ᠤᠯᠠᠮᠵᠢᠯᠠᠯᠲᠤ ᠠᠵᠤ ᠦᠢᠯᠡᠰ ᠬᠡᠯᠪᠡᠷᠢ ᠪᠡᠨ ᠬᠤᠪᠢᠷᠠᠭᠤᠯᠤᠨ ᠳᠡᠰ ᠳᠡᠪᠱᠢᠵᠦ᠍ ᠳᠡᠭᠡᠳᠤ ᠲᠦᠪᠰᠢᠨ ᠲᠡᠢᠰᠢ ᠬᠥᠭ᠌ᠵᠢᠪᠡ
2025-12-28 12:01:57
ᠵᠣᠬᠢᠶᠠᠭ᠍ᠴᠢ᠄
ᠶᠠᠩ ᠸᠧᠶ
ᠣᠩᠱᠢᠭ᠍ᠰᠠᠨ ᠣᠳᠠᠭ᠎ᠠ᠄
★★★☆☆

— ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ᠎ᠡᠴᠡ ᠥᠪᠥᠷ ᠮᠣᠩᠭᠣᠯ᠎ᠤᠨ ᠠᠵᠤ ᠠᠬᠤᠶ ᠵᠢᠨ ᠲᠣᠭ᠍ᠲᠠᠭᠤᠨ᠎ᠤ ᠳᠤᠮᠳᠠᠬᠢ ᠰᠠᠢᠵᠢᠷᠠᠯᠲᠠ ᠵᠢ ᠬᠠᠷᠠᠬᠤᠢ


ᠴᠠᠭ᠎ᠤᠨ ᠬᠦᠷᠳᠦ ᠡᠷᠬᠢᠯᠳᠤᠨ᠂ ᠡᠷᠡᠮᠡᠬᠡᠢᠯᠡᠨ ᠲᠡᠮᠡᠴᠡᠭ᠌ᠰᠡᠳ᠎ᠦᠨ ᠤᠯᠠ ᠮᠥᠷ᠎ᠢ ᠦᠯᠡᠳᠡᠭᠡᠪᠡ᠃ ᠬᠦᠬᠡᠭᠡ ᠡᠪᠦᠯ᠎ᠦᠨ ᠬᠦᠢᠳᠡᠨ᠎ᠳᠤ᠂ ᠪᠦᠬᠦ᠌ ᠪᠥᠮᠪᠥᠷᠴᠡᠭ᠎ᠦᠨ ᠲᠠᠩ ᠦᠢᠯᠡᠳᠪᠦᠷᠢ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ ᠠᠯᠺᠸᠨ᠎ᠤ ᠦᠢᠯᠡᠳᠪᠦᠷᠢ᠎ᠶ᠋ᠢᠨ ᠲᠦᠷᠦᠯ ᠵᠦᠢᠯ — ᠥᠪᠥᠷ ᠮᠣᠩᠭᠣᠯ᠎ᠤᠨ ᠪᠦᠦ ᠹᠸᠩ᠎ᠺᠤᠮᠫᠠᠨᠢ ᠵᠢᠨ 300 ᠲᠦᠮᠡᠨ ᠲᠣᠨ ᠨᠡᠭᠦᠷᠡᠰᠦ᠎ᠪᠡᠷ ᠠᠯᠺᠸᠨ ᠦᠢᠯᠡᠳᠬᠦ᠌ ᠲᠦᠷᠦᠯ ᠵᠦᠢᠯ᠎ᠦᠨ ᠠᠬᠤᠢ ᠲᠠᠯᠠᠪᠠᠢ᠎ᠳᠤ ᠬᠦᠷᠬᠦ ᠳ᠋ᠤ ᠮᠠᠰᠢ ᠶᠠᠭᠠᠷᠠᠯᠲᠠᠢ ᠠᠵᠢᠯᠯᠠᠵᠦ ᠪᠠᠢᠭ᠎ᠠ ᠦᠵᠡᠭᠳᠡᠯ ᠬᠠᠷᠠᠭᠠᠨ ᠳ᠋ᠦ ᠳᠤᠳᠤᠷᠠᠨ᠎ᠠ᠃

ᠨᠡᠢᠳᠡ 484 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ ᠠᠱᠢᠭ᠍ᠯᠠᠯᠲᠠ᠎ᠳᠤ ᠤᠷᠤᠭᠠᠳ 10 ᠰᠠᠷ᠎ᠠ ᠭᠠᠷᠤᠢ ᠪᠤᠯᠵᠤ ᠪᠠᠢᠭ᠎ᠠ ᠡᠨᠡ ᠬᠦ᠌ ᠲᠦᠷᠦᠯ ᠵᠦᠢᠯ᠎ᠦᠨ ᠠᠬᠤᠢ ᠲᠠᠯᠠᠪᠠᠢ᠎ᠳᠤ ᠮᠠᠲ᠋ᠧᠷᠢᠶᠠᠯ ᠣᠷᠣᠭᠤᠯᠬᠤ ᠲᠡᠷᠭᠡ᠂ ᠪᠠᠷᠠᠭ᠎ᠠ ᠵᠥᠭᠡᠭᠡᠪᠦᠷᠢᠯᠡᠬᠦ᠌ ᠲᠡᠷᠭᠡ ᠨᠠᠭᠠᠰᠢ ᠴᠠᠭᠠᠰᠢ ᠰᠦᠯᠵᠢᠯᠳᠦᠵᠦ᠍ ᠶᠠᠭᠠᠷᠠᠯᠳᠤᠨ᠎ᠠ ᠁ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠦᠭᠰᠡᠨ ᠲᠤᠰ ᠲᠦᠷᠦᠯ ᠵᠦᠢᠯ 2 ᠰᠠᠷ᠎ᠠ᠎ᠶ᠋ᠢᠨ ᠳᠤᠮᠳᠠᠴᠢ᠎ᠪᠠᠷ ᠠᠱᠢᠭ᠍ᠯᠠᠯᠲᠠ᠎ᠳᠤ ᠤᠷᠤᠭ᠍ᠰᠠᠨ᠎ᠡᠴᠡ ᠤᠳᠤ ᠪᠣᠯᠲᠠᠯ᠎ᠠ᠂ ᠡᠳᠦᠷ ᠳᠤᠮᠳᠠᠴᠢ ᠦᠢᠯᠡᠳᠪᠦᠷᠢᠯᠡᠭᠰᠡᠨ ᠠᠯᠺᠸᠨ ᠨᠢᠭᠡᠨᠲᠡ 9000 ᠲᠣᠨ᠎ᠢ ᠳᠠᠪᠠᠵᠤ᠂ ᠡᠨᠧᠷᠭᠢ᠎ᠶ᠋ᠢᠨ ᠬᠣᠷᠣᠭ᠍ᠳᠠᠯ᠎ᠨᠢ ᠠᠳᠠᠯᠢ ᠲᠦᠷᠦᠯ᠎ᠦᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠲᠦᠷᠦᠯ ᠵᠦᠢᠯ᠎ᠦᠨ ᠰᠠᠭᠤᠷᠢᠨ ᠳᠡᠭᠡᠷ᠎ᠡ ᠲᠠᠬᠢᠨ ᠪᠠᠭᠤᠷᠠᠵᠤ᠂ ᠵᠢᠯ ᠤ᠋ᠨ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠦᠷᠲᠡᠭ ᠪᠠᠷᠤᠭ 300 ᠳ᠋ᠦᠩᠱᠢᠭᠤᠷ ᠲᠥᠭᠥᠷᠢᠭ᠎ᠲᠦ ᠬᠦᠷᠴᠦ᠍᠂ 5000 ᠭᠠᠷᠤᠢ ᠬᠥᠮᠦᠨ᠎ᠦ ᠠᠵᠢᠯ ᠣᠯᠭᠣᠯᠲᠠ᠎ᠶ᠋ᠢ ᠱᠢᠢᠳᠪᠦᠷᠢᠯᠡᠨ᠎ᠠ᠃

ᠴᠠᠭ ᠪᠣᠯ ᠠᠭᠤᠤ ᠶᠡᠬᠡ ᠲᠡᠮᠳᠡᠭ᠌ᠯᠡᠭ᠌ᠴᠢ ᠶᠤᠮ᠃ 《 ᠠᠷᠪᠠᠨ ᠳᠥᠷᠪᠡᠳᠦᠭᠡᠷ ᠲᠠᠪᠤᠨ ᠵᠢᠯ 》 ᠡᠴᠡ ᠨᠠᠭᠠᠱᠢᠬᠢ ᠡᠨᠡ ᠬᠦ᠌ ᠴᠢᠬᠤᠯᠠ ᠴᠠᠭ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠵᠤ ᠳᠡᠭᠡᠳᠦ ᠲᠦᠪᠰᠢᠨ ᠲᠡᠢᠰᠢ ᠤᠷᠤᠭ᠍ᠰᠢᠯᠠᠬᠤ᠎ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠤᠪᠢᠷᠠᠭᠤᠯᠬᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠤᠷᠤᠯᠳᠤᠭᠠᠨ᠎ᠤ ᠵᠠᠮ ᠳ᠋ᠤ ᠤᠷᠤᠬᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠵᠠᠩᠭᠢᠯᠠᠭ᠎ᠠ᠎ᠶ᠋ᠢᠨ ᠠᠷᠭ᠎ᠠ ᠪᠣᠯᠤᠭ᠍ᠰᠠᠨ ᠪᠠᠢᠨ᠎ᠠ᠃

ᠬᠦᠳᠡᠯᠭᠡᠬᠦ ᠬᠦᠴᠦᠨ᠎ᠢ ᠬᠤᠪᠢᠷᠠᠭᠤᠯᠬᠤ ᠵᠠᠮ ᠳᠡᠭᠡᠷ᠎ᠡ ᠥᠪᠥᠷ ᠮᠣᠩᠭᠣᠯ ᠬᠦᠴᠦ ᠬᠤᠷᠠᠮᠳᠤᠭᠤᠯᠤᠨ ᠡᠷᠴᠢ ᠪᠠᠨ ᠴᠢᠩᠭᠠᠯᠠᠪᠠ᠃

ᠶᠡᠷᠦᠩᠬᠡᠶ ᠪᠠᠯᠠ ᠣᠷᠣᠭᠤᠯᠤᠯᠲᠠ᠎ᠨᠢ 67.2 ᠳ᠋ᠦᠩᠱᠢᠭᠤᠷ ᠲᠥᠭᠥᠷᠢᠭ᠎ᠦᠨ ᠵᠠᠬᠠᠨᠠᠭᠤᠷ᠎ᠤᠨ 35 ᠲᠦᠮᠡᠨ ᠲᠣᠨ ᠪᠣᠬᠢᠷᠲᠤᠯ ᠥᠬᠡᠶ ᠴᠠᠬᠢᠯᠭᠠᠨᠳᠤ ᠬᠥᠩᠭᠡᠨᠴᠠᠭᠠᠨ᠎ᠤ ᠲᠥᠷᠥᠯ ᠵᠦᠶ᠋ᠯ᠎ᠦᠨ ᠲᠦᠷᠦᠭᠦᠦ ᠪᠦᠯᠦᠭ᠎ᠦᠨ ᠴᠠᠬᠢᠯᠭᠠᠨ ᠵᠠᠳᠠᠯᠤᠯ᠎ᠤᠨ ᠣᠩᠭᠣᠴᠠ ᠴᠠᠬᠢᠯᠭᠠᠨ ᠨᠡᠪᠲᠡᠷᠡᠵᠦ᠍᠂ ᠡᠨᠡ ᠬᠦ᠌ ᠳᠤᠮᠳᠠᠳᠤ ᠤᠯᠤᠰ᠎ᠤᠨ ᠨᠡᠭᠦᠷᠡᠰᠦᠨ ᠴᠠᠬᠢᠯᠭᠠᠨᠳᠤ ᠬᠥᠩᠭᠡᠨᠴᠠᠭᠠᠨ᠎ᠡᠴᠡ ᠪᠣᠬᠢᠷᠲᠤᠯ ᠥᠬᠡᠶ ᠴᠠᠬᠢᠯᠭᠠᠨᠳᠤ ᠬᠥᠩᠭᠡᠨᠴᠠᠭᠠᠨ ᠲᠡᠢᠰᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠲᠥᠷᠥᠯ ᠵᠦᠶ᠋ᠯ᠎ᠦᠨ ᠲᠣᠭᠣᠷᠢᠭ ᠲᠤ᠌᠂ ᠥᠪᠥᠷ ᠮᠣᠩᠭᠣᠯ ᠶᠠᠭ ᠪᠣᠬᠢᠷᠲᠤᠯ ᠥᠬᠡᠶ ᠴᠠᠬᠢᠯᠭᠠᠨ᠎ᠢ ᠠᠱᠢᠭ᠍ᠯᠠᠬᠤ ᠬᠠᠷᠢᠴᠠᠯ ᠵᠢᠡᠨ 80%᠎ᠳ᠋ᠤ ᠬᠥᠷᠭᠡᠬᠦ ᠠᠸ᠋ᠭ᠎ᠠ ᠰᠠᠨᠠᠭ᠎ᠠ ᠡᠷᠡᠯᠬᠡᠭ ᠵᠣᠷᠢᠭ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠯᠭᠠᠯᠲᠠ᠎ᠶ᠋ᠢᠨ ᠬᠠᠭᠤᠳᠠᠰᠤᠨ ᠳᠡᠭᠡᠷ᠎ᠡ ᠪᠢᠷ ᠬᠤᠷᠤᠢᠯᠠᠨ ᠴᠢᠳᠠᠪᠤᠷᠢ ᠪᠠᠨ ᠪᠠᠳᠠᠷᠠᠭᠤᠯᠵᠤ ᠪᠤᠢ!

ᠪᠤᠭᠤᠲᠤ᠎ᠡᠴᠡ ᠢᠷᠭᠠᠶ ᠬᠥᠷᠬᠥ᠌ ᠲᠦᠷᠭᠡᠨ ᠤ᠋ ᠲᠡᠮᠦᠷ ᠵᠠᠮ᠎ᠢ ᠪᠥᠬᠥ᠌ ᠱᠤᠭᠤᠮ ᠵᠢᠡᠷ ᠨᠢ ᠨᠡᠪᠲᠡᠷᠡᠭᠦᠯᠵᠤ᠂ ᠪᠥᠬᠥ᠌ ᠣᠷᠣᠨ᠎ᠤ ᠵᠡᠭᠦᠨ᠂ ᠳᠤᠮᠳᠠ᠂ ᠪᠠᠷᠠᠭᠤᠨ ᠬᠡᠰᠡᠭ᠎ᠦᠨ ᠲᠦᠷᠭᠡᠨ ᠤ᠋ ᠵᠠᠰᠠᠮᠠᠯ ᠵᠠᠮ᠎ᠢ ᠪᠥᠬᠥ᠌ ᠱᠤᠭᠤᠮ ᠵᠢᠡᠷ ᠨᠢ ᠨᠡᠪᠲᠡᠷᠡᠭᠦᠯᠦᠨ᠂ ᠰᠠᠯᠪᠤᠷᠢ ᠱᠤᠭᠤᠮ᠎ᠤᠨ ᠨᠢᠰᠭᠡᠯ᠎ᠦᠨ ᠠᠶᠠᠯᠠᠯ᠎ᠤᠨ ᠱᠤᠭᠤᠮ 12 ᠠᠢᠮᠠᠭ ᠬᠣᠲᠠ᠎ᠶ᠋ᠢ ᠬᠠᠮᠤᠷᠴᠤ᠂ ᠥᠪᠥᠷ ᠮᠣᠩᠭᠣᠯ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠱᠢᠨ᠎ᠡ ᠴᠠᠭ ᠦᠶ᠎ᠡ᠎ᠶ᠋ᠢ ᠤᠭ᠍ᠲᠤᠨ ᠠᠪᠴᠢᠷᠠᠯ᠎ᠠ!

ᠪᠥᠬᠥ᠌ ᠣᠷᠣᠨ ᠳ᠋ᠤ 6200 ᠭᠠᠷᠤᠶ ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠪᠦᠬᠦ ᠤᠷᠤᠨ ᠤ᠋ ᠲᠦᠬᠦᠭᠡᠷᠦᠮᠵᠢᠲᠦ ᠮᠠᠯ ᠠᠵᠤ ᠠᠬᠤᠶ ᠲᠠᠷᠢᠶᠠᠯᠠᠩ ᠤ᠋ᠨ ᠪᠠᠭ᠍ᠲᠠᠭᠠᠮᠵᠢ᠎ᠶ᠋ᠢ ᠥᠷᠭᠡᠳᠭᠡᠨ ᠬᠡᠮᠵᠢᠶ᠎ᠡ᠎ᠶ᠋ᠢ ᠨᠡᠮᠡᠭ᠌ᠳᠡᠭᠦᠯᠬᠦ ᠠᠵᠢᠯᠯᠠᠭ᠎ᠠ ᠰᠦᠷ ᠳᠠᠯᠠᠢᠴᠠᠲᠠᠶ ᠶᠠᠪᠤᠭ᠍ᠳᠠᠵᠤ᠂ ᠥᠪᠥᠷ ᠮᠣᠩᠭᠣᠯ᠎ᠤᠨ ᠤᠯᠠᠮᠵᠢᠯᠠᠯᠲᠤ ᠮᠠᠯ ᠠᠵᠤ ᠠᠬᠤᠶ ᠲᠠᠷᠢᠶᠠᠯᠠᠩ ᠤ᠋ᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠠᠵᠢᠯ ᠥᠷᠨᠢᠨ ᠬᠥᠭ᠌ᠵᠢᠪᠡ!

ᠤᠯᠤᠰ᠎ᠤᠨ ᠴᠠᠭᠠᠨ ᠢᠳᠡᠭᠡᠨ᠎ᠤ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠬᠣᠶᠠᠳᠤᠭᠠᠷ ᠬᠤᠭᠤᠴᠠᠭᠠᠨ᠎ᠤ ᠲᠦᠷᠦᠯ ᠵᠦᠢᠯ ᠬᠥᠬᠡᠬᠣᠲᠠ᠎ᠳᠤ ᠦᠪᠡᠳᠡᠭ᠌ᠰᠢ ᠶᠡᠬᠡ᠎ᠪᠡᠷ ᠰᠠᠭᠤᠷᠢ ᠲᠠᠯᠪᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠴᠣᠭ᠍ᠴᠠᠯᠠᠵᠤ᠂ ᠴᠠᠭᠠᠨ ᠢᠳᠡᠭᠡᠨ᠎ᠤ ᠦᠢᠯᠡᠰ᠎ᠦᠨ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠦᠷᠭᠦᠯᠵᠢᠯᠡᠨ ᠪᠢᠴᠢᠭ᠌ᠯᠡᠬᠦ᠌᠎ᠪᠡᠷ ᠵᠣᠷᠢᠭ ᠱᠢᠭᠤᠳᠤᠭ᠍ᠰᠠᠨ ᠥᠪᠥᠷ ᠮᠣᠩᠭᠣᠯ ᠬᠦᠴᠦᠷᠭᠡᠭᠵᠢᠬᠦ ᠪᠡᠷ ᠬᠦᠴᠦᠯᠡᠨ ᠴᠢᠷᠮᠠᠢᠵᠤ ᠪᠠᠢᠨ᠎ᠠ!

ᠰᠠᠯᠬᠢ ᠪᠣᠷᠣᠭᠠᠨ᠎ᠡᠴᠡ ᠠᠶᠤᠬᠤ ᠦᠭᠡᠢ᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠢᠯᠠᠩᠭᠤᠶ᠎ᠠ ᠵᠢᠯ᠎ᠤᠨ ᠡᠬᠢᠨ᠎ᠡᠴᠡ ᠨᠠᠭᠠᠰᠢ᠂ ᠥᠪᠥᠷ ᠮᠣᠩᠭᠣᠯ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠬᠤ ᠲᠣᠭ᠍ᠲᠠᠭᠠᠯᠲᠤ ᠴᠢᠨᠠᠷ᠎ᠵᠢᠡᠷ ᠬᠡᠷᠡᠭ᠌ᠴᠡᠭᠡ ᠪᠠᠭᠤᠷᠠᠶ ᠪᠠᠢᠬᠤ᠂ ᠵᠢᠱ᠌ᠢᠯᠲᠡ ᠲᠣᠭ᠍ᠲᠠᠭᠤᠨ ᠪᠤᠰᠤ᠎ᠡᠴᠡ ᠪᠣᠯᠤᠭ᠍ᠰᠠᠨ ᠲᠣᠭ᠍ᠲᠠᠭᠠᠯᠲᠤ ᠪᠤᠰᠤ ᠴᠢᠨᠠᠷ ᠢ᠋ ᠠᠷᠭᠠᠴᠠᠭᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠬᠡᠯᠪᠡᠷᠢ᠎ᠪᠡᠨ ᠬᠤᠪᠢᠷᠠᠭᠤᠯᠬᠤ ᠬᠦᠰᠡᠯ ᠡᠷᠡᠮᠡᠯᠵᠡᠯ ᠨᠢ ᠥᠪᠥᠷ ᠮᠣᠩᠭᠣᠯ᠎ᠤᠨ ᠨᠡᠭᠦᠷᠡᠰᠦᠨ᠎ᠦ 《72 ᠬᠤᠪᠢᠷᠠᠯᠲᠠ》 ᠳ᠋ᠤ ᠠᠭᠤᠯᠤᠭ᠍ᠳᠠᠵᠤ ᠪᠤᠢ᠃

ᠦᠬᠠᠶ ᠬᠣᠲᠠ᠎ᠶ᠋ᠢᠨ ᠤᠳᠠ ᠵᠢᠨ ᠲᠤᠬᠤᠢ ᠵᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠤᠭᠤᠷᠢᠭ ᠲᠤ᠌᠂ ᠠᠵᠤ ᠠᠬᠤᠢᠯᠠᠯ᠎ᠤᠨ BDO ᠎ᠶ᠋ᠢ ᠨᠢᠭᠡ ᠴᠣᠭ᠍ᠴᠠᠵᠢᠭᠤᠯᠬᠤ ᠵᠢᠴᠢ ᠡᠴᠦᠰ ᠤ᠋ᠨ ᠬᠡᠯᠬᠢᠶ᠎ᠠ ᠵᠢᠨ ᠢᠵᠢ ᠪᠥᠷᠢᠳᠦᠭᠦᠯᠬᠦ᠌ ᠲᠥᠷᠥᠯ ᠵᠦᠶ᠋ᠯ᠎ᠦᠨ ᠦᠶ᠋ᠯᠡᠳᠪᠦᠷᠢᠯᠡᠯ᠎ᠦᠨ ᠱᠤᠭᠤᠮ ᠳᠡᠭᠡᠷ᠎ᠡ᠂ ᠬᠠᠷ᠎ᠠ ᠨᠡᠭᠦᠷᠡᠰᠦ᠎ᠨᠢ 《ᠳᠦᠷᠰᠦ ᠬᠤᠪᠢᠷᠬᠠᠰᠠᠨ ᠭᠠᠢᠬᠠᠮᠰᠢᠭᠳᠤ ᠲᠡᠮᠳᠡᠭ᠌ᠯᠡᠯ》 ᠢ᠋ ᠡᠬᠢᠯᠡᠭᠦᠯᠪᠡ — ᠣᠳᠣᠬᠢᠴᠢᠯᠠᠭ᠍ᠰᠠᠨ ᠤᠷ᠎ᠠ ᠮᠡᠷᠭᠡᠵᠢᠯ ᠤ᠋ᠨ ᠶᠠᠪᠤᠴᠠ᠎ᠶ᠋ᠢ ᠥᠩᠭᠡᠷᠡᠭᠡᠭᠡᠳ᠂ ᠤᠷᠢᠳ᠎ᠢᠶᠠᠷ ᠭᠢᠯᠲᠠᠭᠠᠨᠠᠮ᠎ᠠ BDO ᠱᠢᠩᠭᠡᠨ ᠪᠡᠶᠡᠲᠦ ᠪᠣᠯᠵᠣ᠂ ᠵᠠᠯᠭᠠᠭᠠᠳ ᠤᠶᠠᠨ ᠵᠥᠭᠡᠯᠡᠨ ᠱᠢᠪᠲᠦᠷᠲᠦ ᠪᠥᠰ ᠮᠠᠲ᠋ᠧᠷᠢᠶᠠᠯ ᠪᠣᠯᠵᠠᠶ᠃

ᠢᠩᠭᠢᠭᠡᠳ ᠨᠢᠭᠡᠨ ᠦᠷᠭᠦᠯᠵᠢᠯᠡᠨ ᠥᠷᠭᠡᠵᠢᠭᠰᠡᠨ᠂ ᠳᠡᠭᠡᠳᠦ ᠲᠡᠰᠵᠢᠯᠳᠠ ᠲᠡᠢᠰᠢ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠰᠡᠨ ᠠᠵᠤ ᠦᠢᠯᠡᠰ᠎ᠦᠨ ᠬᠡᠯᠬᠢᠶ᠎ᠡ ᠨᠢ ᠨᠡᠭᠦᠷᠡᠰᠦᠨ ᠤ᠋ 《ᠬᠠᠷ᠎ᠠ》 ᠪᠠᠢᠭ᠍ᠰᠠᠨ᠎ᠡᠴᠡ᠎ᠪᠠᠨ 《ᠴᠠᠭᠠᠨ》 ᠪᠣᠯᠬᠤ ᠪᠣᠬᠢᠷᠲᠤᠯ ᠦᠭᠡᠢ ᠬᠤᠪᠢᠰᠤᠯᠲᠠ᠎ᠶ᠋ᠢ ᠠᠮᠢᠳᠤᠯᠢᠭ᠎ᠢᠶᠠᠷ ᠬᠠᠷᠠᠭᠤᠯᠪᠠ᠃

《ᠬᠡᠯᠬᠢᠶ᠎ᠡ᠎ᠶ᠋ᠢ ᠤᠷᠲᠤᠳᠭᠠᠬᠤ ᠬᠡᠯᠬᠢᠶ᠎ᠡ᠎ᠶ᠋ᠢ ᠨᠥᠬᠥᠪᠥᠷᠢᠯᠡᠬᠦ᠌ ᠬᠡᠯᠬᠢᠶ᠎ᠡ᠎ᠵᠢ ᠬᠦᠴᠤᠷᠭᠡᠭᠵᠢᠬᠦᠯᠬᠦ ᠪᠡᠷ ᠳᠠᠮᠵᠢᠭᠤᠯᠤᠨ᠂ ᠪᠢᠳᠡ 〈ᠨᠡᠭᠦᠷᠡᠰᠦ — ᠴᠠᠬᠢᠯᠭᠠᠨ — ᠴᠤᠬᠤᠢ᠎ᠶ᠋ᠢᠨ ᠴᠢᠯᠠᠭᠤ — ᠴᠠᠬᠢᠯᠤᠭᠤᠷ ᠴᠢᠯᠠᠭᠤ — BDO — ᠠᠮᠢᠳᠤ ᠪᠣᠳᠠᠰ᠎ᠤ᠋ᠨ ᠵᠠᠳᠠᠷᠠᠵᠤ ᠪᠤᠯᠬᠤ ᠰᠦᠯᠢᠶᠣᠣ — ᠠᠮᠢᠳᠤ ᠪᠣᠳᠠᠰ ᠤ᠋ᠨ ᠵᠠᠳᠠᠷᠠᠵᠤ ᠪᠤᠯᠬᠤ ᠪᠥᠭᠡᠭᠡᠨᠡᠷᠡᠯ ᠡᠰᠲ᠋ᠧᠷ᠎ᠦᠨ ᠦᠶ᠋ᠯᠡᠳᠬᠦᠨ〉 ᠤ᠋ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠵᠤ᠂ 〈ᠲᠦᠬᠦᠭᠡᠢ᠎ᠡᠴᠡ ᠮᠠᠲ᠋ᠧᠷᠢᠶᠠᠯ ᠪᠣᠯᠭᠠᠵᠤ᠂ ᠮᠠᠲ᠋ᠧᠷᠢᠶᠠᠯ᠎ᠡᠴᠡ ᠪᠠᠭᠠᠵᠢ ᠪᠣᠯᠭᠠᠬᠤ〉 ᠡᠷᠬᠢᠯᠳᠡᠳᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠠᠭ᠍ᠪᠤᠷ᠎ᠢ ᠪᠦᠷᠢᠯᠳᠦᠭᠦᠯᠵᠠᠢ》 ᠭᠡᠵᠦ᠍ ᠤᠳᠠ ᠵᠢᠨ ᠲᠤᠬᠤᠢ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠣᠷᠣᠨ᠎ᠤ BDO ᠨᠢᠭᠡ ᠴᠣᠭ᠍ᠴᠠᠵᠢᠭ᠍ᠰᠠᠨ ᠲᠥᠷᠥᠯ ᠵᠦᠶ᠋ᠯ᠎ᠦᠨ ᠰᠤᠳᠤᠯᠤᠨ ᠨᠡᠭᠡᠭᠡᠬᠦ᠌ ᠲᠥᠪ᠎ᠦᠨ ᠬᠠᠷᠢᠭᠤᠴᠠᠯᠭᠠᠲᠠᠨ ᠯᠢᠦ ᠱᠢᠩ ᠸᠠᠩ ᠬᠡᠯᠡᠪᠡ᠃

ᠬᠥᠭ᠌ᠵᠢᠯᠲᠡ᠎ᠶ᠋ᠢᠨ ᠤᠷᠤᠰᠭᠠᠯ ᠳᠠᠪᠠᠯᠭᠠᠯᠠᠨ ᠤᠷᠤᠭ᠍ᠰᠢᠯᠠᠵᠤ᠂ ᠲᠡᠮᠡᠴᠡᠯ᠎ᠦᠨ ᠠᠯᠬᠤᠭ᠎ᠠ ᠡᠭᠦᠷᠢᠳᠡ ᠵᠤᠬ᠍ᠰᠤᠰᠢ ᠦᠭᠡᠢ᠃ ᠨᠡᠭᠦᠷᠡᠰᠦᠨ᠎ᠦ ᠲᠤᠮᠤ ᠬᠤᠳᠠ ᠤᠷᠳᠤᠰ᠂ ᠨᠡᠩ ᠴᠤ᠌ ᠨᠡᠭᠦᠷᠡᠰᠦᠨ᠎ᠦ 《72 ᠬᠤᠪᠢᠷᠠᠯᠲᠠ》 ᠵᠢ ᠲᠤᠢᠯ᠎ᠳᠤᠨᠢ ᠬᠦᠷᠭᠡᠪᠡ᠃

ᠵᠡᠭᠦᠨᠭᠠᠷ᠎ᠤᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠲᠤ᠂ ᠨᠡᠭᠦᠷᠡᠰᠦ᠎ᠨᠢ ᠬᠢᠮᠢ᠎ᠶ᠋ᠢᠨ ᠠᠵᠢᠯ᠎ᠤᠨ ᠳᠠᠷᠠᠭᠠᠯᠠᠯ᠎ᠢᠶᠠᠷ ᠳᠡᠮᠵᠢᠨ ᠬᠡᠶ ᠪᠡᠶᠡᠲᠦ᠂ ᠱᠢᠩᠭᠡᠨ ᠪᠡᠶᠡᠲᠦ᠂ ᠬᠠᠲᠠᠭᠤ ᠪᠡᠶᠡᠲᠦ ᠮᠠᠲ᠋ᠧᠷᠢᠶᠠᠯ ᠪᠣᠯᠵᠣ᠂ ᠨᠢᠳᠦᠨ ᠱᠢᠯ᠎ᠦᠨ ᠬᠦᠷᠢᠶ᠎ᠠ᠂ ᠬᠤᠪᠴᠠᠰᠤ ᠬᠤᠨᠠᠷ ᠵᠡᠷᠭᠡ ᠦᠶ᠋ᠯᠡᠳᠬᠦ᠌ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠭ᠌ᠳᠡᠵᠦ᠍ ᠪᠣᠶ᠃

ᠮᠸᠩ ᠰᠢ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠬᠦᠷᠢᠶᠡᠯᠡᠩ᠎ᠳᠦ᠂ ᠨᠡᠭᠦᠷᠡᠰᠦ᠎ᠶ᠋ᠢ ᠨᠠᠷᠢᠯᠢᠭ ᠪᠣᠯᠪᠠᠰᠤᠷᠠᠭᠤᠯᠤᠭ᠍ᠰᠠᠨ᠎ᠤ ᠳᠠᠷᠠᠭ᠎ᠠ᠂ ᠪᠤᠳᠤᠭ ᠪᠣᠯᠤᠨ ᠬᠤᠪᠢᠷᠠᠵᠤ᠂ ᠨᠡᠬᠡᠮᠡᠯ ᠳᠠᠷᠤᠮᠠᠯᠯᠠᠨ ᠪᠤᠳᠤᠬᠤ᠎ᠳᠤ ᠬᠡᠷᠡᠭ᠌ᠯᠡᠵᠦ᠍ ᠪᠣᠯᠬᠤ᠎ᠪᠦᠭᠡᠳ ᠪᠠᠰᠠ ᠲᠤᠮᠤ ᠮᠤᠯᠸᠺᠦ᠋ᠯᠲᠤ ᠮᠠᠲ᠋ᠧᠷᠢᠶᠠᠯ᠎ᠳᠤ ᠪᠤᠳᠤᠭ ᠣᠷᠣᠭᠤᠯᠵᠤ ᠪᠣᠯᠤᠨ᠎ᠠ᠃

ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠣᠷᠳᠣᠰ᠎ᠤᠨ ᠨᠡᠭᠦᠷᠡᠰᠦ᠎ᠪᠡᠷ ᠴᠢᠯᠠᠭᠤᠨ ᠲᠣᠰᠣ ᠦᠶ᠋ᠯᠡᠳᠬᠦ᠌ ᠬᠤᠪᠢᠶᠠᠷᠢ ᠺᠣᠮᠫᠠᠨᠢ᠎ᠳᠤ᠂ ᠨᠡᠭᠦᠷᠡᠰᠦᠨ᠎ᠦ ᠨᠤᠨᠲᠠᠭ ᠦᠶ᠋ᠯᠡᠳᠪᠦᠷᠢᠯᠡᠯ᠎ᠦᠨ ᠱᠤᠭᠤᠮ᠎ᠳᠤ ᠣᠷᠣᠭᠠᠳ 20 ᠭᠠᠷᠤᠶ ᠴᠠᠭ ᠪᠣᠯᠤᠭ᠍ᠰᠠᠨ᠎ᠤ ᠳᠠᠷᠠᠭ᠎ᠠ᠂ ᠬᠦᠩᠭᠡᠨ ᠴᠢᠶᠢᠦ᠂ ᠠᠭᠠᠷ᠎ᠤᠨ ᠠᠶᠠᠯᠠᠯ᠎ᠤᠨ ᠨᠡᠭᠦᠷᠡᠰᠦᠨ ᠲᠣᠰᠣ ᠵᠡᠷᠭᠡ ᠳᠡᠭᠡᠳᠦ ᠲᠠᠰ᠎ᠤᠨ ᠲᠣᠰᠣᠨ᠎ᠤ ᠵᠦᠶ᠋ᠯ ᠪᠣᠯᠵᠣ ᠬᠤᠪᠢᠷᠠᠨ᠎ᠠ᠃

ᠬᠡᠯᠪᠡᠷᠢ᠎ᠪᠡᠨ ᠬᠤᠪᠢᠷᠠᠭᠤᠯᠬᠤ ᠬᠦᠰᠡᠯ ᠡᠷᠡᠮᠡᠯᠵᠡᠯ ᠨᠢ ᠥᠪᠥᠷ ᠮᠣᠩᠭᠣᠯ᠎ᠤᠨ ᠬᠣᠪᠣᠷ ᠱᠢᠷᠣᠢ᠎ᠶ᠋ᠢᠨ 《72 ᠬᠤᠪᠢᠷᠠᠯᠲᠠ》 ᠳ᠋ᠤ ᠠᠭᠤᠯᠤᠭ᠍ᠳᠠᠵᠤ ᠪᠤᠢ᠃

ᠪᠤᠭᠤᠲᠤ᠎ᠶ᠋ᠢᠨ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠣᠳᠣᠬᠢᠴᠢᠯᠠᠭ᠍ᠰᠠᠨ ᠦᠶ᠋ᠯᠡᠳᠪᠦᠷᠢᠯᠡᠯ᠎ᠦᠨ ᠱᠤᠭᠤᠮ ᠳᠡᠭᠡᠷ᠎ᠡ᠂ ᠨᠧᠦᠳᠢᠮ ᠲᠡᠮᠦᠷ ᠪᠣᠷ᠎ᠤᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ 《ᠬᠤᠪᠢᠷᠠᠯᠲᠠ》 ᠨᠢ ᠮᠠᠰᠢ ᠭᠠᠢᠬᠠᠮᠱᠢᠭ᠍ᠲᠠᠶ᠄ ᠲᠡᠷᠡ᠎ᠨᠢ ᠦᠳᠡ᠎ᠶ᠋ᠢᠨ ᠡᠮᠦᠨ᠎ᠡ ᠤᠮᠠᠷᠠᠲᠤ᠎ᠶ᠋ᠢᠨ ᠬᠣᠪᠣᠷ ᠱᠢᠷᠣᠶ᠎ᠶ᠋ᠢᠨ ᠪᠦᠯᠦᠭ᠌ᠯᠡᠯ᠎ᠡᠴᠡ ᠦᠶ᠋ᠯᠡᠳᠪᠦᠷᠢᠯᠡᠯ᠎ᠦᠨ ᠱᠤᠭᠤᠮ᠎ᠡᠴᠡ ᠪᠠᠭᠤᠵᠤ᠂ ᠦᠳᠡ᠎ᠶ᠋ᠢᠨ ᠬᠣᠢᠨ᠎ᠠ᠎ᠨᠢ ᠸᠧ ᠯᠦᠩ ᠪᠤᠭᠤᠲᠤ᠎ᠶ᠋ᠢᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠤ ᠦᠶ᠋ᠯᠡᠳᠪᠦᠷᠢᠯᠡᠯ᠎ᠦᠨ ᠱᠤᠭᠤᠮ᠎ᠳᠤ ᠣᠷᠣᠵᠤ᠂ ᠰᠥᠨᠢ᠎ᠨᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠥᠳᠡᠯᠭᠡᠭᠦᠷ ᠴᠠᠬᠢᠯᠭᠠᠨ ᠮᠠᠱᠢᠨ᠎ᠤ ᠭᠤᠤᠯ ᠰᠡᠯᠪᠢᠭ ᠲᠣᠨᠣᠭ ᠪᠣᠯᠵᠣ ᠬᠤᠪᠢᠷᠠᠨ᠎ᠠ᠃

《ᠡᠨᠳᠡ ᠬᠣᠪᠣᠷ ᠱᠢᠷᠣᠢ᠎ᠶ᠋ᠢᠨ ᠲᠡᠮᠦᠷᠯᠢᠭ᠎ᠡᠴᠡ ᠴᠠᠬᠢᠯᠭᠠᠨ ᠮᠠᠱᠢᠨ᠎ᠤ ᠶᠡᠷᠦᠩᠬᠡᠢ ᠪᠦᠲᠦᠴᠡ ᠬᠦᠷᠲᠡᠯᠡᠬᠢ ᠪᠦᠷᠢᠨ ᠪᠦᠳᠤᠨ ᠦᠢᠯᠡᠳᠪᠦᠷᠢᠯᠡᠯ᠎ᠦᠨ ᠱᠤᠭᠤᠮ ᠪᠠᠢᠨ᠎ᠠ》 ᠭᠡᠵᠦ᠍ ᠸᠸ ᠯᠦᠩ ᠪᠤᠭᠤᠲᠤ᠎ᠶ᠋ᠢᠨ ᠲᠤᠬᠳᠠᠮᠠᠯ ᠰᠤᠷᠢᠨᠵᠢᠨ ᠴᠠᠬᠢᠯᠭᠠᠨ ᠮᠠᠱᠢᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ᠎ᠤᠨ ᠲᠤᠰᠠᠯᠠᠭ᠍ᠴᠢ ᠫᠸᠢ ᡁᠢ ᠲᠠᠨᠢᠯᠴᠠᠭᠤᠯᠪᠠ᠃

ᠲᠣᠭ᠍ᠲᠠᠮᠠᠯ ᠰᠣᠷᠢᠨᠵᠢᠨ ᠲᠡᠳᠦᠢ ᠪᠢᠰᠢ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ 《ᠬᠣᠪᠣᠷ ᠱᠢᠷᠣᠢ + ᠪᠤᠯᠤᠳ — ᠬᠣᠪᠣᠷ ᠱᠢᠷᠣᠢ ᠪᠤᠯᠤᠳ᠎ᠤᠨ ᠦᠢᠯᠡᠳᠬᠦᠨ》 ᠭᠡᠬᠦ᠌ ᠡᠨᠡ ᠬᠦ᠌ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠲᠣᠭᠣᠷᠢᠨ᠎ᠳᠤ ᠠᠵᠤ ᠦᠢᠯᠡᠰ᠎ᠦᠨ ᠬᠡᠯᠬᠢᠶ᠎ᠡ᠎ᠪᠡᠨ ᠪᠠᠢᠷᠢᠱᠢᠭᠤᠯᠵᠤ᠂ ᠤᠳᠤ ᠨᠢᠭᠡᠨᠲᠡ 66 ᠲᠦᠷᠦᠯ ᠵᠦᠢᠯ᠂ 300 ᠱᠢᠬᠠᠮ ᠫᠠᠢᠰᠠ ᠲᠡᠮᠳᠡᠭ᠎ᠲᠡᠶ ᠬᠣᠪᠣᠷ ᠱᠢᠷᠣᠢ ᠪᠤᠯᠤᠳ᠎ᠤᠨ ᠦᠢᠯᠡᠳᠬᠦᠨ᠎ᠢ ᠦᠢᠯᠡᠳᠪᠦᠷᠢᠯᠡᠬᠦ᠌ ᠴᠢᠳᠠᠪᠤᠷᠢ᠎ᠶ᠋ᠢ ᠪᠦᠷᠢᠯᠳᠦᠭᠦᠯᠪᠡ᠃

ᠬᠡᠯᠪᠡᠷᠢ᠎ᠪᠡᠨ ᠬᠤᠪᠢᠷᠠᠭᠤᠯᠬᠤ ᠬᠦᠰᠡᠯ ᠡᠷᠡᠮᠡᠯᠵᠡᠯ ᠨᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌᠎ᠡᠴᠡ ᠪᠣᠯᠤᠭ᠍ᠰᠠᠨ ᠪᠣᠬᠢᠷᠲᠤᠯ ᠦᠭᠡᠢ ᠬᠤᠪᠢᠷᠠᠯᠲᠠ᠎ᠳᠤ ᠠᠭᠤᠯᠤᠭ᠍ᠳᠠᠵᠤ ᠪᠤᠢ᠃

ᠡᠨᠡ ᠵᠢᠯ᠎ᠦᠨ 12 ᠰᠠᠷ᠎ᠠ᠎ᠶ᠋ᠢᠨ ᠳᠤᠮᠳᠠᠴᠢ ᠪᠣᠯᠲᠠᠯ᠎ᠠ᠂ ᠥᠪᠥᠷ ᠮᠣᠩᠭᠣᠯ 8 ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮ᠎ᠢᠶᠠᠷ 8200 ᠳ᠋ᠦᠩᠱᠢᠭᠤᠷ ᠺᠢᠯᠦᠸᠠᠲ ᠴᠠᠭ ᠴᠠᠬᠢᠯᠭᠠᠨ ᠬᠦᠷᠭᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ 7 ᠳ᠋ᠦᠩᠱᠢᠭᠤᠷ ᠲᠣᠨ ᠰᠢᠬᠠᠮ ᠪᠠᠭᠠᠰᠭᠠᠪᠠ᠃

ᠬᠡᠯᠪᠡᠷᠢ᠎ᠪᠡᠨ ᠬᠤᠪᠢᠷᠠᠭᠤᠯᠬᠤ ᠬᠦᠰᠡᠯ ᠡᠷᠡᠮᠡᠯᠵᠡᠯ ᠨᠢ ᠥᠪᠥᠷ ᠮᠣᠩᠭᠣᠯ᠎ᠤᠨ ᠴᠠᠭᠠᠨ ᠢᠳᠡᠭᠡᠨ᠎ᠤ ᠦᠢᠯᠡᠰ᠎ᠦᠨ ᠱᠢᠨ᠎ᠡ᠎ᠶ᠋ᠢ ᠡᠭᠦᠳᠬᠦ᠌ ᠬᠤᠪᠢᠷᠠᠯᠲᠠ᠎ᠳᠤ ᠠᠭᠤᠯᠤᠭ᠍ᠳᠠᠵᠤ ᠪᠤᠢ᠃

《ᠰᠢᠷᠭᠡᠭ ᠡᠪᠡᠰᠦ》 ᠡᠴᠡ 《ᠴᠣᠮᠣ ᠰᠦ》 ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠳᠦ ᠱᠢᠨ᠎ᠡ᠎ᠶ᠋ᠢ ᠡᠭᠦᠳᠬᠦ᠌ ᠬᠦᠷᠲᠡᠯ᠎ᠡ᠂ ᠥᠪᠥᠷ ᠮᠣᠩᠭᠣᠯ᠎ᠤᠨ ᠴᠠᠭᠠᠨ ᠢᠳᠡᠭᠡᠨ᠎ᠤ ᠠᠵᠤ ᠠᠬᠤᠢᠯᠠᠯ᠎ᠤᠨ ᠭᠠᠷᠭᠠᠭ᠍ᠰᠠᠨ ᠰᠦᠨ ᠲᠡᠮᠦᠷ᠎ᠦᠨ ᠤᠭᠤᠷᠠᠭ᠎ᠤᠨ ᠣᠷᠭᠠᠨᠢᠭ ᠴᠤᠯ ᠰᠦ ᠵᠡᠷᠭᠡ ᠦᠶ᠋ᠯᠡᠳᠬᠦᠨ᠎ᠨᠢ ᠭᠠᠳᠠᠭᠠᠳᠤ᠎ᠶ᠋ᠢᠨ ᠮᠡᠷᠭᠡᠵᠢᠯ᠎ᠦᠨ ᠭᠠᠭ᠍ᠴᠠᠭᠠᠷ ᠡᠵᠡᠮᠱᠢᠯ᠎ᠡᠴᠡ ᠳᠠᠪᠠᠵᠤ ᠳᠡᠯᠡᠬᠡᠶ ᠳᠡᠭᠡᠷᠡᠬᠢ ᠠᠩᠬᠠᠨ᠎ᠤ ᠡᠭᠦᠳᠦᠯᠲᠡ ᠪᠣᠯᠵᠠᠶ᠂ ᠣᠳᠣᠬᠠᠨ᠎ᠳᠤ ᠢᠯᠢ᠂ ᠮᠧᠩ ᠨᠢᠤ ᠬᠣᠶᠠᠷ ᠲᠣᠮᠣ ᠰᠦ᠎ᠶᠢᠨ ᠠᠵᠤ ᠠᠬᠤᠢᠯᠠᠯ᠎ᠤᠨ ᠴᠠᠭᠠᠨ ᠢᠳᠡᠭᠡᠨ ᠪᠥᠬᠥ᠌ ᠤᠯᠤᠰ᠎ᠤᠨ ᠵᠠᠬ᠎ᠠ ᠳᠡᠯᠭᠡᠭᠦᠷ᠎ᠲᠡᠬᠢ ᠡᠵᠡᠯᠡᠬᠦ᠌ ᠬᠤᠪᠢ᠎ᠶ᠋ᠢᠨ ᠲᠣᠭ᠎ᠠ᠎ᠶ᠋ᠢᠨ 60% ᠣᠷᠴᠢᠮ᠎ᠢ ᠡᠵᠡᠯᠡᠵᠦ᠍ ᠪᠠᠢᠨ᠎ᠠ᠃

ᠡᠨᠡ ᠪᠣᠯ 《ᠬᠡᠯᠪᠡᠷᠢ᠎ᠪᠡᠨ ᠬᠤᠪᠢᠷᠠᠭᠤᠯᠬᠤ》 ᠪᠡᠷ ᠴᠢᠬᠤᠯᠠ ᠬᠦᠭ ᠠᠶᠠᠰ ᠪᠣᠯᠭᠠᠭ᠍ᠰᠠᠨ ᠭᠡᠷᠡᠯ ᠰᠠᠴᠤᠷᠠᠩᠭᠤᠢ ᠣᠨ ᠰᠠᠷ᠎ᠠ ᠪᠣᠯᠤᠨ᠎ᠠ᠃ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠬᠤᠪᠢᠷᠠᠯᠲᠠ᠎ᠪᠠᠷ ᠳᠡᠮᠵᠢᠨ᠂ ᠥᠪᠥᠷ ᠮᠣᠩᠭᠣᠯ᠎ᠤᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠠᠯᠬᠤᠴᠠ ᠲᠦᠷᠭᠡᠳᠴᠦ᠍᠂ ᠠᠵᠤ ᠠᠬᠤᠶ᠎ᠶ᠋ᠢᠨ ᠠᠵᠢᠯᠯᠠᠭᠠᠨ ᠲᠣᠭ᠍ᠲᠠᠭᠤᠨ᠎ᠤ ᠳᠤᠮᠳᠠ ᠰᠠᠢᠵᠢᠷᠠᠪᠠ᠃

— ᠴᠠᠭᠠᠨ ᠢᠳᠡᠭᠡᠨ᠎ᠤ ᠦᠶ᠋ᠯᠡᠰ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠦᠨ ᠬᠦᠴᠦᠲᠡᠶ ᠳᠠᠢᠴᠢᠯᠠᠯᠲᠠ᠎ᠡᠴᠡ ᠠᠱᠢᠭ ᠭᠥᠷᠳᠡᠵᠤ᠂ ᠡᠨᠡ ᠵᠢᠯ᠎ᠦᠨ 1 —11 ᠰᠠᠷ᠎ᠠ᠎ᠳᠤ᠂ ᠥᠪᠥᠷ ᠮᠣᠩᠭᠣᠯ᠎ᠤᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 8.8% ᠎ᠪᠠᠷ ᠨᠡᠮᠡᠭ᠌ᠳᠡᠵᠦ᠍᠂ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 18.6% ᠎ᠪᠠᠷ ᠨᠡᠮᠡᠭ᠌ᠳᠡᠪᠡ᠃

— ᠱᠢᠨ᠎ᠡ᠎ᠪᠡᠷ ᠪᠠᠢᠭᠤᠯᠤᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠦᠬᠦᠭᠡᠷᠤᠮᠵᠢᠳᠤ ᠲᠠᠷᠢᠶᠠᠯᠠᠩ᠎ᠤᠨ ᠲᠥᠷᠥᠯ ᠵᠦᠶ᠋ᠯ᠎ᠦᠨ ᠬᠦᠴᠦᠲᠡᠶ ᠳᠠᠢᠴᠢᠯᠠᠯᠲᠠ᠎ᠡᠴᠡ ᠠᠱᠢᠭ ᠭᠥᠷᠳᠡᠵᠦ᠍᠂ ᠡᠨᠡ ᠵᠢᠯ ᠥᠪᠥᠷ ᠮᠣᠩᠭᠣᠯ᠎ᠤᠨ ᠠᠮᠤ ᠪᠤᠳᠠᠭᠠᠨ᠎ᠤ ᠤᠨᠠᠯᠲᠠ 840.7 ᠳ᠋ᠦᠩᠱᠢᠭᠤᠷ ᠵᠢᠩ᠎ᠳᠦ ᠬᠦᠷᠴᠦ᠍᠂ ᠨᠡᠮᠡᠭ᠌ᠳᠡᠯ᠎ᠦᠨ ᠬᠡᠮᠵᠢᠶ᠎ᠡ᠎ᠨᠢ ᠪᠥᠬᠥ᠌ ᠤᠯᠤᠰ᠎ᠤᠨ ᠬᠣᠶᠠᠳᠤᠭᠠᠷ᠎ᠲᠤ ᠣᠷᠣᠪᠠ᠃

— ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠲᠥᠷᠥᠯ ᠵᠦᠶ᠋ᠯ᠎ᠢᠶᠡᠷ ᠭᠤᠤᠯ ᠪᠣᠯᠭᠠᠭ᠍ᠰᠠᠨ ᠴᠢᠬᠤᠯᠠ ᠶᠡᠬᠡ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠳᠠᠢᠴᠢᠯᠠᠯᠲᠠ᠎ᠡᠴᠡ ᠠᠱᠢᠭ ᠭᠥᠷᠳᠡᠵᠤ᠂ ᠡᠨᠡ ᠵᠢᠯ᠎ᠦᠨ 1 — 11 ᠰᠠᠷ᠎ᠠ᠎ᠳᠤ᠂ ᠥᠪᠥᠷ ᠮᠣᠩᠭᠣᠯ᠎ᠤᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠬᠤᠷᠳᠤᠴᠠ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠵᠠᠭᠤᠨ᠎ᠤ ᠬᠠᠷᠢᠴᠠᠯ᠎ᠢᠶᠡᠷ 6.1 ᠬᠤᠪᠢ ᠥᠨᠳᠥᠷ ᠪᠤᠯᠵᠤ᠂ ᠠᠷᠠᠳ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 7.9% ᠎ᠪᠠᠷ ᠨᠡᠮᠡᠭ᠌ᠳᠡᠪᠡ᠃

— ᠬᠡᠯᠪᠡᠷᠢ᠎ᠪᠡᠨ ᠬᠤᠪᠢᠷᠠᠭᠤᠯᠬᠤ ᠳᠤᠮᠳᠠ ᠬᠠᠳᠠᠭᠠᠯᠠᠯᠲᠠ᠎ᠶ᠋ᠢᠨ ᠬᠡᠮᠵᠢᠶ᠎ᠡ᠎ᠪᠡᠨ ᠲᠣᠬᠢᠷᠠᠭᠤᠯᠤᠭ᠍ᠰᠠᠨ᠎ᠡᠴᠡ ᠠᠰᠢᠭ ᠬᠦᠷᠲᠡᠵᠦ᠂ ᠪᠦᠬᠦ᠌ ᠣᠷᠣᠨ᠎ᠤ ᠪᠣᠬᠢᠷᠲᠤᠯ ᠦᠭᠡᠶ᠂ ᠤᠶᠤᠨᠴᠢᠯᠠᠭ᠍ᠰᠠᠨ ᠨᠡᠭᠦᠷᠡᠰᠦᠨ ᠠᠭᠤᠷᠬᠠᠶ᠎ᠶ᠋ᠢᠨ ᠦᠢᠯᠡᠳᠪᠦᠷᠢᠯᠡᠵᠦ᠍ ᠪᠠᠢᠭ᠎ᠠ ᠨᠡᠭᠦᠷᠡᠰᠦᠨ ᠠᠭᠤᠷᠬᠠᠶ᠎ᠳᠠᠬᠢ ᠡᠵᠡᠯᠡᠬᠦ᠌ ᠬᠠᠷᠢᠴᠠᠯ᠎ᠢ ᠲᠤᠰ ᠲᠤᠰ 60%᠂ 70% ᠎ᠡᠴᠡ ᠳᠡᠭᠡᠭ᠌ᠰᠢ ᠪᠣᠯᠲᠠᠯ᠎ᠠ ᠨᠡᠮᠡᠭ᠌ᠳᠡᠭᠦᠯᠵᠦ᠍᠂ ᠣᠢᠷ᠎ᠠ᠎ᠶ᠋ᠢᠨ 5 ᠵᠢᠯ᠎ᠳᠦ ᠪᠣᠯᠣᠳ ᠲᠡᠮᠦᠷ᠂ ᠬᠡᠦᠷᠱᠢᠭᠦᠯᠬᠦ᠌ ᠵᠡᠷᠭᠡ ᠬᠦᠷᠢᠶᠡᠨ᠎ᠳᠡᠬᠢ ᠬᠢᠵᠠᠭᠠᠷᠯᠠᠬᠤ ᠲᠥᠷᠥᠯ᠎ᠦᠨ ᠦᠢᠯᠡᠳᠪᠦᠷᠢᠯᠡᠬᠦ᠌ ᠴᠢᠳᠠᠪᠤᠷᠢ᠎ᠶ᠋ᠢ ᠨᠡᠢᠲᠡ 3100 ᠲᠦᠮᠡᠨ ᠲᠣᠨ᠎ᠡᠴᠡ ᠳᠡᠭᠡᠭ᠌ᠰᠢ ᠪᠤᠴᠠᠭᠠᠨ ᠭᠠᠷᠭᠠᠪᠠ᠃

— ᠬᠡᠯᠪᠡᠷᠢ᠎ᠪᠡᠨ ᠬᠤᠪᠢᠷᠠᠭᠤᠯᠬᠤ ᠳᠤᠮᠳᠠ ᠨᠡᠮᠡᠭᠳᠡᠯ᠎ᠤᠨ ᠬᠡᠮᠵᠢᠶ᠎ᠡ᠎ᠪᠠᠨ ᠱᠢᠯᠢᠳᠡᠭ᠌ᠵᠢᠭᠦᠯᠦᠭᠰᠡᠨ ᠡᠴᠡ ᠠᠱᠢᠭ ᠬᠦᠷᠲᠡᠵᠦ᠍᠂ ᠣᠷᠳᠣᠰ᠎ᠢ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠨᠠᠷᠠᠲᠤ ᠬᠣᠲᠠ ᠪᠣᠯᠭᠠᠵᠤ᠂ ᠬᠥᠬᠡᠬᠣᠲᠠ᠎ᠶ᠋ᠢᠨ ᠰᠦ᠎ᠶᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢ ᠧᠦ᠋ᠷᠣᠫᠠ ᠠᠮᠧᠷᠢᠺᠠ᠂ ᠵᠡᠭᠦᠨ ᠡᠮᠦᠨᠡᠲᠦ ᠠᠽᠢᠶ᠎ᠠ ᠪᠠ ᠶᠡᠬᠡ ᠲᠡᠯᠡᠶ᠎ᠶ᠋ᠢᠨ ᠲᠢᠪ ᠵᠡᠷᠭᠡ ᠭᠠᠵᠠᠷ ᠬᠦᠷᠲᠡᠯ᠎ᠡ ᠤᠷᠲᠤᠳᠭᠠᠵᠤ᠂ ᠪᠤᠭᠤᠲᠤ᠂ ᠲᠦᠩᠯᠢᠶᠣᠤ᠎ᠶ᠋ᠢ ᠦᠶ᠋ᠯᠡᠳᠬᠦᠨ᠎ᠦ ᠥᠷᠲᠡᠭ ᠨᠢ ᠮᠢᠩᠭᠠᠨ ᠳ᠋ᠦᠩᠱᠢᠭᠤᠷ ᠲᠠᠰ᠎ᠤᠨ ᠬᠥᠩᠭᠡᠨ ᠴᠠᠭᠠᠨ᠎ᠤ ᠠᠵᠤ ᠦᠶ᠋ᠯᠡᠰ᠎ᠦᠨ ᠬᠣᠶᠠᠷ ᠰᠠᠭᠤᠷᠢᠨ ᠪᠣᠯᠭᠠᠨ ᠪᠠᠢᠭᠤᠯᠵᠤ᠂ ᠤᠯᠠᠭᠠᠨᠴᠠᠪ᠎ᠢ ᠪᠥᠬᠥ᠌ ᠤᠯᠤᠰ᠎ᠤᠨ ᠬᠠᠮᠤᠭ᠎ᠤᠨ ᠶᠡᠬᠡ ᠲᠡᠮᠦᠷ᠎ᠦᠨ ᠬᠠᠢᠯᠤᠰᠢ᠎ᠶ᠋ᠢᠨ ᠠᠵᠤ ᠦᠶ᠋ᠯᠡᠰ᠎ᠦᠨ ᠲᠥᠪᠯᠡᠷᠡᠯ᠎ᠦᠨ ᠣᠷᠣᠨ ᠪᠣᠯᠭᠠᠨ ᠪᠠᠢᠭᠤᠯᠵᠤ᠂ ᠦᠬᠠᠶ᠎ᠶ᠋ᠢ ᠲᠣᠭᠣᠷᠢᠭ᠍ᠰᠠᠨ ᠭᠠᠵᠠᠷ ᠣᠷᠣᠨ᠎ᠤ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ ᠲᠦᠪᠯᠡᠷᠡᠭᠰᠡᠨ ᠪᠠᠢᠳᠠᠯ᠎ᠢ ᠪᠣᠶ ᠪᠣᠯᠭᠠᠪᠠ᠃

ᠬᠥᠭ᠌ᠵᠢᠯᠲᠡ ᠬᠢᠵᠠᠭᠠᠯᠠᠰᠢ ᠦᠭᠡᠢ᠃ ᠨᠢᠭᠡ 5 ᠵᠢᠯ ᠥᠩᠭᠡᠷᠡᠯ᠎ᠡ᠂ ᠪᠠᠰᠠ ᠨᠢᠭᠡ 5 ᠵᠢᠯ ᠡᠬᠢᠯᠡᠬᠦ ᠭᠡᠵᠦ ᠪᠤᠢ᠃ 2026 ᠣᠨ᠎ᠳᠤ᠂ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠬᠡᠷᠬᠢᠨ ᠪᠡᠬᠢᠵᠢᠭᠦᠯᠦᠨ ᠥᠷᠭᠡᠳᠭᠡᠬᠦ᠌ ᠪᠤᠢ? ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠥᠭ᠌ᠭᠦᠭ᠌ᠰᠡᠨ ᠬᠠᠷᠢᠭᠤᠯᠲᠠ ᠬᠥᠮᠦᠰ᠎ᠢ ᠵᠣᠷᠢᠭ᠍ᠵᠢᠭᠤᠯᠤᠨ᠎ᠠ᠄

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠬᠥᠭ᠌ᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠠᠷ ᠬᠦᠴᠦᠯᠡᠨ᠂ ᠠᠵᠤ ᠠᠬᠤᠢ᠎ᠶ᠋ᠢᠨ ᠶᠠᠰᠤ ᠴᠢᠨᠠᠷ᠎ᠢ ᠪᠦᠲᠦᠮᠵᠢᠲᠡᠢ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ᠎ᠶ᠋ᠢ ᠵᠣᠬᠢᠰᠲᠠᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号