ᠬᠤᠶᠠᠷ ᠬᠦᠷᠢᠶᠡᠯᠡᠩ ᠲᠤᠭᠤᠷᠢᠭ ᠰᠤᠩᠭᠤᠭᠳᠠᠵᠠᠢ
2025-12-28 13:27:59
ᠵᠣᠬᠢᠶᠠᠭ᠍ᠴᠢ᠄
ᠯᠢ ᠶᠦᠩ ᠲᠤᠸ᠋
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 12 ᠰᠠᠷ᠎ᠠ᠎ᠶᠢᠨ 27᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ᠎ᠢᠶᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠠᠯᠪᠠᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠡᠨᠧᠷᠭᠢ᠎ᠶᠢᠨ ᠲᠣᠪᠴᠢᠶ᠎ᠠ᠎ᠶᠢᠨ ᠶᠡᠷᠦᠩᠬᠡᠢᠯᠡᠭᠰᠡᠨ ᠵᠤᠷᠭᠠᠨ ᠬᠠᠮᠳᠤᠷᠠᠨ ᠣᠢᠷ᠎ᠠ᠎ᠳᠤ 《ᠤᠯᠤᠰ᠎ᠤᠨ ᠲᠠᠰ᠎ᠤᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠨᠡᠷᠡᠰ (ᠲᠦᠷᠦᠭᠦᠦ ᠪᠦᠯᠦᠭ)》᠎ᠤᠨ ᠮᠡᠳᠡᠭᠳᠡᠯ᠎ᠢ ᠳᠠᠷᠤᠮᠠᠯᠯᠠᠨ ᠲᠠᠷᠬᠠᠭᠠᠵᠤ᠂ ᠪᠥᠬᠥ ᠤᠯᠤᠰ ᠡᠴᠡ ᠨᠡᠶ᠋ᠢᠲᠡ 52 ᠬᠦᠷᠢᠶᠡᠯᠡᠩ ᠲᠣᠭᠣᠷᠢᠭ᠋ ᠨᠡᠷᠡᠰ᠎ᠦᠨ ᠵᠢᠭ᠍ᠰᠠᠭᠠᠯᠲᠠ᠎ᠳᠤ ᠤᠷᠤᠵᠤ᠂ ᠥᠪᠥᠷ ᠮᠣᠩᠭᠣᠯ᠎ᠤᠨ ᠣᠷᠳᠣᠰ᠎ᠤᠨ ᠮᠧᠩ ᠰᠤ᠌ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠂ ᠪᠤᠭᠤᠲᠤ᠎ᠶᠢᠨ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠣᠭᠣᠷᠢᠭ᠋ ᠵᠡᠷᠭᠡ 2 ᠬᠦᠷᠢᠶᠡᠯᠡᠩ ᠲᠣᠭᠣᠷᠢᠭ᠋ ᠰᠣᠩᠭᠣᠭᠳᠠᠪᠠ᠃

ᠥᠪᠥᠷ ᠮᠣᠩᠭᠣᠯ᠎ᠤᠨ 2 ᠬᠦᠷᠢᠶᠡᠯᠡᠩ ᠲᠣᠭᠣᠷᠢᠭ᠋ ᠠᠮᠵᠢᠯᠲᠠᠲᠠᠢ ᠰᠣᠩᠭᠣᠭᠳᠠᠬᠰᠠᠨ ᠨᠢ ᠥᠪᠥᠷ ᠮᠣᠩᠭᠣᠯ᠎ᠤᠨ ᠡᠨᠧᠷᠭᠢ᠎ᠶᠢᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠪᠠ 《ᠬᠣᠣᠰ ᠨᠡᠭᠦᠷᠡᠰᠦᠲᠥ᠋ᠷᠥᠭᠴᠢ》᠎ᠶᠢᠨ ᠬᠠᠷᠠᠯᠲᠠ᠎ᠶᠢ ᠪᠡᠶᠡᠯᠡᠭᠦᠯᠬᠦ ᠲᠠᠯ᠎ᠠ᠎ᠪᠠᠷ ᠬᠢ ᠡᠷᠡᠰ ᠵᠣᠷᠢᠭ᠋ ᠪᠠ ᠤᠷᠢᠳᠠᠴᠢ ᠪᠠᠢᠷᠢᠯᠠᠭᠤᠯᠤᠯᠲᠠ᠎ᠶᠢ ᠬᠠᠷᠠᠭᠤᠯᠵᠤ᠂ ᠥᠪᠥᠷ ᠮᠣᠩᠭᠣᠯ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠨᠠᠩ ᠣᠯᠠᠨ ᠤᠯᠤᠰ᠎ᠤᠨ ᠲᠥᠷᠥ᠎ᠶᠢᠨ ᠪᠣᠳᠣᠯᠭ᠎ᠠ ᠵᠢ ᠡᠷᠡᠮᠡᠯᠵᠡᠯᠡᠨ ᠤᠯᠵᠤ᠂ ᠠᠵᠤ ᠦᠢᠯᠡᠰ᠎ᠵᠢᠡᠨ ᠪᠠᠢᠷᠢᠰᠢᠭᠤᠯᠬᠤ᠎ᠳᠤ ᠡᠷᠬᠢᠮ ᠨᠠᠨᠳᠢᠨ ᠠᠵᠠ ᠲᠣᠬᠢᠶᠠᠯ ᠪᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭ᠎ᠠ ᠤᠯᠭᠤᠪᠠ᠃

ᠪᠦᠬᠦ ᠪᠥᠮᠪᠥᠷᠴᠡᠭ᠎ᠦᠨ ᠠᠩᠬᠠᠳᠠᠭ᠍ᠴᠢ ᠰᠢᠰᠲᠧᠮ ᠲᠠᠢ ᠪᠠᠢᠭᠤᠯᠤᠯᠲᠠ ᠪᠦᠬᠦᠢ ᠨᠡᠭᠦᠷᠡᠰᠦᠲᠥ᠋ᠷᠥᠭᠴᠢ ᠦᠭᠡᠢ ᠠᠵᠤ ᠦᠢᠯᠡᠰ᠎ᠦᠨ ᠬᠦᠷᠢᠶᠡᠯᠡᠩ ᠪᠣᠯᠤᠭᠰᠠᠨ᠎ᠤ ᠬᠤᠪᠢ᠎ᠳᠤ᠂ ᠣᠷᠳᠣᠰ᠎ᠤᠨ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠤᠭᠤᠷᠢᠭ᠎ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ᠎ᠦᠨ ᠬᠦᠷᠢᠶᠡᠯᠡᠩ ᠲᠣᠭᠣᠷᠢᠭ᠋ 2022 ᠣᠨ᠎ᠤ 4 ᠰᠠᠷ᠎ᠠ᠎ᠳᠤ ᠪᠠᠢᠭᠤᠯᠤᠭᠳᠠᠭᠰᠠᠨ᠎ᠠᠴᠠ ᠨᠠᠭᠠᠰᠢ᠂ 3 ᠵᠢᠯ ᠭᠠᠷᠤᠢ᠎ᠶᠢᠨ ᠴᠢᠷᠮᠠᠢᠯᠭ᠎ᠠ᠎ᠪᠠᠷ᠂ ᠨᠡᠭᠦᠷᠡᠰᠦᠲᠥ᠋ᠷᠥᠭᠴᠢ ᠦᠭᠡᠢ ᠰᠢᠨ᠎ᠡ᠎ᠶᠢ ᠡᠭᠦᠳᠬᠦ ᠵᠠᠭᠪᠤᠷ ᠪᠣᠯᠣᠨ ᠬᠠᠢᠨ ᠰᠦᠪᠡᠭᠴᠢᠯᠡᠯᠲᠡ᠎ᠶᠢᠨ ᠦᠢᠯᠡᠳᠦᠯᠭᠡ ᠪᠡᠷ ᠵᠢᠡᠨ ᠨᠡᠢᠭᠡᠮ ᠳᠠᠶᠠᠭᠠᠷ᠎ᠤᠨ ᠬᠦᠷᠢᠶᠡᠯᠡᠯ᠎ᠢ ᠣᠯᠪᠠ᠃ ᠲᠣᠰ ᠬᠦᠷᠢᠶᠡᠯᠡᠩ ᠲᠣᠭᠣᠷᠢᠭ᠋ 《ᠪᠣᠬᠢᠷᠲᠤᠯ ᠦᠭᠡᠢ ᠴᠠᠬᠢᠯᠭᠠᠨ ᠬᠦᠴᠦᠨ᠎ᠦ ᠬᠠᠩᠭᠠᠯᠭ᠎ᠠ》᠎ᠪᠠᠷ 《ᠨᠡᠭᠦᠷᠡᠰᠦᠲᠥ᠋ᠷᠥᠭᠴᠢ ᠦᠭᠡᠢ᠎ᠶᠢᠨ ᠰᠠᠭᠤᠷᠢ》 ᠪᠣᠯᠭᠠᠵᠤ᠂ ᠪᠣᠬᠢᠷᠲᠤᠯ ᠦᠭᠡᠢ ᠠᠵᠤ ᠦᠢᠯᠡᠰ᠎ᠦᠨ ᠰᠢᠨ᠎ᠡ ᠬᠥᠳᠡᠯᠭᠡᠬᠦ ᠡᠨᠧᠷᠭᠢ᠎ᠶᠢ ᠪᠣᠢᠵᠢᠭᠤᠯᠵᠤ᠂ ᠪᠣᠬᠢᠷᠲᠤᠯ ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ᠂ ᠣᠷᠴᠢᠯ ᠠᠵᠤ ᠦᠢᠯᠡᠰ᠎ᠦᠨ ᠠᠮᠢ ᠠᠬᠤᠢ᠎ᠶᠢᠨ ᠴᠠᠭᠠᠷᠢᠭ᠎ᠢ ᠬᠦᠴᠦᠯᠡᠨ ᠪᠠᠢᠭᠤᠯᠵᠤ᠂ 《ᠬᠡᠷᠡᠯ ᠤᠰᠤᠲᠥ᠋ᠷᠥᠭ᠌ᠴᠢ ᠨᠦᠭᠡᠴᠡ ᠰᠠᠯᠬᠢᠨ ᠬᠦᠷᠳᠦ》 ᠵᠢᠨ ᠲᠠᠪᠤᠨ ᠶᠡᠬᠡ ᠠᠵᠤ ᠦᠢᠯᠡᠰ᠎ᠦᠨ ᠬᠡᠯᠬᠢᠶ᠎ᠡ᠎ᠶᠢ ᠲᠥᠪᠯᠡᠷᠡᠭᠦᠯᠦᠨ ᠬᠥᠭᠵᠢᠭᠦᠯᠵᠦ᠂ ᠨᠢᠭᠡᠨᠲᠡ ᠰᠢᠨ᠎ᠡ ᠡᠨᠧᠷᠭᠢ᠎ᠶᠢᠨ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠦᠨ ᠳᠠᠢᠴᠢᠯᠠᠬᠤ᠂ ᠳᠡᠭᠡᠳᠦ ᠳᠣᠣᠷᠠᠳᠤ ᠠᠵᠤ ᠦᠢᠯᠡᠰ ᠳᠠᠭᠠᠵᠦ ᠢᠵᠢ ᠪᠦᠷᠢᠳᠦᠭᠰᠡᠨ ᠬᠥᠭᠵᠢᠯᠲᠡ᠎ᠶᠢᠨ ᠪᠠᠢᠷᠢᠰᠢᠯ᠎ᠢ ᠪᠣᠶ ᠪᠣᠯᠭᠠᠪᠠ᠃

ᠪᠤᠭᠤᠲᠤ᠎ᠶᠢᠨ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠤᠭᠤᠷᠢᠭ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ᠂ ᠪᠦᠬᠦ ᠤᠯᠤᠰ᠎ᠤᠨ ᠴᠤᠷ᠎ᠤᠨ ᠭᠠᠭᠴᠠ ᠬᠣᠪᠣᠷ ᠰᠢᠷᠣᠢ᠎ᠪᠠᠷ ᠨᠡᠷᠡᠢᠳᠦᠭᠰᠡᠨ ᠤᠯᠤᠰ᠎ᠤᠨ ᠳᠡᠰ᠎ᠤᠨ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠤᠭᠤᠷᠢᠭ ᠪᠣᠯᠣᠨ᠎ᠠ᠃ ᠲᠣᠰ ᠨᠡᠭᠡᠭᠡᠯᠲᠡ᠎ᠶᠢᠨ ᠲᠣᠭᠣᠷᠢᠭ᠋᠎ᠤᠨ ᠨᠡᠭᠦᠷᠡᠰᠦᠲᠥ᠋ᠷᠥᠭᠴᠢ᠎ᠦᠭᠡᠢ ᠬᠦᠷᠢᠶᠡᠯᠡᠩ ᠲᠣᠭᠣᠷᠢᠭ᠋ ᠨᠢ 《ᠬᠦᠷᠢᠶᠡᠯᠡᠩ᠎ᠦᠨ ᠳᠣᠲᠣᠷᠠᠬᠢ ᠬᠦᠷᠢᠶᠡᠯᠡᠩ》᠎ᠤᠨ ᠵᠠᠭᠪᠤᠷ᠎ᠢ ᠬᠡᠷᠡᠭᠯᠡᠵᠦ᠂ 《ᠬᠣᠪᠣᠷ ᠰᠢᠷᠣᠢ +》 ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠰᠢᠨ᠎ᠡ ᠵᠢᠱ᠌ᠢᠶ᠎ᠡ᠎ᠶᠢ ᠬᠠᠢᠨ ᠰᠦᠪᠡᠭᠴᠢᠯᠡᠵᠦ᠂ ᠲᠥᠯᠥᠪᠵᠢᠭᠦᠯᠦᠭᠰᠡᠨ ᠲᠠᠯᠠᠪᠠᠶ ᠨᠢ ᠪᠠᠷᠤᠭ 6 ᠲᠡᠭᠰᠢ ᠳᠥᠷᠪᠡᠯᠵᠢᠨ ᠺᠢᠯᠣᠮᠧᠲᠷ ᠪᠠᠢᠵᠤ᠂ ᠬᠣᠪᠣᠷ ᠰᠢᠷᠣᠢ᠂ ᠡᠨᠧᠷᠭᠢ ᠨᠦᠭᠡᠴᠡᠯᠡᠭᠦ᠂ ᠬᠡᠷᠡᠯᠴᠢ ᠴᠡᠨᠡᠭ ᠭᠤᠷᠪᠠᠨ ᠶᠡᠬᠡ ᠭᠣᠣᠯᠯᠠᠬᠤ ᠠᠵᠤ ᠦᠢᠯᠡᠰ᠎ᠢ ᠪᠠᠭᠲᠠᠭᠠᠵᠤ᠂ ᠬᠣᠪᠣᠷ ᠰᠢᠷᠣᠢ᠎ᠶᠢᠨ ᠠᠵᠤ ᠦᠢᠯᠡᠰ ᠪᠣᠯᠣᠨ ᠤᠰᠤᠲᠥ᠋ᠷᠥᠭᠴᠢ᠎ᠶᠢᠨ ᠡᠨᠧᠷᠭᠢ ᠵᠡᠷᠭᠡ ᠪᠣᠬᠢᠷᠲᠤᠯ ᠦᠭᠡᠢ ᠮᠡᠷᠭᠡᠵᠢᠯ᠎ᠦᠨ ᠠᠭᠤᠰᠤᠯᠴᠠᠯ᠎ᠢ ᠪᠡᠶᠡᠯᠡᠭᠦᠯᠵᠦ᠂ ᠤᠯᠠᠮᠵᠢᠯᠠᠯᠲᠤ ᠬᠦᠨᠳᠦ ᠠᠵᠤ ᠦᠢᠯᠡᠳᠪᠦᠷᠢ᠎ᠶᠢᠨ ᠰᠠᠭᠤᠷᠢᠨ᠎ᠤ ᠬᠡᠯᠪᠡᠷᠢ᠎ᠪᠡᠨ ᠬᠤᠪᠢᠷᠠᠭᠤᠯᠬᠤ᠎ᠳᠤ ᠬᠠᠭᠤᠯᠪᠤᠷᠢᠯᠠᠵᠤ ᠪᠣᠯᠬᠤ ᠠᠷᠭ᠎ᠠ ᠵᠠᠮ᠎ᠢ ᠬᠠᠩᠭᠠᠪᠠ᠃

《2 ᠬᠦᠷᠢᠶᠡᠯᠡᠩ ᠲᠣᠭᠣᠷᠢᠭ᠋ ᠲᠦᠷᠦᠭᠦᠸ᠋ ᠪᠦᠯᠦᠭ᠎ᠦᠨ ᠤᠯᠤᠰ᠎ᠤᠨ ᠲᠠᠰ᠎ᠤᠨ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠨᠡᠷᠡᠰ᠎ᠲᠦ ᠵᠢᠭ᠍ᠰᠠᠭᠠᠭᠳᠠᠭᠰᠠᠨ ᠨᠢ 〈ᠠᠷᠪᠠᠨ ᠲᠠᠪᠤᠳᠤᠭᠠᠷ ᠲᠠᠪᠤᠨ ᠵᠢᠯ〉᠎ᠤᠨ ᠲᠦᠯᠦᠪᠵᠢᠭᠦᠯᠭᠡ ᠵᠢᠨ ᠬᠤᠭᠤᠴᠠᠭᠠᠨ᠎ᠳᠤ ᠥᠪᠥᠷ ᠮᠣᠩᠭᠣᠯ᠎ᠤᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠥᠬᠥ ᠲᠠᠯ᠎ᠠ᠎ᠪᠠᠷ ᠲᠦᠷᠭᠡᠳᠬᠦ᠎ᠶᠢ ᠬᠠᠷᠠᠭᠤᠯᠵᠤ ᠪᠠᠢᠨ᠎ᠠ᠃ ᠡᠨᠡ ᠨᠢ ᠤᠯᠤᠰ᠎ᠤᠨ 〈ᠬᠣᠣᠰ ᠨᠡᠭᠦᠷᠡᠰᠦᠲᠥ᠋ᠷᠥᠭᠴᠢ〉᠎ᠶᠢᠨ ᠬᠠᠷᠠᠯᠲᠠ ᠵᠢ ᠢᠳᠡᠪᠬᠢᠲᠡᠢ ᠪᠡᠷ ᠴᠤᠤᠷᠢᠶᠠᠳᠤᠨ ᠳᠠᠭᠠᠵᠤ ᠪᠠᠢᠬᠤ ᠪᠡᠷ ᠪᠠᠷᠠᠬᠤ ᠦᠭᠡᠢ᠂ ᠨᠠᠩ ᠴᠤ᠌ ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠣᠯᠤᠭᠰᠠᠨ᠎ᠤ ᠬᠤᠪᠢ᠎ᠳᠤ ᠰᠢᠨ᠎ᠡ ᠴᠠᠭ ᠦᠶ᠎ᠡ᠎ᠶᠢᠨ ᠠᠬᠤᠢ ᠪᠠᠢᠳᠠᠯ ᠳᠣᠣᠷ᠎ᠠ ᠰᠠᠨᠠᠭᠠᠴᠢᠯᠠᠭ᠎ᠠ᠎ᠠᠴᠠ᠎ᠪᠠᠨ ᠬᠤᠪᠢᠷᠠᠯᠲᠠ᠎ᠶᠢ ᠡᠷᠢᠯᠬᠢᠯᠡᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠢ ᠰᠦᠪᠡᠭᠴᠢᠯᠡᠬᠦ᠎ᠶᠢᠨ ᠵᠠᠢᠯᠠᠰᠢ ᠦᠭᠡᠢ ᠰᠣᠩᠭᠣᠯᠲᠠ ᠪᠣᠯᠣᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠭᠰᠠᠨ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号