《ᠡᠷᠳᠡᠮᠲᠡᠳ ᠪᠣᠯᠪᠠᠰᠤᠨ᠎ᠢ ᠥᠭᠦᠯᠡᠬᠦᠢ》 ᠠᠩᠬᠠᠨ᠎ᠤ ᠲᠠᠯᠠᠪᠤᠷ ᠠᠵᠢᠯᠯᠠᠭ᠎ᠠ ᠬᠢᠩᠭᠠᠨ ᠠᠢᠮᠠᠭ᠎ᠲᠤ ᠶᠠᠪᠤᠭ᠍ᠳᠠᠪᠠ
2025-12-28 12:56:03
ᠵᠣᠬᠢᠶᠠᠭ᠍ᠴᠢ᠄
ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 27᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠎ᠡᠴᠡ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠡᠴᠡ ᠳᠠᠭᠠᠭᠠᠴᠢᠯᠠᠨ ᠡᠷᠬᠢᠯᠡᠵᠦ᠍᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠬᠢᠩᠭᠠᠨ ᠠᠢᠮᠠᠭ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠂ ᠤᠯᠠᠭᠠᠨᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠣᠯᠤᠨ ᠤᠯᠠᠭᠠᠨᠬᠣᠲᠠ᠎ᠶ᠋ᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ ᠬᠠᠮᠲᠤᠷᠠᠵᠦ ᠬᠠᠮᠵᠢᠨ ᠡᠷᠬᠢᠯᠡᠭ᠌ᠰᠡᠨ 《ᠡᠷᠳᠡᠮᠲᠡᠳ ᠪᠣᠯᠪᠠᠰᠤᠨ᠎ᠢ ᠦᠭᠦᠯᠡᠬᠦᠢ》 ᠠᠩᠬᠠᠨ᠎ᠤ ᠲᠠᠯᠠᠪᠤᠷ ᠠᠵᠢᠯᠯᠠᠭ᠎ᠠ ᠬᠢᠩᠭᠠᠨ ᠠᠢᠮᠠᠭ᠎ᠤᠨ ᠤᠯᠠᠭᠠᠨᠬᠣᠲᠠ᠎ᠳᠤ ᠶᠠᠪᠤᠭ᠍ᠳᠠᠪᠠ᠃ ᠠᠵᠢᠯᠯᠠᠭ᠎ᠠ᠎ᠨᠢ 《ᠪᠣᠯᠪᠠᠰᠤᠨ᠎ᠢᠶᠠᠷ ᠬᠠᠨᠢᠰᠠᠵᠤ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》 ᠪᠠᠷ ᠭᠤᠤᠯ ᠰᠡᠳᠦᠪ ᠪᠣᠯᠭᠠᠵᠤ᠂ 《ᠭᠤᠤᠯ ᠬᠤᠷᠠᠯ᠎ᠤᠨ ᠲᠠᠯᠠᠪᠠᠶ᠎ᠳᠤ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠬᠤ + ᠬᠤᠪᠢᠶᠠᠷᠢ ᠬᠤᠷᠠᠯ᠎ᠤᠨ ᠲᠠᠯᠠᠪᠠᠶ᠎ᠳᠤ ᠣᠨᠴᠠᠯᠢᠭ᠎ᠲᠠᠶ᠎ᠪᠠᠷ ᠬᠤᠷᠰᠢᠯᠴᠠᠬᠤ》 ᠬᠡᠯᠪᠡᠷᠢ᠎ᠪᠡᠷ ᠳᠠᠮᠵᠢᠭᠤᠯᠤᠨ᠂ ᠱᠢᠯᠢᠳᠡᠭ ᠰᠣᠶᠣᠯ᠎ᠤᠨ ᠡᠬᠢ ᠪᠠᠶᠠᠯᠢᠭ ᠬᠢᠭᠡᠳ ᠲᠡᠷᠢᠭᠦᠨ᠎ᠦ ᠨᠡᠢᠲᠡᠯᠢᠭ ᠬᠦᠴᠦᠨ᠎ᠢ ᠨᠡᠢᠳᠭᠡᠵᠦ᠍᠂ ᠵᠢᠱ᠌ᠢᠶᠡᠴᠢ ᠡᠴᠡ ᠤᠬᠠᠭᠤᠯᠤᠨ ᠲᠠᠢᠯᠪᠤᠷᠢᠯᠠᠬᠤ᠂ ᠬᠡᠷᠡᠭ᠎ᠦᠨ ᠵᠢᠱ᠌ᠢᠶ᠎ᠡ᠎ᠶ᠋ᠢ ᠬᠤᠪᠢᠶᠠᠯᠴᠠᠬᠤ᠌᠂ ᠲᠤᠰᠭᠠᠶ ᠮᠡᠷᠭᠡᠵᠢᠯᠲᠡᠨ  ᠲᠠᠢᠯᠤᠮᠵᠢ ᠬᠢᠬᠦ᠌᠂ ᠤᠷᠠᠨ ᠰᠠᠢᠬᠠᠨ᠎ᠤ ᠲᠣᠭ᠍ᠯᠠᠯᠲᠠ ᠭᠠᠷᠭᠠᠬᠤ ᠵᠡᠷᠭᠡ ᠣᠯᠠᠨ ᠡᠱᠢᠲᠦ ᠠᠭᠤᠯᠭ᠎ᠠ᠎ᠶ᠋ᠢ ᠠᠭᠤᠰᠤᠯᠴᠠᠭᠤᠯᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠳᠦ ᠨᠢᠭᠡ ᠤᠳᠠᠭᠠᠨ᠎ᠤ ᠭᠣᠢᠳᠠ ᠰᠠᠢᠬᠠᠨ ᠣᠶᠤᠨ᠎ᠤ ᠪᠣᠯᠪᠠᠰᠤᠨ᠎ᠤ ᠦᠪᠡᠳᠡᠭ᠌ᠰᠢ ᠨᠠᠢᠷ᠎ᠢ ᠡᠷᠭᠦᠭ᠌ᠰᠡᠨ ᠪᠠᠢᠨ᠎ᠠ᠃

ᠭᠣᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠬᠢᠩᠭᠠᠨ ᠠᠢᠮᠠᠭ᠎ᠤᠨ ᠰᠣᠶᠣᠯ᠎ᠤᠨ ᠲᠥᠪ᠎ᠲᠦ ᠡᠬᠢᠯᠡᠪᠡ᠃ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠯᠢ ᠢ ᡁᠢ᠂ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ ᠪᠠᠭᠠᠲᠤᠷ ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ ᠪᠠ ᠬᠥᠯᠥᠨ ᠪᠣᠢᠷ ᠬᠣᠲᠠ᠎ᠶ᠋ᠢᠨ ᠡᠸᠡᠩᠬᠢ ᠬᠣᠱᠢᠭᠤᠨ᠎ᠤ ᠤᠬᠠᠭᠤᠯᠤᠨ ᠲᠠᠢᠯᠪᠤᠷᠢᠯᠠᠭ᠍ᠴᠢ᠂ ᠤᠷᠢᠳ ᠬᠣᠵᠢᠳ ᠦᠨᠳᠦᠰᠦᠲᠡᠨ᠎ᠦ ᠪᠦᠯᠬᠦᠮᠳᠡᠯ᠂ ᠠᠵᠢᠯ ᠦᠢᠯᠡᠰ᠎ᠢᠶᠡᠨ ᠳᠡᠭᠡᠳᠦᠯᠡᠵᠦ᠍ ᠬᠤᠪᠢ ᠨᠡᠮᠡᠷᠢ ᠦᠵᠡᠭᠦᠯᠬᠦ᠌᠂ ᠨᠡᠢᠭᠡᠮ ᠲᠣᠭᠣᠷᠢᠭ᠎ᠤᠨ ᠵᠠᠰᠠᠯᠲᠠ ᠵᠡᠷᠭᠡ ᠲᠠᠯ᠎ᠠ᠎ᠶ᠋ᠢᠨ ᠠᠮᠢᠳᠤᠯᠢᠭ ᠦᠢᠯᠡᠳᠦᠯᠭᠡ ᠪᠠ ᠰᠡᠳᠭᠢᠯ ᠬᠥᠳᠡᠯᠭᠡᠮ᠎ᠡ ᠦᠯᠢᠭᠡᠷ᠎ᠢ ᠬᠤᠪᠢᠶᠠᠯᠴᠠᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠪᠠᠰᠠ 2025 ᠣᠨ᠎ᠤ ᠪᠥᠬᠥ᠌ ᠣᠷᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠷᠥᠯ ᠵᠦᠶ᠋ᠯ᠎ᠦᠨ ᠤᠷᠤᠯᠳᠤᠭᠠᠨ᠎ᠤ ᠱᠠᠩᠨᠠᠯ ᠭᠥᠷᠳᠡᠭᠰᠡᠨ ᠨᠡᠷᠡᠰ᠎ᠢ ᠨᠡᠢᠲᠡᠯᠡᠵᠦ᠍᠂ ᠭᠤᠷᠪᠠᠨ ᠦᠨᠳᠦᠰᠦᠨ ᠱᠠᠲᠤᠨ᠎ᠤ ᠲᠥᠯᠥᠭᠡᠯᠡᠭ᠌ᠴᠢ ᠲᠥᠷᠥᠯ ᠵᠦᠶ᠋ᠯ᠎ᠦᠨ ᠲᠤᠷᠱᠢᠯᠭ᠎ᠠ᠎ᠪᠠᠨ ᠬᠤᠪᠢᠶᠠᠯᠴᠠᠵᠤ᠂ ᠹᠦᠳᠠᠨ ᠶᠡᠬᠡ ᠰᠤᠷᠭᠠᠭᠤᠯᠢ᠎ᠶ᠋ᠢᠨ ᠣᠨᠴᠠ ᠤᠷᠢᠭ᠍ᠰᠠᠨ ᠫᠷᠤᠹᠧᠰᠰᠤᠷ᠂ ᠴᠠᠩ ᠵᠢᠶᠠᠩ ᠡᠷᠳᠡᠮᠲᠡᠨ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠫᠷᠤᠹᠧᠰᠰᠤᠷ ᠨᠠᠷᠠᠨᠪᠢᠯᠢᠭ᠌ ᠭᠤᠷᠪᠠᠨ ᠬᠡᠷᠡᠭ᠎ᠦᠨ ᠵᠢᠱ᠌ᠢᠶ᠎ᠡ᠎ᠶ᠋ᠢᠨ ᠲᠣᠭᠣᠷᠢᠨ᠎ᠳᠤ ᠣᠨᠣᠯ᠎ᠤᠨ ᠲᠠᠢᠯᠪᠤᠷᠢᠯᠠᠯᠲᠠ ᠬᠢᠵᠡᠶ᠃

ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠂ ᠳᠤᠮᠳᠠᠳᠤ ᠤᠯᠤᠰ᠎ᠤᠨ ᠰᠠᠢᠨ ᠬᠥᠮᠦᠨ ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ ᠪᠣᠯᠤᠨ ᠲᠤᠰᠭᠠᠶ ᠮᠡᠷᠭᠡᠵᠢᠯᠲᠡᠨ ᠡᠷᠳᠡᠮᠲᠡᠨ᠂ ᠦᠨᠳᠦᠰᠦᠨ ᠱᠠᠲᠤᠨ᠎ᠤ ᠲᠥᠯᠥᠭᠡᠯᠡᠭ᠌ᠴᠢᠳ ᠪᠠᠰᠠ 5 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠭᠠᠵᠠᠷ᠂ ᠥᠷᠲᠡᠭᠡ) ᠤ᠋ᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠦᠷᠴᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ ᠰᠠᠨᠠᠯ᠎ᠢᠶᠠᠨ ᠰᠣᠯᠢᠯᠴᠠᠵᠤ᠂ ᠪᠣᠯᠪᠠᠰᠤᠨ᠎ᠤ ᠲᠠᠭᠤᠨ᠎ᠢ ᠦᠨᠳᠦᠰᠦᠨ ᠱᠠᠲᠤᠨ᠎ᠳᠤ ᠱᠢᠭᠤᠳ ᠳᠠᠮᠵᠢᠭᠤᠯᠬᠤ ᠪᠤᠯᠤᠨ᠎ᠠ᠃

ᠣᠢᠯᠠᠭᠠᠭ᠍ᠰᠠᠨ᠎ᠢᠶᠠᠷ᠂ 《ᠡᠷᠳᠡᠮᠲᠡᠳ ᠪᠣᠯᠪᠠᠰᠤᠨ᠎ᠢ ᠥᠭᠦᠯᠡᠬᠦᠢ》 ᠱᠢᠷᠢᠰ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠪᠠᠢᠵᠦ᠂ 《ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠶᠡᠷᠦᠩᠬᠡᠶ ᠴᠤᠩᠬᠤᠪᠴᠢ ᠪᠣᠯᠭᠠᠨ ᠪᠠᠢᠭᠤᠯᠬᠤ》 ᠶ᠋ᠢ ᠠᠬᠢᠭᠤᠯᠬᠤ ᠵᠢ ᠵᠤᠷᠢᠵᠠᠢ᠃ ᠠᠵᠢᠯᠯᠠᠭ᠎ᠠ᠎ᠨᠢ ᠨᠡᠢᠲᠡᠯᠢᠭ ᠵᠢᠱ᠌ᠢᠶ᠎ᠡ᠎ᠪᠡᠷ ᠬᠦᠳᠦᠯᠦᠨ ᠳᠠᠭᠠᠭᠤᠯᠵᠤ᠂ ᠬᠡᠷᠡᠭ᠎ᠦᠨ ᠵᠢᠱ᠌ᠢᠶ᠎ᠡ᠎ᠵᠢ ᠬᠤᠪᠢᠶᠠᠯᠴᠠᠵᠤ᠂ ᠤᠳᠭ᠎ᠠ ᠤᠷᠠᠯᠢᠭ᠎ᠢᠶᠠᠷ ᠰᠡᠳᠭᠢᠯ᠎ᠢ ᠳᠤᠯᠠᠭᠠᠴᠠᠭᠤᠯᠵᠤ᠂ ᠨᠠᠮ᠎ᠤᠨ ᠱᠢᠨ᠎ᠡ᠎ᠡᠭᠦᠳᠦᠯᠳᠡ ᠵᠢᠨ ᠣᠨᠣᠯ᠂ ᠵᠢᠱ᠌ᠢᠶᠡᠴᠢ ᠥᠯᠢᠭᠡᠷ᠂ ᠰᠣᠶᠣᠯ᠎ᠤᠨ ᠦᠶ᠋ᠯᠡᠴᠢᠯᠡᠭᠡ ᠪᠠ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠵᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠵᠤ᠂ ᠬᠥᠮᠦᠰ᠎ᠦᠨ ᠰᠡᠳᠭᠢᠯ᠎ᠢ ᠤᠮᠳᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号