《ᠲᠠᠮᠢᠷ᠎ᠤᠨ ᠲᠠᠪᠴᠠᠩ》 ᠳ᠋ᠤ ᠭᠢᠯᠠᠯᠵᠠᠭᠰᠠᠨ ᠤᠳᠤᠨ ᠰᠤᠳᠤᠨ᠎ᠤ ᠵᠢᠪᠬᠤᠭ᠎ᠠ
2025-12-29 11:07:01
ᠵᠣᠬᠢᠶᠠᠭ᠍ᠴᠢ᠄
​ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠨᠡᠢᠷᠠᠭᠤᠯᠤᠭᠴᠢ᠎ᠶᠢᠨ ᠦᠭᠡ᠄ ᠴᠠᠭ ᠤᠯᠠᠷᠢᠯ ᠡᠭᠡᠯᠵᠢᠯᠡᠭᠰᠡᠭᠡᠷ ᠠᠮᠵᠢᠯᠳᠠ ᠤᠯᠤᠯᠳᠠ ᠲᠠᠢ ᠬᠠᠭᠤᠴᠢᠨ ᠤᠨ ᠮᠠᠨᠢ ᠠᠶᠠᠷᠯᠠᠬᠤ ᠪᠤᠯᠤᠯ᠎ᠠ᠃ 2025 ᠤᠨ᠎ᠳᠦ ᠪᠢᠳᠡ《ᠲᠠᠮᠢᠷ᠎ᠤᠨ ᠲᠠᠪᠴᠠᠨᠭ᠌》 ᠲᠤᠰᠬᠠᠢ ᠨᠢᠭᠤᠷ ᠲᠠᠭᠠᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠂ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠂ ᠵᠠᠯᠠᠭᠤᠴᠤᠳ ᠪᠠᠭᠠᠴᠤᠳ᠎ᠤᠨ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠪᠠ ᠪᠥᠬᠥ᠌ ᠣᠷᠣᠨ᠎ᠤ ᠵᠠᠯᠠᠭᠤᠴᠤᠳ ᠪᠠᠭᠠᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠢ ᠠᠳᠠᠯᠢ ᠪᠤᠰᠤ ᠬᠠᠷᠠᠭᠠᠰᠤ ᠵᠤᠭᠰᠤᠴᠠ ᠡᠴᠡ ᠠᠯᠳᠠᠯ ᠦᠭᠡᠢ ᠮᠡᠳᠡᠭᠡᠯᠡᠵᠦ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠠᠮᠢᠷ᠎ᠤᠨ ᠦᠢᠯᠡᠰ᠎ᠤᠨ ᠬᠦᠭᠵᠢᠯᠳᠡ᠂ ᠵᠠᠯᠠᠭᠤᠴᠤᠳ ᠪᠠᠭᠠᠴᠤᠳ᠂ ᠤᠯᠠᠨ ᠲᠦᠮᠡᠨ᠎ᠤ ᠢᠳᠡᠪᠬᠢᠳᠡᠢ ᠤᠷᠤᠯᠴᠠᠯᠭ᠎ᠠ ᠵᠢ ᠲᠡᠯᠭᠡᠨ ᠦᠵᠡᠭᠦᠯᠪᠡ᠃ ᠡᠭᠦᠨ ᠡᠴᠡ ᠭᠠᠳᠠᠨ᠎ᠠ ᠪᠠᠰᠠ 《 ᠭᠤᠷᠪᠠᠨ ᠲᠣᠮᠣ ᠪᠥᠮᠪᠥᠭᠡ 》 ᠪᠠ 《ᠵᠢᠷᠭᠤᠭᠠᠨ ᠵᠢᠵᠢᠭ ᠪᠥᠮᠪᠥᠭᠡ》᠂ 《 ᠪᠡᠶ᠎ᠡ᠎ᠶ᠋ᠢᠨ ᠲᠠᠮᠢᠷ + ᠰᠣᠶᠣᠯ ᠵᠢᠭᠤᠯᠴᠢᠯᠠᠯ 》᠂ 《 ᠪᠡᠶ᠎ᠡ᠎ᠶ᠋ᠢᠨ ᠲᠠᠮᠢᠷ + ᠡᠷᠡᠭᠦᠯᠵᠢᠯ ᠰᠤᠪᠢᠯᠠᠯᠲᠠ》 ᠎ᠶ᠋ᠢᠨ ᠠᠭᠤᠰᠤᠯᠴᠠᠨ ᠬᠥᠭ᠌ᠵᠢᠬᠦ᠌ ᠵᠠᠭ᠍ᠪᠤᠷ᠎ᠡᠴᠡ ᠤᠷᠤᠯᠳᠤᠭᠠᠨ ᠡᠷᠭᠢᠯᠡᠬᠦ᠌᠎ᠪᠡᠷ ᠠᠵᠤ ᠠᠬᠤᠢ᠎ᠵᠢ ᠭᠦᠭᠵᠢᠭᠦᠯᠦᠭᠰᠡᠨ ᠦᠷ᠎ᠡ ᠪᠦᠲᠦᠭᠡᠯ ᠬᠦᠷᠳᠡᠯ᠎ᠡ 《ᠨᠠᠭᠠᠳᠤᠮ》᠂ 《ᠤᠷᠤᠯᠳᠤᠭᠠᠨ᠎ᠢ ᠲᠠᠭᠠᠵᠤ ᠦᠪᠦᠷ ᠮᠤᠩᠭᠤᠯ᠎ᠢ ᠤᠢᠯᠠᠭᠠᠬᠤᠢ》 ᠮᠡᠳᠦ᠎ᠶᠢᠨ ᠰᠢᠷᠢᠰ ᠮᠡᠳᠡᠭᠡᠯᠡᠯ ᠬᠢᠵᠦ᠂ ᠦᠪᠦᠷ ᠮᠤᠨᠭᠭᠤᠯ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠪᠠᠬᠠᠳᠤᠮ᠎ᠠ ᠬᠦᠭᠵᠢᠯᠲᠡ᠎ᠵᠢ ᠲᠤᠯᠢᠯᠠᠭᠤᠯᠤᠬᠰᠠᠨ ᠪᠠᠢᠨ᠎ᠠ᠃ ᠨᠢᠭᠡ ᠵᠢᠯ᠎ᠤᠨ ᠲᠤᠷᠰᠢ ᠪᠢᠳᠡᠨ ᠲᠡᠢ ᠬᠠᠮᠳᠤ ᠪᠠᠢᠯᠴᠠᠵᠤ᠂ ᠡᠷᠴᠢ ᠬᠦᠴᠦᠨ ᠬᠠᠢᠷᠠᠯᠠᠵᠤ ᠤᠷᠮ᠎ᠠ ᠵᠤᠷᠢᠭ ᠱᠠᠩᠨᠠᠭᠰᠠᠨ ᠲᠠ ᠪᠦᠬᠦᠨ ᠳ᠋ᠡᠭᠡᠨ ᠪᠠᠶᠠᠷᠯᠠᠯ᠎ᠠ !


QQ20251229-110944.png 

ᠦᠵᠡᠭᠡᠳ ᠪᠠᠢᠬᠤᠯᠠᠷ ᠠᠭᠤᠳᠠᠮ ᠲᠠᠯᠠᠪᠠᠢ᠂ ᠴᠡᠴᠡᠷᠯᠢᠭ᠎ᠤᠨ ᠵᠦᠷᠢᠭ᠂ ᠰᠤᠷᠭᠠᠭᠤᠯᠢ᠎ᠶᠢᠨ ᠬᠦᠷᠢᠶ᠎ᠡ᠂ ᠵᠠᠮ ᠵᠡᠭᠡᠯᠢ ᠬᠦᠳᠡᠭᠡ ᠬᠡᠭᠡᠷ᠎ᠡ᠂ ᠪᠡᠶ᠎ᠡ ᠴᠢᠬᠢᠷᠠᠭᠵᠢᠭᠤᠯᠬᠤ ᠲᠦᠪ ᠲᠸ᠋ ᠬᠦᠶᠦᠵᠦ ᠪᠠᠢᠭ᠎ᠠ᠂ ᠪᠦᠮᠪᠦᠭᠡ ᠨᠠᠭᠠᠳᠴᠤ ᠪᠠᠢᠭ᠎ᠠ᠂ ᠲᠤᠭᠤᠢ ᠤᠨᠤᠵᠤ ᠪᠠᠢᠭ᠎ᠠ᠂ ᠡᠯᠳᠡᠪ ᠵᠦᠢᠯ᠎ᠤᠨ ᠬᠦᠳᠡᠯᠭᠡᠭᠡᠨ ᠳ᠋ᠤ ᠤᠷᠤᠯᠴᠠᠵᠤ ᠲᠤᠰᠬᠠᠢ ᠮᠡᠷᠭᠡᠵᠢᠯ᠎ᠢᠶᠡᠨ ᠪᠤᠯᠪᠠᠰᠤᠷᠠᠭ᠎ᠠ᠂ ᠪᠡᠶ᠎ᠡ ᠴᠢᠬᠢᠷᠠᠭᠵᠢᠭᠤᠯᠤᠭ᠎ᠠ ᠬᠦᠮᠦᠰ ᠡᠳᠦᠷ ᠢᠷᠡᠬᠦᠶ᠎ᠡ ᠤᠯᠠᠨ ᠪᠤᠯᠵᠠᠢ᠃ ᠠᠵᠤ ᠠᠬᠤᠢ ᠨᠡᠢᠭᠡᠮ᠎ᠤᠨ ᠬᠦᠭᠵᠢᠯᠳᠡ᠂ ᠬᠦᠮᠦᠰ᠎ᠤᠨ ᠦᠵᠡᠯᠳᠡ ᠲᠠᠨᠢᠯᠳᠠ᠎ᠶᠢᠨ ᠲᠡᠭᠡᠭᠰᠢᠯᠡᠬᠦ ᠵᠢ ᠲᠠᠭᠠᠯᠳᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠯ᠎ᠡ ᠵᠦᠢᠯ᠎ᠤᠨ ᠪᠡᠶ᠎ᠡ᠎ᠶᠢᠨ ᠲᠠᠮᠢᠷ᠎ᠤᠨ ᠬᠦᠳᠡᠯᠭᠡᠭᠡᠨ ᠢᠳᠡ ᠬᠦᠭ ᠲᠡᠢ ᠦᠷᠨᠢᠵᠦ ᠪᠠᠢᠭ᠎ᠠ ᠨᠢ ᠡᠨᠡ᠃ ᠡᠨᠡ ᠬᠦ᠌ ᠠᠮᠵᠢᠯᠳᠠ ᠪᠦᠳᠦᠮᠵᠢ᠂ ᠪᠠᠶᠠᠷ ᠪᠠᠬᠠᠳᠤᠯ 2025 ᠤᠨ ᠳ᠋ᠤ ᠮᠠᠨ᠎ᠤ 《ᠲᠠᠮᠢᠷ᠎ᠤᠨ ᠲᠠᠪᠴᠠᠩ》 ᠲᠤᠰᠬᠠᠢ ᠬᠡᠪᠯᠡᠯ ᠳ᠋ᠤ ᠦᠩᠭᠡ ᠢᠯᠭᠠᠷᠠᠮ᠎ᠠ ᠲᠡᠯᠭᠡᠭᠳᠡᠵᠦ᠂ ᠮᠡᠳᠡᠭᠡ ᠮᠡᠳᠡᠭᠡᠯᠡᠯ ᠪᠠᠶᠠᠯᠢᠭᠵᠢᠨ ᠴᠢᠨᠠᠷᠵᠢᠵᠤ ᠢᠷᠡᠭᠰᠡᠨ ᠮᠠᠨᠢ ᠪᠠᠬᠠᠷᠬᠠᠯᠳᠠᠢ᠃


QQ20251229-104229.png


 《ᠤᠷᠤᠯᠳᠤᠭᠠᠨ᠎ᠢ ᠳᠠᠭᠠᠵᠤ ᠥᠪᠥᠷ ᠮᠣᠩᠭᠣᠯ᠎ᠢ ᠣᠢᠯᠠᠭᠠᠬᠤᠢ》 ᠱᠢᠷᠢᠰ ᠮᠡᠳᠡᠭᠡᠯᠡᠯ ᠪᠥᠬᠥ᠌ ᠵᠢᠯ᠎ᠳᠦ 7 ᠬᠤᠭᠤᠴᠠᠭ᠎ᠠ ᠶᠠᠪᠤᠭ᠍ᠳᠠᠵᠤ᠂ ᠤᠷᠤᠯᠳᠤᠭᠠᠨ᠎ᠢᠶᠠᠷ ᠬᠣᠯᠪᠣᠭᠠᠰᠤ ᠪᠣᠯᠭᠠᠨ᠂ ᠥᠪᠥᠷ ᠮᠣᠩᠭᠣᠯ᠎ᠤᠨ ᠪᠠᠢᠭᠠᠯᠢ᠎ᠶ᠋ᠢᠨ ᠥᠩᠭᠡ ᠦᠵᠡᠮᠵᠢ᠂ ᠰᠣᠶᠣᠯ ᠢᠷᠭᠡᠨᠱᠢᠯ ᠪᠠ ᠠᠵᠦ ᠠᠬᠤᠢ᠎ᠶᠢᠨ ᠬᠥᠭ᠌ᠵᠢᠯᠲᠡ᠎ᠶ᠋ᠢ ᠢᠯᠡᠷᠡᠭᠦᠯᠬᠦ᠌ ᠴᠢᠬᠤᠯᠠ ᠠᠴᠢᠶᠠᠯᠠᠪᠤᠷᠢ ᠪᠣᠯᠤᠭ᠍ᠰᠠᠨ ᠪᠠᠢᠨ᠎ᠠ᠃ ᠮᠡᠳᠡᠭᠡᠯᠡᠯ ᠨᠢ ᠬᠥᠯ ᠪᠥᠮᠪᠥᠭᠡ᠂ ᠠᠷᠤᠷ᠎ᠠ ᠪᠥᠮᠪᠥᠭᠡ᠂ ᠮᠠᠷᠠᠽᠤᠨ᠂ ᠮᠣᠷᠢᠨ ᠤᠷᠤᠯᠳᠤᠭᠠᠨ ᠵᠡᠷᠭᠡ ᠣᠨᠴᠠᠯᠢᠭ᠍ᠲᠤ ᠤᠷᠤᠯᠳᠤᠭᠠᠨ᠎ᠳᠦ ᠠᠨᠭᠬᠠᠷᠤᠯ᠎ᠶ᠋ᠢᠡᠨ ᠬᠠᠨᠳᠤᠭᠤᠯᠵᠦ᠂ ᠠᠳᠠᠯᠢ ᠪᠤᠰᠤ ᠣᠷᠣᠨ ᠪᠦᠰᠡ᠎ᠶ᠋ᠢᠨ ᠤᠷᠤᠯᠳᠤᠭᠠᠨ᠎ᠤ ᠷᠢᠳᠢ ᠱᠢᠳᠢ᠎ᠶ᠋ᠢ ᠪᠥᠬᠥ᠌ ᠲᠠᠯ᠎ᠠ᠎ᠪᠠᠷ ᠢᠯᠡᠷᠡᠭᠦᠯᠵᠦ᠍᠂ ᠤᠩᠱᠢᠭ᠍ᠴᠢᠳ᠎ᠲᠤ ᠤᠷᠤᠯᠳᠤᠭᠠᠨ᠎ᠤ ᠮᠡᠳᠡᠭᠡᠯᠡᠯ᠎ᠡᠴᠡ ᠥᠪᠥᠷ ᠮᠣᠩᠭᠣᠯ᠎ᠤᠨ ᠰᠤᠶᠤᠯ᠂ ᠵᠠᠨᠭ᠌ ᠦᠢᠯᠡ ᠵᠡᠷᠭᠡ᠎ᠵᠢ ᠣᠢᠯᠠᠭᠠᠭᠤᠯᠪᠠ᠃


QQ20251229-104245.png


《ᠨᠠᠭᠠᠳᠤᠮ》 ᠱᠢᠷᠢᠰ ᠮᠡᠳᠡᠭᠡᠯᠡᠯ ᠵᠣᠨ᠎ᠤ ᠤᠯᠠᠷᠢᠯ᠎ᠤᠨ ᠪᠥᠬᠥ᠌ ᠣᠷᠣᠨ᠎ᠤ ᠡᠯ᠎ᠡ ᠭᠠᠵᠠᠷ᠎ᠤᠨ ᠨᠠᠭᠠᠳᠤᠮ᠎ᠤᠨ ᠦᠪᠡᠳᠡᠭ᠌ᠰᠢ ᠨᠡᠢᠷ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ 3 ᠬᠤᠭᠤᠴᠠᠭᠠᠨ᠎ᠤ ᠰᠢᠷᠢᠰ ᠮᠡᠳᠡᠭᠡᠯᠡᠯ᠎ᠶ᠋ᠢᠡᠷ ᠲᠠᠯ᠎ᠠ ᠨᠤᠲᠤᠭ᠎ᠤᠨ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠦᠪᠡᠳᠡᠭ᠌ᠰᠢ ᠶᠡᠬᠡ ᠳᠠᠢᠯᠠᠯᠭ᠎ᠠ᠎ᠶ᠋ᠢᠨ ᠥᠪᠡᠷᠮᠢᠴᠡ ᠷᠢᠳᠢ ᠱᠢᠳᠢ᠎ᠶ᠋ᠢ ᠬᠠᠷᠠᠭᠤᠯᠪᠠ᠃ ᠨᠠᠭᠠᠳᠤᠮ᠎ᠶ᠋ᠢᠡᠷ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠎ᠶ᠋ᠢ ᠠᠬᠢᠭᠤᠯᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠳᠤᠮᠳᠠᠬᠢ ᠴᠢᠬᠤᠯᠠ ᠦᠶ᠋ᠯᠡᠳᠦᠯ᠎ᠢ ᠭᠦᠨᠵᠡᠭᠡᠶ ᠵᠠᠳᠠᠯᠵᠤ᠂ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠠᠷᠭ᠎ᠠ ᠵᠠᠮ᠎ᠢ ᠰᠦᠪᠡᠭ᠌ᠴᠢᠯᠡᠯ᠎ᠠ᠃


QQ20251229-104301.png


ᠳᠡᠯᠭᠡᠷ ᠬᠠᠷᠠᠭ᠎ᠠ》 ᠪᠤᠯᠤᠩ᠎ᠳᠦ᠂ ᠪᠢᠳᠡ ᠪᠦᠬᠦ ᠠᠷᠠᠳ᠎ᠤᠨ ᠪᠡᠶ᠎ᠡ᠎ᠴᠢᠬᠢᠷᠠᠭᠵᠢᠭᠤᠯᠬᠤ᠂ ᠮᠥᠰᠥ᠍ ᠴᠠᠰᠤᠨ᠎ᠤ ᠬᠥᠳᠡᠯᠭᠡᠭᠡᠨ᠂ ᠤᠯᠠᠮᠵᠢᠯᠠᠯᠲᠤ ᠪᠡᠶ᠎ᠡ ᠴᠢᠭᠢᠷᠠᠭ᠍ᠵᠢᠭᠤᠯᠬᠤ ᠲᠥᠷᠥᠯ ᠵᠦᠶ᠋ᠯ ᠵᠡᠷᠭᠡ ᠣᠨᠴᠠᠯᠢᠭ᠍ᠲᠤ ᠠᠭᠤᠯᠭ᠎ᠠ᠎ᠶ᠋ᠢ ᠭᠤᠤᠯᠴᠢᠯᠠᠨ ᠮᠡᠳᠡᠭᠡᠯᠡᠵᠦ᠂ ᠪᠥᠬᠥ᠌ ᠣᠷᠣᠨ᠎ᠤ ᠡᠯ᠎ᠡ ᠭᠠᠵᠠᠷ᠎ᠤᠨ《 ᠪᠡᠶ᠎ᠡ ᠴᠢᠭᠢᠷᠠᠭ᠍ᠵᠢᠭᠤᠯᠬᠤ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ 》᠂《ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠬᠥᠳᠡᠭᠡ ᠲᠣᠰᠭᠣᠨ᠎ᠳᠤ ᠬᠦᠷᠭᠡᠭᠦ》 ᠵᠡᠷᠭᠡ ᠠᠵᠢᠯᠯᠠᠭ᠎ᠠ᠎ᠳᠤ ᠠᠩᠬᠠᠷᠤᠯ᠎ᠢᠶᠠᠨ ᠬᠠᠨᠳᠤᠭᠤᠯᠵᠤ᠂ ᠪᠡᠶ᠎ᠡ᠎ᠶᠢᠨ ᠲᠠᠮᠢᠷ᠎ᠶ᠋ᠢᠡᠷ ᠠᠷᠠᠳ᠎ᠲᠤ ᠠᠰᠢᠭ ᠬᠦᠷᠳᠡᠭᠡᠬᠦ ᠲᠦᠷᠦ᠎ᠶᠢᠨ ᠪᠤᠳᠤᠯᠭ᠎ᠠ ᠶ᠋ᠢᠨ ᠦᠷ᠎ᠡ ᠪᠦᠲᠦᠭᠡᠯ᠎ᠢ ᠠᠮᠢᠳᠤᠯᠢᠭ᠎ᠢᠶᠠᠷ ᠲᠡᠮᠳᠡᠭ᠌ᠯᠡᠪᠡ᠃


QQ20251229-104308.png


ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠲᠠᠯ᠎ᠠ ᠪᠡᠷ᠂ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠂ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠵᠢᠴᠢ ᠵᠠᠯᠠᠭᠤᠴᠤᠳ ᠪᠠᠭᠠᠴᠤᠳ᠎ᠤᠨ ᠮᠣᠷᠢᠨ ᠮᠡᠷᠭᠡᠵᠢᠯ᠎ᠦᠨ ᠪᠣᠯᠪᠠᠰᠤᠷᠠᠯ᠎ᠤᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠠᠬᠤᠶ ᠪᠠᠢᠳᠠᠯ ᠳᠤᠤᠷ᠎ᠠ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤ ᠪᠠᠭᠠᠴᠤᠤᠯ ᠲᠠᠮᠢᠷᠴᠢᠳ᠎ᠤᠨ ᠪᠥᠬᠥ᠌ ᠤᠯᠤᠰ᠎ᠤᠨ ᠤᠷᠤᠯᠳᠤᠭᠠᠨ ᠳᠤᠮᠳᠠᠬᠢ ᠦᠰᠦᠨ ᠪᠣᠢᠵᠢᠯᠲᠠ᠎ᠶ᠋ᠢᠨ ᠤᠯᠠ ᠮᠥᠷ ᠪᠣᠯᠤᠨ ᠱᠢᠪᠲᠤᠯᠤᠯᠲᠠ᠎ᠶ᠋ᠢᠨ ᠢᠯᠡᠷᠡᠯ᠎ᠢ ᠭᠦᠨᠵᠡᠭᠡᠶ ᠠᠭᠤᠳᠠᠯᠯᠠᠵᠦ᠂ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠯᠠᠪᠳᠠᠭᠤᠨ ᠪᠠᠲᠤᠲᠠᠶ ᠦᠷ᠎ᠡ ᠪᠦᠲᠦᠮᠵᠢ᠎ᠶ᠋ᠢ ᠳᠣᠪᠣᠢᠯᠭᠠᠪᠠ᠃ ᠦᠷᠢᠰᠦᠯᠳᠦᠭᠡᠨᠳᠦ ᠤᠷᠤᠯᠳᠤᠭᠠᠨ᠎ᠤ ᠲᠠᠯ᠎ᠠ ᠪᠡᠷ ᠬᠥᠯ ᠪᠥᠮᠪᠥᠭᠡ᠂ ᠰᠠᠭ᠍ᠰᠤᠨ ᠪᠥᠮᠪᠥᠭᠡ᠂ ᠠᠯᠠᠭᠠᠳᠠᠬᠤ ᠪᠥᠮᠪᠥᠭᠡ ᠵᠡᠷᠭᠡ 《 ᠭᠤᠷᠪᠠᠨ ᠲᠣᠮᠣ ᠪᠥᠮᠪᠥᠭᠡ 》 ᠎ᠶ᠋ᠢᠨ ᠬᠥᠭ᠌ᠵᠢᠯᠲᠡ᠎ᠶ᠋ᠢᠨ ᠠᠬᠢᠴᠠ᠎ᠶ᠋ᠢ ᠠᠩᠬᠠᠷᠴᠤ᠌᠂ ᠥᠪᠥᠷ ᠮᠣᠩᠭᠣᠯ᠎ᠤᠨ ᠡᠮᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ᠎ᠶ᠋ᠢᠨ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠱᠢᠶ᠋ᠳᠪᠦᠷᠢᠲᠦ ᠤᠷᠤᠯᠳᠤᠭᠠᠨ᠎ᠳᠤ ᠣᠷᠣᠭ᠍ᠰᠠᠨ ᠲᠡᠦᠬᠡᠲᠦ ᠴᠢᠨᠠᠷᠲᠠᠶ ᠥᠩᠭᠡᠷᠡᠯᠲᠡ᠎ᠶᠢᠨ ᠪᠥᠬᠥ᠌ ᠶᠠᠪᠤᠴᠠ ᠪᠠ ᠠᠯᠠᠭᠠᠳᠠᠬᠤ ᠪᠥᠮᠪᠥᠭᠡ᠎ᠶ᠋ᠢᠨ ᠵᠠᠯᠠᠭᠤᠴᠤᠳ᠎ᠤᠨ ᠠᠩᠭᠢ᠎ᠶ᠋ᠢᠨ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠱᠢᠶ᠋ᠳᠪᠦᠷᠢᠲᠦ ᠤᠷᠤᠯᠳᠤᠭᠠᠨ᠎ᠳᠤ ᠣᠷᠣᠭ᠍ᠰᠠᠨ ᠱᠢᠪᠲᠤᠯᠤᠯᠲᠠ᠎ᠶ᠋ᠢᠨ ᠴᠢᠨᠠᠷᠲᠠᠢ ᠠᠴᠢ ᠬᠣᠯᠪᠣᠭ᠍ᠳᠠᠯ᠎ᠢ ᠴᠠᠭ ᠲᠤᠬᠠᠢ᠎ᠳᠤᠨᠢ ᠮᠡᠳᠡᠭᠡᠯᠡᠪᠡ᠃ ᠡᠭᠦᠨ᠎ᠦ ᠬᠠᠮᠲᠤ ᠫᠢᠩᠫᠠᠩ ᠪᠥᠮᠪᠥᠭᠡ᠂ ᠥᠲᠥᠨ ᠪᠥᠮᠪᠥᠭᠡ᠂ ᠲᠤᠤᠷ ᠪᠥᠮᠪᠥᠭᠡ ᠵᠡᠷᠭᠡ  《 ᠵᠢᠷᠭᠤᠭᠠᠨ ᠵᠢᠵᠢᠭ ᠪᠥᠮᠪᠥᠭᠡ 》 ᠎ᠶ᠋ᠢᠨ ᠲᠥᠷᠥᠯ ᠵᠦᠶ᠋ᠯ᠎ᠦᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠪᠥᠬᠥ᠌ ᠤᠯᠤᠰ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠳᠠᠬᠢ ᠭᠠᠷᠮᠠᠭᠠᠢ ᠬᠢᠷᠢ ᠪᠦᠲᠦᠮᠵᠢ᠎ᠶ᠋ᠢ ᠴᠸ᠋ ᠠᠯᠳᠠᠯ ᠦᠭᠡᠢ ᠮᠡᠳᠡᠭᠡᠯᠡᠭᠰᠡᠨ ᠪᠠᠢᠨ᠎ᠠ᠃


QQ20251229-104318.png


《ᠴᠢᠯᠦᠭᠡᠳᠦ ᠵᠤᠭᠤᠭ》 ᠱᠢᠭᠦᠮᠵᠢ᠎ᠶᠢᠨ ᠪᠤᠯᠤᠩ ᠢᠮᠠᠭ᠍ᠲᠠ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠳᠡᠬᠢ ᠬᠠᠯᠠᠮᠰᠢᠯ ᠠᠰᠠᠭᠤᠳᠠᠯ᠎ᠢᠶᠡᠷ ᠰᠡᠳᠦᠪᠯᠡᠵᠦ᠂ 《AI ᠮᠡᠷᠭᠡᠵᠢᠯ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠦᠵᠡᠭᠦᠯᠬᠦ᠌ ᠨᠥᠯᠥᠭᠡ》᠂《 ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠶᠢᠨ ᠤᠴᠢᠷ》᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠪᠠ ᠬᠣᠭᠣᠯᠠ ᠤᠮᠳᠠ ᠪᠠᠨ ᠵᠤᠬᠢᠰᠳᠠᠢ ᠲᠤᠬᠢᠷᠠᠭᠤᠯᠬᠤ᠎ᠶ᠋ᠢᠨ ᠴᠢᠬᠤᠯᠠ ᠴᠢᠨᠠᠷ ᠵᠡᠷᠭᠡ ᠤᠯᠠᠨ ᠰᠢᠭᠦᠮᠵᠢ ᠨᠡᠢᠳᠡᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠦᠶ᠋ᠯᠡᠳᠦᠯᠭᠡ᠎ᠲᠡᠶ ᠤᠶᠠᠯᠳᠤᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠶᠠᠪᠤᠴᠠ᠎ᠳᠠᠬᠢ ᠬᠦᠴᠢᠷ ᠪᠠ ᠱᠢᠪᠲᠤᠯᠤᠯᠲᠠ᠎ᠶ᠋ᠢᠨ ᠴᠡᠭ᠎ᠢ ᠵᠠᠳᠠᠯᠵᠤ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠡᠷᠡᠭᠦᠯ ᠰᠠᠷᠠᠭᠤᠯ ᠠᠮᠢᠳᠤᠷᠠᠯ᠎ᠤᠨ ᠣᠨᠣᠯᠵᠢᠬᠤᠨ᠎ᠢ ᠪᠣᠶ ᠪᠤᠯᠭᠠᠬᠤ᠎ᠵᠢ ᠵᠤᠷᠢᠯ᠎ᠠ᠃

 ᠲᠠᠮᠢᠷ᠎ᠤᠨ ᠲᠠᠯᠠᠪᠠᠢ ᠳ᠋ᠤ ᠨᠠᠰᠤᠲᠠᠢᠴᠤᠳ ᠵᠠᠯᠠᠭᠤᠴᠤᠳ ᠪᠠᠭᠠᠴᠤᠳ ᠢᠯᠭᠠᠯ ᠦᠭᠡᠢ ᠦᠪᠡᠷ ᠦᠪᠡᠷ᠎ᠤᠨ ᠪᠤᠯᠪᠠᠰᠤᠷᠠᠯ᠎ᠢᠶᠡᠨ ᠦᠷᠬᠦᠯᠵᠢᠯᠡᠭᠦᠯᠦᠨ᠎ᠡ᠂《ᠲᠠᠮᠢᠷ᠎ᠤᠨ ᠲᠠᠪᠴᠠᠩ》 ᠳ᠋ᠤ ᠤᠳᠤᠨ ᠰᠤᠳᠤᠨ᠎ᠤ ᠵᠢᠪᠬᠤᠭ᠎ᠠ ᠲᠡᠯᠭᠡᠭᠳᠡᠨ᠎ᠡ᠂ ᠬᠦᠮᠦᠰ ᠲᠸ᠋ ᠡᠷᠴᠢ ᠬᠦᠴᠦᠨ ᠪᠠ ᠢᠳᠡᠭᠡᠯ ᠵᠤᠷᠢᠭ ᠲᠠᠮᠵᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号