ᠥᠪᠥᠷ ᠮᠣᠩᠭᠣᠯ᠎ᠤᠨ ᠪᠠᠭᠠᠴᠤᠳ ᠬᠡᠦᠬᠡᠳ᠎ᠤᠨ ᠵᠤᠬᠢᠶᠠᠨ ᠪᠠᠢᠭᠤᠯᠤᠯᠲᠠ ᠵᠢᠨ ᠰᠤᠷᠭᠠᠨ ᠬᠥᠮᠦᠵᠢᠯ᠎ᠦᠨ ᠰᠤᠳᠤᠯᠭᠠᠨ᠎ᠤ ᠰᠠᠭᠤᠷᠢᠨ ᠶᠠᠷᠢᠯᠴᠠᠬᠤ ᠬᠤᠷᠠᠯ ᠬᠢᠪᠡ
2025-12-29 10:59:15
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠥᠪᠥᠷ ᠮᠣᠩᠭᠣᠯ᠎ᠤᠨ ᠪᠠᠭᠠᠴᠤᠳ ᠬᠡᠦᠬᠡᠳ᠎ᠤᠨ ᠵᠤᠬᠢᠶᠠᠨ ᠪᠠᠢᠭᠤᠯᠤᠯᠲᠠ ᠵᠢᠨ ᠰᠤᠷᠭᠠᠨ ᠬᠥᠮᠦᠵᠢᠯ᠎ᠦᠨ ᠰᠤᠳᠤᠯᠭᠠᠨ᠎ᠤ ᠰᠠᠭᠤᠷᠢᠨ᠎ᠤ ᠶᠠᠷᠢᠯᠴᠠᠬᠤ ᠬᠤᠷᠠᠯ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠢᠨ ᠪᠠᠭᠠᠴᠤᠳ᠎ᠤᠨ ᠬᠡᠯᠲᠡᠰ᠂ ᠰᠤᠷᠭᠠᠭᠤᠯᠢ᠎ᠶ᠋ᠢᠨ ᠬᠡᠯᠲᠡᠰ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠪᠠ ᠠᠵᠢᠯ ᠣᠯᠭᠣᠬᠤ ᠭᠠᠵᠠᠷ᠂ ᠰᠤᠷᠭᠠᠨ ᠬᠥᠮᠦᠵᠢᠯ᠎ᠦᠨ ᠳᠡᠭᠡᠳᠦ ᠰᠤᠷᠭᠠᠭᠤᠯᠢ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠥᠪᠥᠷ ᠮᠣᠩᠭᠣᠯ᠎ᠤᠨ ᠪᠠᠭᠠᠴᠤᠳ ᠬᠡᠦᠬᠡᠳ ᠰᠤᠷᠭᠠᠨ ᠬᠥᠮᠦᠵᠢᠯ᠎ᠦᠨ ᠰᠤᠳᠤᠯᠭᠠᠨ᠎ᠤ ᠰᠠᠭᠤᠷᠢᠨ᠎ᠤ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢ ᠵᠡᠷᠭᠡ 40 ᠭᠠᠷᠤᠢ ᠬᠥᠮᠦᠨ ᠶᠠᠷᠢᠯᠴᠠᠬᠤ ᠬᠤᠷᠠᠯ᠎ᠳᠤ ᠣᠷᠣᠯᠴᠠᠵᠠᠢ᠃ ᠬᠤᠷᠠᠯ ᠨᠢ ᠲᠤᠰᠭᠠᠶ ᠮᠡᠷᠭᠡᠵᠢᠯ᠎ᠦᠨ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠤ ᠠᠵᠢᠯ ᠮᠡᠷᠭᠡᠵᠢᠯ᠎ᠦᠨ ᠬᠥᠭ᠌ᠵᠢᠯᠲᠡ ᠭᠡᠬᠦ᠌ ᠬᠣᠶᠠᠷ ᠶᠡᠬᠡ ᠭᠤᠤᠯ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠪᠠ᠃

ᠬᠤᠷᠠᠯ᠎ᠨᠢ ᠰᠤᠷᠭᠠᠭᠤᠯᠢ ᠪᠠ ᠣᠷᠣᠨ ᠨᠤᠲᠤᠭ ᠬᠠᠮᠵᠢᠯᠴᠠᠨ ᠬᠥᠮᠦᠨ ᠬᠥᠮᠦᠵᠢᠭᠦᠯᠬᠦ᠌᠎ᠶ᠋ᠢ ᠴᠢᠩᠭᠠᠳᠭᠠᠵᠤ᠂ ᠲᠤᠰᠭᠠᠶ ᠮᠡᠷᠭᠡᠵᠢᠯ᠎ᠦᠨ ᠬᠥᠭ᠌ᠵᠢᠯᠲᠡ᠎ᠶ᠋ᠢᠨ ᠪᠣᠭᠣᠮᠢ ᠪᠠ ᠴᠢᠳᠠᠪᠤᠷᠢᠲᠠᠨ ᠬᠥᠮᠦᠵᠢᠭᠦᠯᠬᠦ᠌ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠶᠡᠬᠡ ᠳᠡᠭᠡᠳᠦ ᠰᠤᠷᠭᠠᠭᠤᠯᠢ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ ᠬᠢᠭᠡᠳ ᠡᠮᠦᠨ᠎ᠡ ᠹᠷᠣᠨᠲ᠎ᠤᠨ ᠦᠶ᠋ᠯᠡᠳᠦᠯᠭᠡ᠎ᠶ᠋ᠢᠨ ᠬᠣᠭᠣᠷᠣᠨᠳᠣᠬᠢ ᠨᠡᠪᠲᠡᠷᠡᠯᠴᠡᠬᠦ᠌ ᠲᠠᠪᠴᠠᠩ᠎ᠢ ᠪᠠᠢᠭᠤᠯᠵᠤ᠂ ᠲᠤᠰᠭᠠᠶ ᠮᠡᠷᠭᠡᠵᠢᠯ᠎ᠦᠨ ᠦᠶ᠋ᠯᠡᠳᠦᠯᠭᠡ᠎ᠶ᠋ᠢᠨ ᠳᠤᠮᠳᠠᠬᠢ ᠪᠣᠳᠠᠲᠠᠶ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ᠂ ᠬᠠᠢᠷ᠎ᠠ ᠰᠡᠳᠭᠢᠯᠭᠡ ᠭᠦᠨ ᠵᠤᠵᠠᠭᠠᠨ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ ᠪᠠᠭᠠᠴᠤᠳ ᠬᠡᠦᠬᠡᠳ᠎ᠦᠨ ᠰᠤᠷᠭᠠᠨ ᠬᠥᠮᠦᠵᠢᠯ᠎ᠦᠨ ᠠᠵᠢᠯᠲᠠᠨ᠎ᠢ ᠬᠥᠮᠦᠵᠢᠭᠦᠯᠬᠦ᠌ ᠰᠠᠭᠤᠷᠢ᠎ᠶ᠋ᠢ ᠪᠡᠬᠢᠵᠢᠭᠦᠯᠬᠦ᠌ ᠪᠡᠷ ᠭᠤᠤᠯ ᠵᠤᠷᠢᠯᠲᠠ ᠪᠡᠨ ᠪᠤᠯᠭᠠᠪᠠ᠃

ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠠᠴᠠ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠪᠠᠢᠳᠠᠯ᠎ᠢ ᠲᠠᠨᠢᠯᠴᠠᠭᠤᠯᠤᠭ᠍ᠰᠠᠨ ᠪᠥᠭᠡᠳ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠢ ᠬᠥᠭ᠌ᠵᠢᠭᠦᠯᠬᠦ᠌᠂ ᠴᠢᠳᠠᠪᠤᠷᠢᠲᠠᠨ᠎ᠤ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠴᠠᠭᠤᠯᠬᠤ ᠪᠠ ᠪᠦᠲᠦᠴᠡ᠎ᠶ᠋ᠢ ᠱᠢᠯᠢᠳᠡᠭ᠌ᠵᠢᠭᠦᠯᠬᠦ᠌ ᠵᠡᠷᠭᠡ ᠠᠭᠤᠯᠭ᠎ᠠ᠎ᠶ᠋ᠢᠨ ᠲᠤᠭᠤᠷᠢᠨ ᠳ᠋ᠤ ᠰᠣᠯᠢᠯᠴᠠᠭ᠎ᠠ ᠥᠷᠨᠢᠭᠦᠯᠵᠦ᠂ ᠣᠳᠣᠬᠠᠨ᠎ᠤ ᠦᠶ᠋ᠯᠡᠳᠦᠯᠭᠡ᠎ᠶ᠋ᠢᠨ ᠡᠬᠢ ᠪᠠᠶᠠᠯᠢᠭ᠎ᠢ ᠨᠡᠢᠳᠬᠡᠬᠦ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠪᠣᠳᠠᠲᠤ ᠬᠡᠷᠡᠭ᠌ᠴᠡᠭᠡ᠎ᠶ᠋ᠢ ᠳᠤᠷᠠᠳᠤᠨ ᠭᠠᠷᠭᠠᠵᠠᠶ᠃ ᠪᠠᠭᠠᠴᠤᠳ ᠬᠡᠦᠬᠡᠳ᠎ᠦᠨ ᠵᠣᠬᠢᠶᠠᠨ ᠪᠠᠢᠭᠤᠯᠤᠯᠲᠠ ᠬᠢᠭᠡᠳ ᠦᠵᠡᠯ ᠤᠬᠠᠮᠰᠠᠷ᠎ᠤᠨ ᠬᠥᠮᠦᠵᠢᠯ᠎ᠦᠨ ᠲᠤᠰᠭᠠᠶ ᠮᠡᠷᠭᠡᠵᠢᠯ᠎ᠦᠨ ᠠᠰᠫᠢᠷᠠᠨᠲ᠎ᠤᠨ ᠲᠥᠯᠥᠭᠡᠯᠡᠭ᠌ᠴᠢ ᠲᠣᠰ ᠪᠡᠶ᠎ᠡ᠎ᠶ᠋ᠢᠨ ᠣᠨᠣᠯ ᠰᠤᠷᠤᠯᠴᠠᠬᠤ ᠪᠠ ᠦᠶ᠋ᠯᠡᠳᠦᠯᠭᠡ᠎ᠶ᠋ᠢᠨ ᠣᠢᠯᠠᠭᠠᠯᠲᠠ᠎ᠲᠠᠶ᠎ᠪᠠᠨ ᠤᠶᠠᠯᠳᠤᠭᠤᠯᠤᠨ ᠢᠳᠡᠪᠬᠢᠲᠡᠶ ᠰᠠᠨᠠᠯ ᠵᠢᠡᠨ ᠰᠤᠯᠢᠯᠴᠠᠵᠤ᠂ ᠲᠤᠰᠭᠠᠶ ᠮᠡᠷᠭᠡᠵᠢᠯ᠎ᠦᠨ ᠪᠣᠢᠵᠢᠯᠲᠠ ᠪᠠ ᠬᠥᠭ᠌ᠵᠢᠯᠲᠡ᠎ᠶ᠋ᠢᠨ ᠠᠷᠭ᠎ᠠ ᠵᠠᠮ᠎ᠤᠨ ᠲᠣᠭᠣᠷᠢᠨ᠎ᠳᠤ ᠣᠨᠣᠯ ᠦᠶ᠋ᠯᠡᠳᠦᠯᠭᠡ᠎ᠶ᠋ᠢᠨ ᠠᠭᠤᠰᠤᠯᠴᠠᠯ᠎ᠢ ᠬᠡᠷᠬᠢᠨ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠂ ᠰᠤᠷᠭᠠᠨ ᠬᠥᠮᠦᠵᠢᠬᠦᠯᠬᠦ ᠠᠷᠭ᠎ᠠ᠎ᠶ᠋ᠢᠨ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠬᠦ᠂ ᠥᠪᠡᠷ᠎ᠦᠨ ᠠᠵᠢᠯ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠂ ᠢᠷᠡᠭᠡᠳᠦᠶ᠎ᠶ᠋ᠢᠨ ᠠᠵᠢᠯ ᠮᠡᠷᠭᠡᠵᠢᠯ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠰᠠᠢᠲᠤᠷ ᠬᠢᠬᠦ᠌ ᠵᠡᠷᠭᠡ ᠲᠠᠯ᠎ᠠ᠎ᠪᠠᠷ ᠰᠠᠨᠠᠯ᠎ᠢᠶᠠᠨ ᠬᠤᠪᠢᠶᠠᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号