠᠶ ᠬᠠᠮᠲᠤᠷᠠᠨ 《ᠨᠡᠭᠦᠷᠡᠰᠦᠲᠥ᠋ᠷᠥᠭ᠌ᠴᠢ ᠬᠠᠢᠬᠤ ᠠᠶᠠᠯᠠᠯ》 ᠤ᠋ᠨ ᠰᠤᠳᠤᠯᠤᠨ ᠰᠤᠷᠤᠯᠴᠠᠬᠤ ᠠᠵᠢᠯᠯᠠᠭᠠ ᠦᠷᠨᠢᠭᠦᠯᠵᠤ᠂ 《ᠨᠡᠭᠦᠷᠡᠰᠦᠲᠥ᠋ᠷᠥᠭ᠌ᠴᠢ ᠬᠤᠷᠠᠮᠳᠤᠭᠤᠯᠬᠤ + ᠰᠤᠳᠤᠯᠤᠨ ᠰᠤᠷᠤᠯᠴᠠᠬᠤ》 ᠵᠠᠭ᠍ᠪᠤᠷ ᠵᠢᠡᠷ ᠳᠤᠮᠳᠠᠳᠤ ᠪᠠᠭᠠ ᠰᠤᠷᠭᠠᠭᠤᠯᠢ ᠵᠢᠨ ᠰᠤᠷᠤᠭ᠍ᠴᠢᠳ ᠲᠤ᠌ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠮᠡᠳᠡᠯᠭᠡ ᠶ᠋ᠢ ᠣᠢᠯᠠᠭᠠᠭᠤᠯᠪᠠ᠃ ᠬᠢᠴᠢᠶᠡᠯᠦᠨ ᠲᠠᠩᠬᠢᠮ ᠢ᠋ ᠣᠢ ᠱᠢᠭᠤᠶ ᠵᠢᠨ ᠲᠠᠯᠠᠪᠠᠢᠳᠤ ᠨᠡᠭᠦᠯᠭᠡᠵᠤ᠂ ᠳᠤᠮᠳᠠᠳᠤ ᠪᠠᠭᠠ ᠰᠤᠷᠭᠠᠭᠤᠯᠢ ᠵᠢᠨ ᠰᠤᠷᠤᠭ᠍ᠴᠢᠳ ᠢ᠋ ᠪᠠᠢᠭᠠᠯᠢ ᠵᠢᠨ ᠥᠩᠭᠡ ᠦᠵᠡᠮᠵᠢ ᠡᠴᠡ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠮᠡᠳᠡᠯᠭᠡ ᠮᠡᠳᠡᠴᠡ ᠶ᠋ᠢ ᠰᠤᠷᠤᠯᠴᠠᠭᠤᠯᠪᠠ᠃ ᠬᠥᠯᠥᠨ ᠪᠣᠢᠷ ᠤ᠋ᠨ 《ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ + ᠵᠢᠭᠤᠯᠴᠢᠯᠠᠯ》 ᠤ᠋ᠨ ᠵᠠᠭ᠍ᠪᠤᠷ ᠦᠨ ᠱᠢᠨᠡ ᠶ᠋ᠢ ᠡᠭᠦᠳᠬᠦ᠌ ᠱᠢᠪᠲᠤᠯᠤᠯᠲᠠ ᠶ᠋ᠢ ᠪᠡᠶᠡᠯᠡᠭᠦᠯᠵᠦ᠍᠂ 2025 ᠣᠨ ᠤ᠋ 5 ᠰᠠᠷᠠᠳᠤ᠂ ᠠᠩᠬᠠᠳᠠᠭ᠍ᠴᠢ 《ᠨᠡᠭᠦᠷᠡᠰᠦᠲᠥ᠋ᠷᠥᠭ᠌ᠴᠢ ᠭᠠᠳᠠᠭᠰᠢᠯᠠᠭᠤᠯᠬᠤ ᠥᠬᠡᠶ ᠭᠠᠯᠲᠤ ᠲᠡᠷᠭᠡ》 ᠶ᠋ᠢᠨ ᠵᠢᠭᠤᠯᠴᠢᠯᠠᠯ ᠤ᠋ᠨ ᠠᠵᠢᠯᠯᠠᠭᠠ ᠵᠢᠨ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠪᠠ ᠲᠥᠰᠦᠭᠡᠯᠡᠨ ᠪᠤᠳᠤᠬᠤ ᠵᠢᠴᠢ ᠲᠤᠯᠭᠠᠨ ᠬᠠᠰᠤᠬᠤ ᠠᠵᠢᠯ ᠢ᠋ ᠠᠮᠵᠢᠯᠲᠠᠲᠠᠶ ᠪᠡᠶᠡᠯᠡᠭᠦᠯᠪᠡ᠃
ᠥᠪᠥᠷ ᠮᠣᠩᠭᠣᠯ 《ᠠᠮᠢ ᠠᠬᠤᠶ ᠵᠢᠨ ᠬᠠᠤᠯᠢ ᠴᠠᠭᠠᠵᠠ + ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ》 ᠵᠢᠨ ᠲᠣᠭ᠍ᠲᠠᠴᠠ ᠶ᠋ᠢ ᠦᠷᠭᠦᠯᠵᠢᠯᠡᠨ ᠠᠬᠢᠭᠤᠯᠵᠤ᠂ ᠠᠮᠢ ᠠᠬᠤᠶ ᠵᠢ ᠬᠣᠬᠢᠷᠠᠭᠤᠯᠤᠬᠰᠠᠨ ᠬᠡᠷᠡᠭ ᠢ᠋ ᠨᠡᠢᠲᠡ 220 ᠭᠠᠷᠤᠶ ᠱᠢᠭᠦᠨ ᠲᠡᠰᠦᠯᠵᠦ᠍᠂ ᠠᠮᠢ ᠠᠬᠤᠶ ᠵᠢᠨ ᠨᠥᠬᠥᠪᠥᠷᠢ ᠶ᠋ᠢ 150 ᠲᠦᠮᠡᠨ ᠲᠥᠭᠥᠷᠢᠭ ᠤᠯᠭᠤᠵᠦ᠂ ᠬᠠᠷᠢᠭᠤᠴᠠᠯᠭᠠᠲᠤ ᠭᠤᠤᠯ ᠴᠣᠭ᠍ᠴᠠ ᠶ᠋ᠢ ᠬᠥᠲᠥᠯᠥᠨ ᠵᠢᠯᠣᠭᠣᠳᠴᠤ᠌ ᠨᠡᠭᠦᠷᠡᠰᠦᠲᠥ᠋ᠷᠥᠭ᠌ᠴᠢ ᠵᠢᠨ ᠪᠢᠯᠸᠲ ᠬᠤᠳᠠᠯᠳᠤᠨ ᠠᠪᠴᠤ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠬᠣᠬᠢᠷᠠᠯ ᠢ᠋ ᠨᠥᠬᠥᠪᠥᠷᠢᠯᠡᠭᠦᠯᠵᠦ᠍᠂ ᠨᠢᠭᠡᠨᠲᠡ 4 ᠬᠠᠮᠢᠶᠠ ᠪᠥᠬᠥᠶ ᠠᠵᠤ ᠠᠬᠤᠢᠯᠠᠯ ᠨᠡᠭᠦᠷᠡᠰᠦᠲᠥ᠋ᠷᠥᠭ᠌ᠴᠢ ᠵᠢᠨ ᠪᠢᠯᠧᠲ ᠢ᠋ ᠬᠤᠳᠠᠯᠳᠤᠨ ᠠᠪᠴᠠᠶ᠃ 《ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ + ᠮᠥᠩᠭᠥᠨ ᠭᠦᠢᠯᠭᠡᠭᠡᠨ》 ᠢ᠋ ᠠᠬᠢᠭᠤᠯᠵᠤ᠂ ᠪᠣᠬᠢᠷᠲᠤᠯ ᠦᠭᠡᠢ ᠪᠡᠯᠡ ᠲᠣᠬᠢᠷᠠᠭᠤᠯᠭᠠ ᠵᠢᠨ ᠬᠡᠷᠡᠭ᠌ᠴᠡᠭᠡ ᠱᠠᠭᠠᠷᠳᠠᠯᠭᠠᠳᠤ ᠨᠡᠢᠴᠡᠭ᠌ᠰᠡᠨ ᠢᠲᠡᠭᠡᠮᠵᠢ ᠣᠯᠭᠣᠬᠤ ᠵᠠᠭ᠍ᠪᠤᠷ ᠲᠤ᠌ ᠱᠢᠨᠡ ᠶ᠋ᠢ ᠡᠭᠦᠳᠴᠦ᠍᠂ ᠬᠥᠯᠥᠨ ᠪᠤᠢᠷ ᠠᠩᠬᠠᠳᠠᠭ᠍ᠴᠢ CCER ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠠᠨᠵᠢᠯᠠᠭᠠ ᠵᠢᠨ ᠵᠢᠭᠡᠯᠡᠯᠭᠡ ᠶ᠋ᠢ 500 ᠲᠦᠮᠡᠨ ᠲᠥᠭᠥᠷᠢᠭ ᠪᠡᠶᠡᠯᠡᠭᠦᠯᠪᠡ᠃ 《ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ + ESG》 ᠶ᠋ᠢ ᠰᠦᠪᠡᠭ᠌ᠴᠢᠯᠡᠵᠦ᠍᠂ ᠰᠲ᠋ᠤᠺ ᠵᠢᠡᠨ ᠵᠠᠬᠠ ᠳᠡᠯᠭᠡᠭᠦᠷ ᠲᠤ᠌ ᠭᠠᠷᠭᠠᠭ᠍ᠰᠠᠨ ᠠᠵᠤ ᠠᠬᠤᠢᠯᠠᠯ᠂ ᠡᠨᠧᠷᠭᠢ ᠵᠢᠨ ᠬᠣᠷᠣᠭ᠍ᠳᠠᠯ ᠶᠡᠬᠡᠲᠡᠶ ᠠᠵᠤ ᠠᠬᠤᠢᠯᠠᠯ ᠤ᠋ᠨ 《ᠤᠮᠠᠷᠠᠲᠤ ᠬᠢᠯᠢ ᠵᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ》 ᠨᠠᠷᠠᠲᠤ ᠲᠥᠷᠥᠯ ᠲᠡᠮᠳᠡᠭ᠌ᠲᠦ᠍ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠪᠦᠲᠦᠭᠡᠬᠳᠡᠬᠦᠨ ᠬᠤᠳᠠᠯᠳᠤᠨ ᠠᠪᠬᠤ ᠶ᠋ᠢ ᠬᠥᠲᠥᠯᠥᠨ ᠵᠢᠯᠣᠭᠣᠳᠴᠤ᠌᠂ ᠨᠡᠢᠭᠡᠮᠦᠨ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠬᠠᠷᠢᠭᠤᠴᠠᠯᠭᠠ ᠶ᠋ᠢ ᠭᠦᠶ᠋ᠴᠡᠳᠭᠡᠨ᠂ ESG ᠶ᠋ᠢᠨ ᠲᠠᠰᠤᠨ ᠦᠨᠡᠯᠡᠯᠲᠡ ᠶ᠋ᠢ ᠳᠡᠭᠡᠭ᠌ᠰᠢᠯᠡᠭᠦᠯᠪᠡ᠃
11 ᠰᠠᠷᠠᠳᠤ ᠨᠡᠢᠲᠡᠯᠡᠭ᠌ᠰᠡᠨ 《ᠤᠯᠤᠰ ᠠᠷᠠᠳ ᠤ᠋ᠨ ᠠᠵᠤ ᠠᠬᠤᠶ ᠪᠠ ᠨᠡᠢᠭᠡᠮᠦᠨ ᠬᠥᠭ᠌ᠵᠢᠯᠲᠡ ᠵᠢᠨ ᠠᠷᠪᠠᠨ ᠲᠠᠪᠤᠳᠤᠭᠠᠷ ᠲᠠᠪᠤᠨ ᠵᠢᠯᠦᠨ ᠲᠥᠯᠥᠪᠵᠢᠭᠦᠯᠭᠡ ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠠ ᠵᠢᠨ ᠰᠠᠨᠠᠭᠤᠯᠭᠠ》 ᠳ᠋ᠤ᠂ ᠣᠶ ᠱᠢᠭᠤᠶ ᠪᠠ ᠨᠤᠲᠤᠭ ᠪᠡᠯᠴᠢᠭᠡᠷ ᠨᠡᠭᠦᠷᠡᠰᠦᠲᠥ᠋ᠷᠥᠭ᠌ᠴᠢᠵᠢ ᠲᠣᠭ᠍ᠲᠠᠪᠤᠷᠢᠵᠢᠭᠤᠯᠤᠨ ᠬᠤᠷᠠᠮᠳᠤᠭᠤᠯᠭᠠ ᠶ᠋ᠢ ᠨᠡᠮᠡᠭ᠌ᠳᠡᠭᠦᠯᠬᠦ᠌ ᠠᠵᠢᠯᠯᠠᠭᠠ᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠶ᠋ᠢ ᠪᠡᠶᠡᠯᠡᠭᠦᠯᠬᠦ᠌ ᠠᠵᠢᠯᠯᠠᠭᠠ᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭᠠ ᠵᠢᠨ ᠲᠤᠷᠱᠢᠯᠲᠠ ᠵᠢᠨ ᠵᠢᠱ᠌ᠢᠶᠡ ᠦᠵᠡᠭᠦᠯᠬᠦ᠌ ᠠᠵᠢᠯᠯᠠᠭᠠ ᠶ᠋ᠢ ᠬᠡᠷᠡᠭ᠌ᠵᠢᠭᠦᠯᠦᠨᠡ ᠭᠡᠵᠦ᠍ ᠳᠤᠷᠠᠳᠤᠨ ᠭᠠᠷᠭᠠᠪᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶᠠ᠂ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠ᠂ ᠠᠮᠢ ᠠᠬᠤᠶ ᠣᠷᠴᠢᠨ ᠲᠣᠭᠣᠷᠢᠨ ᠤ᠋ ᠲᠢᠩᠬᠢᠮ ᠵᠡᠷᠭᠡ ᠰᠠᠯᠠᠭᠠ ᠮᠥᠴᠢᠷ ᠡᠨᠡ ᠵᠢᠯ ᠪᠠᠰᠠ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨᠡ ᠶ᠋ᠢ ᠡᠭᠦᠳᠬᠦ᠌ ᠳᠠᠬᠢᠨ ᠡᠭᠦᠰᠴᠦ᠍ ᠪᠣᠯᠬᠤ ᠡᠨᠧᠷᠭᠢ ᠵᠢᠨ ᠠᠮᠢ ᠠᠬᠤᠶ ᠵᠢᠨ ᠦᠶ᠋ᠯᠡᠳᠬᠦᠨᠦ ᠥᠷᠲᠡᠭ ᠢ᠋ ᠪᠡᠶᠡᠯᠡᠭᠦᠯᠬᠦ᠌ ᠲᠣᠭ᠍ᠲᠠᠴᠠ ᠵᠢᠨ ᠬᠡᠷᠡᠭ᠌ᠵᠢᠭᠦᠯᠬᠦ᠌ ᠲᠥᠰᠦᠯ》 ᠢ᠋ ᠬᠠᠮᠲᠤᠷᠠᠨ ᠳᠠᠷᠤᠮᠠᠯᠯᠠᠨ ᠲᠠᠷᠬᠠᠭᠠᠵᠤ᠂ 2027 ᠣᠨ ᠪᠣᠯᠬᠤᠳᠤ ᠥᠪᠥᠷ ᠮᠣᠩᠭᠣᠯ ᠤ᠋ᠨ ᠣᠨᠴᠠᠯᠢᠭᠲᠠᠶ ᠳᠠᠬᠢᠨ ᠡᠭᠦᠰᠴᠦ᠍ ᠪᠣᠯᠬᠤ ᠡᠨᠧᠷᠭᠢ ᠵᠢᠨ ᠠᠮᠢ ᠠᠬᠤᠶ ᠵᠢᠨ ᠦᠶ᠋ᠯᠡᠳᠬᠦᠨᠦ ᠥᠷᠲᠡᠭ ᠢ᠋ ᠪᠡᠶᠡᠯᠡᠭᠦᠯᠬᠦ᠌ ᠲᠦᠷᠢᠮᠦᠨ ᠪᠣᠷᠣ ᠲᠦᠰᠦᠪ ᠢ᠋ ᠪᠠᠢᠭᠤᠯᠵᠤ᠂ 2030 ᠣᠨ ᠪᠣᠯᠬᠤᠳᠤ ᠱᠢᠰᠲ᠋ᠧᠮᠲᠡᠶ ᠲᠡᠭᠦᠯᠳᠡᠷᠵᠢᠭ᠌ᠰᠡᠨ ᠳᠠᠬᠢᠨ ᠡᠭᠦᠰᠴᠦ᠍ ᠪᠣᠯᠬᠤ ᠡᠨᠧᠷᠭᠢ ᠵᠢᠨ ᠠᠮᠢ ᠠᠬᠤᠶ ᠵᠢᠨ ᠦᠶ᠋ᠯᠡᠳᠬᠦᠨᠦ ᠥᠷᠲᠡᠭ ᠢ᠋ ᠪᠡᠶᠡᠯᠡᠭᠦᠯᠬᠦ᠌ ᠲᠣᠭ᠍ᠲᠠᠴᠠ ᠶ᠋ᠢ ᠦᠨᠳᠦᠰᠦᠨᠳᠡᠭᠡᠨ ᠪᠠᠢᠭᠤᠯᠤᠨ᠂ ᠳᠠᠬᠢᠨ ᠡᠭᠦᠰᠴᠦ᠍ ᠪᠣᠯᠬᠤ ᠡᠨᠧᠷᠭᠢ ᠵᠢᠨ ᠠᠮᠢ ᠠᠬᠤᠶ ᠵᠢᠨ ᠦᠶ᠋ᠯᠡᠳᠬᠦᠨᠦ ᠥᠷᠲᠡᠭ ᠢ᠋ ᠠᠵᠤ ᠠᠬᠤᠶ ᠨᠡᠢᠭᠡᠮᠦᠨ ᠬᠥᠭ᠌ᠵᠢᠯᠲᠡ ᠵᠢᠨ ᠪᠥᠬᠥ᠌ ᠲᠠᠯᠠ ᠪᠡᠷ ᠪᠣᠬᠢᠷᠲᠤᠯ ᠥᠬᠡᠶ ᠲᠡᠢᠰᠢ ᠬᠡᠯᠪᠡᠷᠢᠪᠡᠨ ᠬᠤᠪᠢᠷᠠᠭᠤᠯᠬᠤ ᠶ᠋ᠢ ᠲᠦᠷᠭᠡᠳᠭᠡᠬᠦ᠌ ᠳᠤᠮᠳᠠ ᠢᠯᠡᠳᠲᠡ ᠦᠢᠯᠡᠳᠦᠯ ᠦᠵᠡᠭᠦᠯᠦᠨᠡ ᠭᠡᠵᠦ᠍ ᠲᠣᠳᠣᠷᠬᠠᠢᠯᠠᠪᠠ᠃
12 ᠰᠠᠷᠠᠳᠤ᠂ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯᠦᠨ ᠠᠯᠪᠠᠨ ᠲᠢᠩᠬᠢᠮ ᠬᠣᠶᠠᠳᠤᠭᠠᠷ ᠡᠭᠡᠯᠵᠢ ᠵᠢᠨ ᠤᠯᠤᠰ ᠤ᠋ᠨ ᠠᠮᠢ ᠠᠬᠤᠶ ᠵᠢᠨ ᠪᠦᠲᠦᠭᠡᠭᠳᠡᠬᠦᠨᠦ ᠥᠷᠲᠡᠭ ᠢ᠋ ᠪᠡᠶᠡᠯᠡᠭᠦᠯᠬᠦ᠌ ᠲᠣᠭ᠍ᠲᠠᠴᠠ ᠵᠢᠨ ᠲᠤᠷᠱᠢᠯᠲᠠ ᠵᠢᠨ ᠴᠡᠭᠦᠨ ᠨᠡᠷᠡᠰ ᠢ᠋ ᠨᠡᠢᠲᠡᠯᠡᠬᠦᠳᠤ ᠬᠥᠯᠥᠨ ᠪᠣᠢᠷ ᠬᠣᠲᠠ ᠠᠮᠵᠢᠯᠲᠠᠲᠠᠶ ᠪᠡᠷ ᠰᠣᠩᠭᠣᠭ᠍ᠳᠠᠵᠤ᠂ ᠲᠣᠰ ᠬᠣᠲᠠ ᠵᠢᠨ 7000 ᠭᠠᠷᠤᠶ ᠳ᠋ᠦᠩᠱᠢᠭᠤᠷ ᠲᠥᠭᠥᠷᠢᠭᠦᠨ ᠠᠮᠢ ᠠᠬᠤᠶ ᠵᠢᠨ ᠡᠳ᠋ ᠪᠠᠶᠠᠯᠢᠭ ᠤ᠋ᠨ ᠥᠷᠲᠡᠭ ᠢ᠋ ᠬᠤᠪᠢᠷᠠᠭᠤᠯᠤᠨ ᠤᠯᠤᠰ ᠤ᠋ᠨ ᠲᠠᠰ ᠤ᠋ᠨ ᠲᠤᠷᠱᠢᠯᠲᠠ ᠶ᠋ᠢ ᠠᠬᠢᠭᠤᠯᠬᠤ ᠱᠢᠨᠡ ᠱᠠᠲᠤᠨᠳᠤ ᠤᠷᠤᠭ᠍ᠰᠠᠨ ᠢ᠋ ᠬᠠᠷᠠᠭᠤᠯᠵᠤ ᠪᠠᠢᠨᠠ᠃ ᠥᠪᠥᠷ ᠮᠣᠩᠭᠣᠯ 《ᠠᠯᠲᠠᠨ ᠠᠭᠤᠯᠠ ᠮᠦᠩᠭᠦᠨ ᠬᠠᠢᠷᠬᠠᠨ》 ᠤ᠋ ᠣᠢᠯᠠᠭᠠᠭ᠍ᠳᠠᠬᠤᠨ ᠢ᠋ ᠦᠷᠭᠦᠯᠵᠢᠯᠡᠨ ᠦᠶ᠋ᠯᠡᠳᠦᠯᠭᠡᠵᠢᠭᠦᠯᠵᠦ᠍᠂ ᠠᠮᠢ ᠠᠬᠤᠶ ᠵᠢᠨ ᠡᠬᠢ ᠪᠠᠶᠠᠯᠢᠭ ᠢ᠋ 《ᠳᠠᠯᠳᠠ ᠡᠳ᠋ ᠪᠠᠶᠠᠯᠢᠭ》 ᠢ᠋ 《ᠢᠯᠡ ᠡᠳ᠋ ᠬᠥᠷᠥᠩᠭᠡ》 ᠪᠣᠯᠭᠠᠨ ᠤᠨᠳᠤᠤᠰᠢᠭᠤᠯᠬᠤ ᠶ᠋ᠢ ᠠᠬᠢᠭᠤᠯᠵᠤ ᠪᠣᠶ᠃