12 ᠰᠠᠷ᠎ᠠ᠎ᠶᠢᠨ 21᠎ᠤ᠋ ᠡᠳᠦᠷ᠂ ᠥᠪᠥᠷ ᠮᠣᠩᠭᠣᠯ᠎ᠤᠨ ᠬᠢᠯᠢᠲᠠᠭᠠᠤ ᠬᠣᠰᠢᠭᠤ ᠰᠢᠶᠠᠨ ᠳ᠋ᠤ ᠬᠦᠷᠬᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠭᠣᠣᠯ ᠰᠡᠳᠦᠪᠲᠦ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠦᠨ ᠦᠵᠡᠭᠦᠯᠭᠡ ᠵᠢᠴᠢ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ᠋ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠢ ᠨᠡᠢᠲᠡᠯᠡᠬᠦ ᠬᠤᠷᠠᠯ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠤᠷᠳᠤᠨ ᠳ᠋ᠤ ᠶᠠᠪᠤᠭᠳᠠᠪᠠ᠃
2025 ᠣᠨ᠎ᠤ ᠥᠪᠥᠷ ᠮᠣᠩᠭᠣᠯ᠎ᠤᠨ ᠬᠢᠯᠢᠳᠠᠭᠠᠤ ᠬᠣᠰᠢᠭᠤ ᠰᠢᠶᠠᠨ ᠳ᠋ᠤ ᠬᠦᠷᠬᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠭᠣᠣᠯ ᠰᠡᠳᠦᠪᠲᠦ ᠰᠤᠷᠭᠠᠨ ᠬᠥᠮᠦᠵᠢᠯ᠎ᠦᠨ ᠲᠥᠷᠥᠯ ᠵᠦᠢᠯ ᠤᠨ《ᠰᠢᠨᠵᠢᠯᠡᠬᠦ ᠤᠬᠠᠭᠠᠨ᠎ᠤ ᠪᠢᠴᠢᠬᠠᠨ ᠠᠺᠠᠳᠧᠮᠢᠴᠢ》 ᠵᠢᠨ ᠠᠵᠢᠯᠯᠠᠭ᠎ᠠ 8 ᠰᠠᠷ᠎ᠠ᠎ᠳᠤ ᠬᠥᠬᠡᠬᠣᠲᠠ᠎ᠳᠤ ᠡᠬᠢᠯᠡᠪᠡ᠃ ᠰᠤᠷᠤᠭ᠍ᠴᠢᠳ᠎ᠢ ᠵᠣᠬᠢᠶᠠᠨ ᠪᠠᠢᠭᠤᠯᠤᠨ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠳ᠎ᠦᠨ ᠰᠢᠨᠵᠢᠯᠡᠬᠦ ᠤᠬᠠᠭᠠᠨ᠎ᠤ ᠲᠠᠢᠯᠤᠮᠵᠢ᠎ᠶᠢ ᠰᠣᠨᠣᠰᠬᠤ᠂ ᠲᠦᠷᠦᠯ ᠵᠦᠢᠯ᠎ᠦᠨ ᠬᠡᠯᠪᠡᠷᠢ ᠵᠢᠨ ᠰᠤᠷᠤᠯᠴᠠᠯᠭ᠎ᠠ᠎ᠶᠢᠨ ᠰᠢᠨᠵᠢᠯᠡᠬᠦ ᠤᠬᠠᠭᠠᠨ᠎ᠤ ᠬᠢᠴᠢᠶᠡᠯ᠎ᠳᠦ ᠭᠦᠨᠵᠡᠭᠡᠢ ᠣᠷᠣᠯᠴᠠᠬᠤ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠰᠤᠷᠭᠠᠨ ᠬᠥᠮᠦᠵᠢᠯ᠎ᠦᠨ ᠰᠠᠭᠤᠷᠢᠨ᠎ᠢ ᠲᠣᠭᠣᠷᠢᠨ ᠦᠵᠡᠬᠦ ᠵᠡᠷᠭᠡ᠎ᠪᠡᠷ ᠳᠠᠮᠵᠢᠨ᠂ ᠰᠤᠷᠤᠭ᠍ᠴᠢᠳ᠎ᠤᠨ ᠰᠢᠨᠵᠢᠯᠡᠬᠦ ᠤᠬᠠᠭᠠᠨ᠎ᠢ ᠰᠤᠷᠤᠯᠴᠠᠬᠤ᠂ ᠰᠢᠨᠵᠢᠯᠡᠬᠦ ᠤᠬᠠᠭᠠᠨ᠎ᠢ ᠬᠠᠢᠷᠠᠯᠠᠬᠤ᠂ ᠰᠢᠨᠵᠢᠯᠡᠬᠦ ᠤᠬᠠᠭᠠᠨ᠎ᠢ ᠬᠡᠷᠡᠭᠯᠡᠬᠦ ᠵᠢ ᠬᠦᠳᠦᠯᠦᠨ ᠵᠢᠯᠤᠭᠤᠳᠪᠠ᠃ ᠦᠷ᠎ᠡ ᠪᠦᠲᠦᠭᠡᠯ᠎ᠦᠨ ᠦᠵᠡᠭᠦᠯᠭᠡ᠎ᠳᠦ ᠪᠦᠬᠦ ᠣᠷᠣᠨ᠎ᠤ ᠬᠢᠯᠢ ᠳᠠᠭᠠᠤ 20 ᠬᠣᠰᠢᠭᠤ ᠰᠢᠶᠠᠨ᠎ᠤ ᠪᠠᠭ᠍ᠰᠢ ᠰᠤᠷᠤᠭ᠍ᠴᠢᠳ᠎ᠤᠨ ᠲᠦᠷᠦᠯ ᠵᠦᠢᠯ᠎ᠦᠨ ᠬᠡᠯᠪᠡᠷᠢ ᠵᠢᠨ ᠬᠢᠴᠢᠶᠡᠯ᠎ᠦᠨ ᠦᠷ᠎ᠡ ᠪᠦᠲᠦᠭᠡᠯᠵᠢᠴᠢ ᠤᠷᠭᠤᠮᠠᠯ᠎ᠤᠨ ᠬᠡᠪ ᠵᠠᠭᠪᠤᠷ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ ᠪᠣᠯᠣᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠢᠯᠠᠭᠠᠭᠳᠠᠬᠤᠨ᠎ᠢ ᠭᠦᠨᠵᠡᠭᠡᠢ ᠠᠭᠤᠰᠤᠯᠴᠠᠭᠤᠯᠤᠭᠰᠠᠨ ᠦᠢᠯᠡᠳᠦᠯᠭᠡ᠎ᠶᠢᠨ ᠦᠷ᠎ᠡ ᠪᠦᠲᠦᠭᠡᠯ᠎ᠢ ᠰᠢᠭᠤᠳ ᠢᠯᠡᠷᠡᠭᠦᠯᠵᠦ᠂ ᠥᠪᠥᠷ ᠮᠣᠩᠭᠣᠯ ᠣᠷᠣᠨ᠎ᠤ ᠵᠠᠯᠠᠭᠤᠴᠤᠳ ᠪᠠᠭᠠᠴᠤᠳ᠎ᠤᠨ ᠨᠤᠲᠤᠭ ᠤᠰᠤᠨ᠎ᠤ᠎ᠪᠠᠨ ᠠᠮᠢ ᠠᠬᠤᠢ᠎ᠶᠢ ᠰᠠᠬᠢᠨ ᠬᠠᠮᠠᠭᠠᠯᠠᠬᠤ ᠪᠠ ᠬᠠᠢᠷᠠᠯᠠᠬᠤ ᠰᠡᠳᠬᠢᠯᠭᠡ᠎ᠶᠢ ᠬᠠᠷᠠᠭᠤᠯᠵᠠᠢ᠃ ᠡᠭᠦᠨ᠎ᠦ ᠬᠠᠮᠲᠤ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢ ᠵᠢᠨ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠳ᠎ᠢ ᠤᠷᠢᠵᠤ 《ᠥᠪᠥᠷ ᠮᠣᠩᠭᠣᠯ᠎ᠤᠨ ᠠᠮᠢ ᠠᠬᠤᠢ᠎ᠶᠢᠨ ᠰᠢᠰᠲᠧᠮ᠎ᠳᠡᠬᠢ ᠡᠬᠢ ᠪᠠᠶᠠᠯᠢᠭ ᠤᠷᠭᠤᠮᠠᠯ》 ᠭᠡᠬᠦ ᠭᠣᠣᠯ ᠰᠡᠳᠦᠪᠲᠦ ᠲᠠᠢᠯᠤᠮᠵᠢᠬᠢᠯᠬᠡᠵᠦ᠂ ᠵᠠᠯᠠᠭᠤᠴᠤᠳ ᠪᠠᠭᠠᠴᠤᠳ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠤᠬᠠᠮᠰᠠᠷ᠎ᠢ ᠤᠯᠠᠮ ᠴᠢᠩᠭᠠᠳᠬᠠᠪᠠ᠃
ᠲᠣᠰ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠳᠠᠭᠠᠭᠠᠴᠢᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠰᠤᠷᠭᠠᠨ ᠬᠦᠮᠦᠵᠢᠯ᠎ᠤᠨ ᠨᠡᠢᠬᠡᠮᠯᠢᠭ ᠡᠴᠡ ᠬᠠᠮᠵᠢᠨ ᠡᠷᠬᠢᠯᠡᠪᠡ᠃