ᠣᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ ᠡᠴᠡ 《ᠬᠣᠶᠠᠳᠤᠭᠠᠷ ᠪᠦᠯᠦᠭ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠵᠣᠬᠢᠶᠠᠮᠠᠯ ᠣᠶᠤᠨᠴᠢᠳᠠᠪᠤᠷᠢ ᠵᠢᠨ ᠰᠤᠷᠭᠠᠨ ᠬᠥᠮᠦᠵᠢᠯ᠎ᠦᠨ ᠰᠠᠭᠤᠷᠢᠨ᠎ᠤ ᠨᠡᠷᠡᠰ᠎ᠢ ᠨᠡᠢᠲᠡᠯᠡᠬᠦ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠪᠠ᠃ ᠡᠯ᠎ᠡ ᠮᠤᠵᠢ᠎ᠶᠢᠨ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠲᠠᠨᠢᠯᠴᠠᠭᠤᠯᠭ᠎ᠠ᠂ ᠰᠤᠷᠭᠠᠨ ᠬᠥᠮᠦᠵᠢᠯ᠎ᠦᠨ ᠶᠠᠮᠤᠨ᠎ᠤ ᠵᠠᠷᠯᠠᠯ᠎ᠢᠶᠠᠷ ᠨᠡᠢᠳᠡ 325 ᠰᠤᠷᠭᠠᠭᠤᠯᠢ ᠵᠢ ᠬᠣᠶᠠᠳᠤᠭᠠᠷ ᠪᠦᠯᠦᠭ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠵᠤᠬᠢᠶᠠᠮᠠᠯ ᠣᠶᠤᠨ ᠴᠢᠳᠠᠪᠤᠷᠢ ᠵᠢᠨ ᠰᠤᠷᠭᠠᠨ ᠬᠥᠮᠦᠵᠢᠯ᠎ᠦᠨ ᠰᠠᠭᠤᠷᠢᠨ ᠵᠢᠡᠷ ᠲᠣᠭᠲᠠᠭᠠᠪᠠ᠂ ᠡᠭᠦᠨ᠎ᠳᠦ ᠥᠪᠥᠷ ᠮᠣᠩᠭᠣᠯ᠎ᠤᠨ 10 ᠰᠤᠷᠭᠠᠭᠤᠯᠢ ᠰᠣᠩᠭᠣᠭᠳᠠᠭᠰᠠᠨ ᠪᠠᠢᠨ᠎ᠠ᠃
ᠡᠳᠡᠬᠡᠷ 10 ᠰᠤᠷᠭᠠᠭᠤᠯᠢ ᠪᠤᠯ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠴᠢᠩ ᠰᠦᠩ ᠪᠠᠭ᠎ᠠ ᠰᠤᠷᠭᠠᠭᠤᠯᠢ᠂ ᠪᠤᠭᠤᠲᠤ ᠬᠣᠲᠠ᠎ᠶᠢᠨ ᠵᠢᠤᠶᠤᠸᠠᠨ ᠲᠣᠭᠣᠷᠢᠭ᠋᠎ᠤᠨ ᠱᠢ ᠵᠢᠢ ᠵᠠᠮ᠎ᠤᠨ ᠨᠢᠭᠡᠳᠦᠭᠡᠷ ᠪᠠᠭ᠎ᠠ ᠰᠤᠷᠭᠠᠭᠤᠯᠢ᠂ ᠲᠦᠩᠯᠢᠶᠣᠣ᠎ᠶᠢᠨ ᠰᠢᠨ᠎ᠡ ᠬᠣᠲᠠ ᠵᠢᠨ ᠨᠢᠭᠡᠳᠦᠭᠡᠷ ᠳᠤᠮᠳᠠᠳᠤ ᠰᠤᠷᠭᠠᠭᠤᠯᠢ᠂ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠮᠢᠩ ᠷᠧᠨ ᠲᠤᠷᠰᠢᠯᠲᠠ᠎ᠶᠢᠨ ᠪᠠᠭ᠎ᠠ ᠰᠤᠷᠭᠠᠭᠤᠯᠢ᠂ ᠤᠯᠠᠭᠠᠨᠬᠠᠳᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠣᠯᠠᠨ ᠤᠯᠤᠰ᠎ᠤᠨ ᠲᠤᠷᠰᠢᠯᠲᠠ᠎ᠶᠢᠨ ᠳᠤᠮᠳᠠᠳᠤ ᠰᠤᠷᠭᠠᠭᠤᠯᠢ᠂ ᠣᠷᠳᠣᠰ ᠬᠣᠲᠠ᠎ᠶᠢᠨ ᠲᠤᠷᠰᠢᠯᠲᠠ᠎ᠶᠢᠨ ᠪᠠᠭ᠎ᠠ ᠰᠤᠷᠭᠠᠭᠤᠯᠢ᠂ ᠪᠠᠶᠠᠨᠨᠠᠭᠤᠷ ᠬᠣᠲᠠ᠎ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠂ ᠦᠬᠠᠢ ᠬᠣᠲᠠ᠎ᠶᠢᠨ ᠤᠳᠠ ᠵᠢᠨ ᠳᠤᠬᠤᠢ ᠲᠣᠭᠣᠷᠢᠭ᠋᠎ᠤᠨ ᠲᠤᠷᠰᠢᠯᠲᠠ᠎ᠶᠢᠨ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠣᠰᠢᠭᠤᠨ᠎ᠤ ᠬᠣᠶᠠᠳᠤᠭᠠᠷ ᠳᠤᠮᠳᠠᠳᠤ ᠰᠤᠷᠭᠠᠭᠤᠯᠢ ᠪᠤᠯᠥᠨ᠎ᠠ᠃
ᠳᠤᠮᠳᠠᠳᠤ ᠪᠠᠭ᠎ᠠ ᠰᠤᠷᠭᠠᠭᠤᠯᠢ ᠵᠢᠨ ᠵᠤᠬᠢᠶᠠᠮᠠᠯ ᠤᠶᠤᠨ ᠴᠢᠳᠠᠪᠤᠷᠢ ᠵᠢᠨ ᠰᠤᠷᠭᠠᠨ ᠬᠦᠮᠦᠵᠢᠯ᠎ᠤᠨ ᠰᠠᠭᠤᠷᠢᠨ᠎ᠤ ᠪᠠᠢᠭᠤᠯᠤᠯᠳᠠ ᠨᠢ ᠵᠤᠬᠢᠶᠠᠮᠠᠯ ᠤᠶᠤᠨ ᠴᠢᠳᠠᠪᠤᠷᠢ ᠵᠢᠨ ᠰᠤᠷᠭᠠᠨ ᠬᠦᠮᠦᠵᠢᠯ᠎ᠤᠨ ᠰᠢᠨ᠎ᠡ ᠤᠢᠯᠠᠭᠠᠭᠳᠠᠬᠤᠨ᠂ ᠰᠢᠨ᠎ᠠ ᠵᠠᠭᠪᠤᠷ᠂ ᠰᠢᠨ᠎ᠠ ᠲᠦᠰᠦᠯ᠎ᠢ ᠤᠯᠠᠮ ᠴᠢᠨᠠᠭᠰᠢᠳᠠ ᠰᠦᠪᠡᠭᠴᠢᠯᠡᠵᠦ᠂ ᠳᠡᠯᠬᠡᠷᠡᠬᠦᠯᠵᠦ ᠪᠤᠯᠬᠤᠢᠴᠠ ᠰᠢᠯᠢᠳᠡᠭ ᠲᠦᠰᠦᠯ ᠪᠠ ᠳᠡᠷᠢᠬᠦᠨ᠎ᠤ ᠳᠤᠷᠰᠢᠯᠭ᠎ᠠ ᠵᠢ ᠪᠦᠷᠢᠯᠳᠦᠬᠦᠯᠵᠦ᠂ ᠳᠤᠮᠳᠠᠳᠤ ᠪᠠᠭ᠎ᠠ ᠰᠤᠷᠭᠠᠭᠤᠯᠢ ᠵᠢᠨ ᠵᠤᠬᠢᠶᠠᠮᠠᠯ ᠤᠶᠤᠨ ᠴᠢᠳᠠᠪᠤᠷᠢ ᠵᠢᠨ ᠰᠤᠷᠭᠠᠨ ᠬᠦᠮᠦᠵᠢᠯ᠎ᠢ ᠬᠦᠨᠵᠡᠬᠡᠢ ᠠᠬᠢᠭᠤᠯᠬᠤ ᠪᠤᠯᠤᠨ᠎ᠠ᠃