— 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠲᠡᠮᠦᠷ ᠵᠠᠮ ᠴᠢᠨᠠᠷ ᠰᠠᠢᠲᠠᠶ ᠬᠥᠭ᠌ᠵᠢᠯᠲᠡ ᠵᠢᠨ ᠲᠦᠷᠭᠡᠨ ᠵᠠᠮ ᠢ᠋ ᠲᠡᠪᠢᠰᠴᠡᠢ
2025 ᠣᠨ᠎ᠤ 12 ᠰᠠᠷ᠎ᠠ᠎ᠶ᠋ᠢᠨ 23 ᠤ᠋ ᠡᠳᠦᠷ᠂ ᠪᠣᠭᠣᠮᠲᠠ᠎ᠶ᠋ᠢᠨ ᠭᠠᠳᠠᠨᠠᠬᠢ ᠪᠣᠯᠣᠳ ᠲᠡᠮᠦᠷ᠎ᠦᠨ ᠬᠣᠲᠠ ᠪᠤᠭᠤᠲᠤ ᠪᠣᠯᠤᠨ ᠪᠣᠭᠣᠮᠲᠠ᠎ᠶ᠋ᠢᠨ ᠭᠠᠳᠠᠨᠠᠬᠢ ᠵᠢᠶᠠᠩᠨᠠᠨ ᠬᠡᠮᠡᠭᠳᠡᠭᠰᠡᠨ ᠨᠢᠩᠱᠢᠶᠠ᠎ᠶ᠋ᠢ ᠬᠣᠯᠪᠣᠭ᠍ᠰᠠᠨ ᠪᠤᠭᠤᠲᠤ ᠡᠴᠡ ᠢᠷᠭᠠᠶ ᠬᠦᠷᠬᠦ ᠲᠦᠷᠭᠡᠨ᠎ᠦ ᠲᠡᠮᠦᠷ ᠵᠠᠮ ᠲᠡᠷᠭᠡ ᠨᠡᠪᠲᠡᠷᠡᠪᠡ᠃
2024 ᠣᠨ᠎ᠤ 12 ᠰᠠᠷ᠎ᠠ᠎ᠶ᠋ᠢᠨ 31 ᠤ᠋ ᠡᠳᠦᠷ᠂ ᠵᠢᠨᠢᠩ ᠳ᠋ᠠᠲ᠋ᠦ᠋ᠩ ᠶᠤᠸᠠᠨᠫᠢᠩ ᠤ᠋ᠨ ᠲᠦᠷᠭᠡᠨ᠎ᠦ ᠲᠡᠮᠦᠷ ᠵᠠᠮ᠎ᠤᠨ ᠰᠡᠷᠭᠦᠨ ᠮᠠᠨᠳᠤᠯᠲᠠ ᠨᠡᠷᠡᠮᠵᠢᠲᠦ ᠬᠦᠳᠡᠯᠭᠡᠬᠦ ᠬᠦᠴᠦᠨ᠎ᠳᠤ ᠭᠠᠯᠳᠤ ᠲᠡᠷᠭᠡ ᠬᠥᠬᠡᠬᠣᠲᠠ᠎ᠶ᠋ᠢᠨ ᠵᠡᠭᠦᠨ ᠦᠷᠳᠡᠭᠡ᠎ᠡᠴᠡ ᠮᠣᠷᠳᠠᠵᠤ᠂ 《ᠥᠪᠥᠷ ᠮᠣᠩᠭᠣᠯ ᠱᠠᠨ ᠰᠢ ᠨᠢᠭᠡ ᠭᠡᠷ᠎ᠦᠨ ᠬᠥᠮᠦᠨ ᠮᠡᠲᠦ ᠳᠣᠲᠣᠨᠣ》 ᠪᠠᠢᠬᠤ ᠲᠦᠷᠭᠡᠨ᠎ᠦ ᠲᠡᠮᠦᠷ ᠵᠠᠮ᠎ᠤᠨ ᠱᠢᠨ᠎ᠡ ᠬᠠᠭᠤᠳᠠᠰᠤ᠎ᠶ᠋ᠢ ᠨᠡᠭᠡᠭᠡᠪᠡ᠃
2024 ᠣᠨ᠎ᠤ 11 ᠰᠠᠷ᠎ᠠ᠎ᠳᠤ᠂ ᠵᠢᠨᠢᠩ ᠲᠦᠩᠯᠢᠶᠣᠤ᠎ᠶ᠋ᠢᠨ ᠲᠡᠮᠦᠷ ᠵᠠᠮ᠎ᠤᠨ ᠴᠠᠬᠢᠯᠭᠠᠨᠵᠢᠭᠤᠯᠬᠤ ᠥᠭᠡᠷᠡᠴᠢᠯᠡᠯᠲᠡ᠎ᠶ᠋ᠢᠨ ᠢᠨᠵᠧᠨᠧᠷᠢᠩ᠎ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠵᠢᠯ᠎ᠦᠨ ᠪᠠᠷᠠᠭ᠎ᠠ ᠲᠡᠭᠡᠭᠡᠪᠦᠷᠢᠯᠡᠬᠦ᠌ ᠴᠢᠳᠠᠪᠤᠷᠢ ᠨᠢ 3600 ᠲᠦᠮᠡᠨ ᠲᠣᠨ ᠪᠠᠢᠭ᠍ᠰᠠᠨ᠎ᠡᠴᠡ᠎ᠪᠠᠨ 8000 ᠲᠦᠮᠡᠨ ᠲᠣᠨ ᠪᠣᠯᠵᠤ ᠳᠡᠭᠡᠭ᠌ᠰᠢᠯᠡᠪᠡ᠃
ᠭᠠᠯᠲᠤ ᠲᠡᠷᠭᠡ ᠥᠷᠭᠡᠨ ᠠᠭᠤᠳᠠᠮ ᠲᠠᠯ᠎ᠠ ᠳᠡᠭᠡᠷ᠎ᠡ ᠬᠦᠷᠴᠢᠭᠢᠨᠡᠨ ᠳᠠᠪᠬᠢᠵᠤ᠂ ᠴᠣᠩᠬᠣᠨ ᠭᠠᠳᠠᠨᠠᠬᠢ ᠮᠤᠷᠤᠯᠵᠠᠨ ᠤᠷᠤᠰᠭᠤ ᠭᠤᠤᠯ ᠮᠥᠷᠡᠨ ᠪᠣᠯᠤᠨ ᠬᠥᠪᠡᠭᠡ ᠬᠢᠵᠠᠭᠠᠷ ᠥᠬᠡᠶ ᠲᠠᠯ᠎ᠠ ᠨᠤᠲᠤᠭ ᠨᠢ ᠡᠨᠡ ᠬᠦ᠌ ᠨᠤᠲᠤᠭ ᠤᠷᠤᠨ ᠤ᠋ ᠭᠦᠨᠵᠡᠭᠡᠶ ᠬᠤᠪᠢᠰᠤᠯᠲᠠ ᠪᠣᠯᠤᠨ ᠳᠠᠪᠠᠯᠲᠠ᠎ᠳᠤ ᠬᠥᠭ᠌ᠵᠢᠯᠲᠡ᠎ᠶ᠋ᠢ ᠭᠡᠷᠡᠴᠢᠯᠡᠨ᠎ᠠ᠃
ᠥᠪᠥᠷ ᠮᠣᠩᠭᠣᠯ ᠵᠡᠭᠦᠨᠰᠢ ᠪᠠᠷᠠᠭᠤᠨᠰᠢ᠎ᠪᠠᠨ ᠢᠪᠴᠤᠬᠠᠨ ᠤᠷᠳᠤ ᠪᠠᠢᠵᠤ᠂ ᠭᠤᠤᠯ ᠬᠣᠲᠠ ᠨᠢ ᠵᠡᠭᠦᠨᠰᠢ ᠪᠠᠷᠠᠭᠤᠨᠰᠢ ᠬᠥᠨᠳᠡᠯᠡᠨ ᠴᠢᠭ᠌ᠯᠡᠯ᠎ᠢᠶᠡᠷ ᠲᠠᠷᠬᠠᠵᠤ᠂ ᠡᠷᠬᠢᠨ ᠲᠣᠭᠣᠷᠢᠨ᠎ᠤ ᠮᠤᠵᠢ ᠣᠷᠣᠨ᠎ᠤ ᠲᠥᠪ ᠬᠣᠲᠠ᠎ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠷᠢᠯᠴᠠᠭ᠎ᠠ ᠶᠡᠷᠦ᠍᠎ᠡᠴᠡ ᠨᠢᠭ᠍ᠲᠠ ᠪᠠᠢᠳᠠᠭ᠃ ᠡᠨᠡ ᠬᠦ᠌ ᠣᠨᠴᠠᠯᠢᠭᠲᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠳᠤ 《ᠡᠷᠭᠢᠨ ᠲᠤᠭᠤᠷᠢᠨ ᠤ᠋ ᠬᠢ ᠲᠠᠢ ᠲᠦᠷᠭᠡᠨ ᠵᠠᠯᠭᠠᠯᠳᠤᠬᠤ》 ᠲᠥᠯᠥᠪᠵᠢᠭᠦᠯᠭᠡ᠎ᠶ᠋ᠢᠨ ᠰᠡᠳᠭᠢᠴᠡ᠎ᠶ᠋ᠢ ᠲᠣᠭ᠍ᠲᠠᠭᠠᠪᠠ᠃ ᠡᠭᠦᠨ᠎ᠡᠴᠡ ᠡᠮᠦᠨ᠎ᠡ᠂ ᠥᠪᠥᠷ ᠮᠣᠩᠭᠣᠯ ᠨᠢᠭᠡᠨᠲᠡ ᠪᠤᠭᠤᠲᠤ᠎ᠡᠴᠡ ᠪᠡᠭᠡᠵᠢᠩ ᠬᠥᠷᠬᠥ᠌᠂ ᠤᠯᠠᠭᠠᠨᠬᠠᠳᠠ᠎ᠡᠴᠡ ᠬᠠᠷᠠᠴᠢᠨ ᠵᠡᠭᠦᠨ ᠭᠠᠷᠤᠨ ᠮᠤᠩᠭᠤᠯ ᠦᠨᠳᠦᠰᠦᠳᠡᠨ ᠤ᠋ ᠦᠪᠡᠷᠳᠡᠭᠡᠨ ᠵᠠᠰᠠᠬᠤ ᠰᠢᠶᠠᠨ ᠬᠦᠷᠬᠦ᠂ ᠲᠦᠩᠯᠢᠶᠣᠤ᠎ᠡᠴᠡ ᠱᠢᠨ ᠮᠢᠨ ᠬᠥᠷᠬᠥ᠌᠂ ᠤᠯᠠᠭᠠᠨᠬᠣᠲᠠ᠎ᠡᠴᠡ ᠴᠠᠩᠴᠦ᠋ᠨ ᠬᠥᠷᠬᠥ᠌ ᠵᠡᠷᠭᠡ ᠠᠶᠠᠨᠴᠢᠳ᠎ᠤᠨ ᠵᠦᠭᠡᠭᠡᠪᠦᠷᠢ᠎ᠶ᠋ᠢᠨ ᠲᠤᠰᠭᠠᠶ ᠱᠤᠭᠤᠮ ᠪᠠ ᠳᠡᠭᠡᠳᠦ (ᠲᠦᠷᠭᠡᠨ) ᠬᠤᠷᠳᠤᠴᠠᠲᠤ ᠲᠡᠮᠦᠷ ᠵᠠᠮ᠎ᠢ ᠨᠡᠪᠲᠡᠷᠡᠭᠦᠯᠵᠦ᠍᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠣᠲᠠ᠎ᠶ᠋ᠢᠨ ᠪᠦᠯᠦᠭᠵᠢᠯ ᠢ᠋ ᠪᠡᠭᠡᠵᠢᠩ ᠲᠢᠶᠠᠨᠵᠢᠨ ᠾᠸᠪᠸᠢᠳ᠋ᠤ ᠠᠭᠤᠰᠤᠯᠴᠠᠭᠤᠯᠤᠨ ᠣᠷᠣᠭᠤᠯᠬᠤ ᠵᠢᠴᠢ ᠤᠯᠠᠭᠠᠨᠬᠠᠳᠠ᠂ ᠲᠦᠩᠯᠢᠶᠣᠤ᠂ ᠬᠢᠩᠭᠠᠨ ᠠᠢᠮᠠᠭ ᠵᠡᠷᠭᠡ ᠭᠠᠵᠠᠷ ᠢ᠋ ᠵᠡᠭᠦᠨ ᠬᠣᠢᠲᠤ ᠣᠷᠣᠨ᠎ᠤ ᠬᠣᠲᠠ᠎ᠶ᠋ᠢᠨ ᠪᠦᠯᠦᠭᠵᠢᠯ᠎ᠳᠦ ᠠᠭᠤᠰᠤᠯᠴᠠᠭᠤᠯᠤᠨ ᠣᠷᠣᠭᠤᠯᠬᠤ ᠲᠦᠷᠭᠡᠨ ᠬᠤᠷᠳᠤᠴᠠᠲᠤ ᠵᠠᠮ ᠬᠠᠷᠢᠯᠴᠠᠭᠠᠨ᠎ᠤ ᠠᠰᠠᠭᠤᠳᠠᠯ᠎ᠢ ᠠᠮᠵᠢᠯᠲᠠ ᠲᠠᠶ ᠱᠢᠶ᠋ᠳᠪᠦᠷᠢᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠲᠡᠮᠦᠷ ᠵᠠᠮ᠎ᠤᠨ ᠲᠤᠤᠷ᠎ᠤᠨ ᠪᠥᠲᠥᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠠᠬᠢᠭᠤᠯᠵᠤ᠂ ᠨᠢᠭᠡ ᠲᠠᠯ᠎ᠠ᠎ᠪᠠᠷ ᠲᠦᠷᠭᠡᠨ᠎ᠦ ᠲᠡᠮᠦᠷ ᠵᠠᠮ᠎ᠢ ᠬᠣᠯᠪᠣᠨ ᠲᠤᠤᠷᠵᠢᠭᠤᠯᠵᠤ᠂ ᠨᠥᠭᠥᠭᠡ ᠲᠠᠯ᠎ᠠ᠎ᠪᠠᠷ ᠡᠩ᠎ᠦᠨ ᠬᠤᠷᠳᠤᠴᠠᠳᠤ ᠭᠤᠤᠯ ᠱᠤᠭᠤᠮ᠎ᠤᠨ ᠲᠡᠮᠦᠷ ᠵᠠᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠤᠳᠤ᠂ ᠬᠥᠬᠡᠬᠣᠲᠠ᠂ ᠪᠤᠭᠤᠲᠤ᠂ ᠤᠯᠠᠭᠠᠨᠬᠠᠳᠠ᠂ ᠲᠦᠩᠯᠢᠶᠣᠤ᠂ ᠤᠯᠠᠭᠠᠨᠴᠠᠪ᠂ ᠪᠠᠶᠠᠨᠨᠠᠭᠤᠷ᠂ ᠦᠬᠠᠶ ᠵᠡᠷᠭᠡ 7 ᠬᠣᠲᠠ ᠨᠢᠭᠡᠨᠲᠡ ᠪᠥᠬᠥ᠌ ᠤᠯᠤᠰ᠎ᠤᠨ ᠲᠦᠷᠭᠡᠨ᠎ᠦ ᠲᠡᠮᠦᠷ ᠵᠠᠮ᠎ᠤᠨ ᠲᠤᠤᠷ᠎ᠲᠤ ᠣᠷᠣᠵᠤ᠂ ᠣᠷᠳᠣᠰ᠂ ᠬᠢᠩᠭᠠᠨ ᠠᠢᠮᠠᠭ ᠬᠦᠳᠡᠯᠭᠡᠬᠦ ᠬᠦᠴᠤᠨ᠎ᠳᠤ ᠭᠠᠯᠳᠤ ᠲᠡᠷᠭᠡ ᠨᠡᠪᠲᠡᠷᠡᠭᠦᠯᠵᠦ᠍᠂ ᠵᠢᠱ᠌ᠢᠯᠲᠡ᠎ᠪᠡᠷ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯᠴᠢ ᠪᠣᠯᠬᠤ᠎ᠳᠤ᠂ ᠪᠥᠬᠥ᠌ ᠣᠷᠣᠨ᠎ᠤ ᠲᠡᠮᠦᠷ ᠵᠠᠮ᠎ᠤᠨ ᠡᠵᠡᠩᠨᠡᠯᠲᠡ᠎ᠶ᠋ᠢᠨ ᠵᠠᠮ᠎ᠤᠨ ᠣᠷᠳᠣᠨ᠎ᠢ 1.55 ᠲᠦᠮᠡᠨ ᠺᠢᠯᠣᠮᠧᠲ᠋ᠷ᠎ᠲᠦ ᠬᠦᠷᠴᠦ᠍᠂ ᠪᠥᠬᠥ᠌ ᠤᠯᠤᠰ᠎ᠤᠨ ᠨᠢᠭᠡᠳᠦᠭᠡᠷ᠎ᠲᠦ ᠣᠷᠣᠵᠤ᠂ ᠡᠭᠦᠨ᠎ᠳᠦ ᠲᠦᠷᠭᠡᠨ᠎ᠦ ᠲᠡᠮᠦᠷ ᠵᠠᠮ᠎ᠤᠨ ᠣᠷᠳᠣᠨ᠎ᠢ 880 ᠺᠢᠯᠣᠮᠧᠲ᠋ᠷ᠎ᠲᠦ ᠬᠥᠷᠬᠥ᠌ ᠪᠣᠯᠤᠨ᠎ᠠ᠃ ᠨᠡᠩ ᠥᠷᠭᠡᠨ ᠪᠦᠷᠬᠦᠴᠡ᠎ᠲᠡᠶ ᠂ ᠨᠡᠩ ᠥᠨᠳᠥᠷ ᠦᠷ᠎ᠡ ᠪᠦᠲᠦᠮᠵᠢᠲᠡᠶ ᠲᠡᠮᠦᠷ ᠵᠠᠮ᠎ᠤᠨ ᠲᠣᠣᠷ ᠨᠢᠭᠡᠨᠲᠡ ᠪᠦᠷᠢᠯᠳᠦᠯᠠ᠃
ᠲᠦᠷᠭᠡᠨ ᠤ᠋ ᠲᠡᠮᠦᠷ ᠵᠠᠮ᠎ᠤᠨ ᠲᠤᠤᠷ ᠪᠦᠷᠢᠯᠳᠦᠵᠦ ᠲᠦᠷᠪᠡᠨ ᠵᠦᠭ ᠨᠠᠢ᠍ᠮᠠᠨ ᠵᠤᠪᠬᠢᠰ ᠢ᠋ ᠬᠣᠯᠪᠣᠨ ᠨᠡᠪᠲᠡᠷᠡᠭᠦᠯᠪᠡ
2021 ᠣᠨ ᠪᠤᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯᠶᠤᠮ᠃ ᠵᠢᠨᠢᠩ ᠳ᠋ᠠᠲ᠋ᠦ᠋ᠩ ᠶᠤᠸᠠᠨᠫᠢᠩ ᠤ᠋ᠨ ᠲᠦᠷᠭᠡᠨ ᠤ᠋ ᠲᠡᠮᠦᠷ ᠵᠠᠮ᠎ᠤᠨ ᠪᠥᠬᠥ᠌ ᠱᠤᠭᠤᠮ᠎ᠤᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠣᠶ ᠤᠯᠤᠰ᠎ᠤᠨ ᠵᠥᠪᠱᠢᠶᠡᠷᠡᠯ᠎ᠢ ᠣᠯᠵᠤ᠂ ᠪᠠᠷᠢᠯᠭ᠎ᠠ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠠᠲᠤᠨ᠎ᠳᠤ ᠣᠷᠣᠪᠠ᠃ 3 ᠵᠢᠯ᠎ᠦᠨ ᠪᠣᠭᠣᠮᠲᠠ ᠱᠢᠪᠲᠤᠯᠤᠯᠳᠠ᠎ᠪᠠᠷ ᠳᠠᠮᠵᠢᠨ᠂ ᠪᠦᠲᠦᠭᠡᠨ ᠪᠠᠢᠭᠤᠯᠤᠭ᠍ᠴᠢᠳ ᠹᠸᠩᠵᠸᠨᠤ ᠨᠦᠬᠡᠨ ᠵᠠᠮ ᠵᠡᠷᠭᠡ 6 ᠨᠦᠬᠡᠨ ᠵᠠᠮ᠎ᠢ ᠪᠠᠢᠭᠤᠯᠵᠤ᠂ ᠹᠸᠩᠵᠸᠨᠤ ᠣᠨᠴᠠ ᠶᠡᠬᠡ ᠬᠥᠭᠥᠷᠭᠡ ᠵᠡᠷᠭᠡ 54 ᠬᠥᠭᠥᠷᠭᠡ᠎ᠶ᠋ᠢ ᠪᠤᠰᠭᠠᠵᠠᠢ᠃ 2024 ᠣᠨ᠎ᠤ 12 ᠰᠠᠷ᠎ᠠ᠎ᠶ᠋ᠢᠨ 31 ᠤ᠋ ᠡᠳᠦᠷ᠂ G4798 ᠡᠭᠡᠯᠵᠢ ᠵᠢᠨ ᠰᠡᠷᠭᠦᠨ ᠮᠠᠨᠳᠤᠯᠲᠠ ᠨᠡᠷᠡᠮᠵᠢᠲᠦ ᠬᠦᠳᠡᠯᠭᠡᠬᠦ ᠬᠦᠴᠤᠨ᠎ᠳᠤ ᠭᠠᠯᠳᠤ ᠲᠡᠷᠭᠡ ᠬᠥᠬᠡᠬᠣᠲᠠ᠎ᠶ᠋ᠢᠨ ᠵᠡᠭᠦᠨ ᠥᠷᠲᠡᠭᠡ᠎ᠡᠴᠡ ᠮᠤᠷᠳᠠᠬᠤ ᠵᠢ ᠳᠠᠭᠠᠯᠳᠤᠨ᠂ ᠵᠢᠨᠢᠩ ᠳ᠋ᠠᠲ᠋ᠦ᠋ᠩ ᠶᠤᠸᠠᠨᠫᠢᠩ ᠤ᠋ᠨ ᠲᠦᠷᠭᠡᠨ᠎ᠦ ᠲᠡᠮᠦᠷ ᠵᠠᠮ ᠵᠢᠩᠬᠢᠨᠢ᠎ᠪᠡᠷ ᠨᠡᠪᠲᠡᠷᠡᠵᠦ᠍᠂ ᠱᠠᠨ ᠰᠢ ᠥᠪᠥᠷ ᠮᠣᠩᠭᠣᠯ ᠬᠣᠶᠠᠷ ᠭᠠᠵᠠᠷ᠎ᠲᠤ ᠳᠠᠬᠢᠨᠲᠠ ᠵᠠᠮ ᠬᠠᠷᠢᠯᠴᠠᠭᠠᠨ᠎ᠤ ᠱᠢᠨ᠎ᠡ 《ᠰᠤᠳᠠᠰᠤ》 ᠨᠡᠮᠡᠭ᠌ᠳᠡᠭᠰᠡᠨ ᠪᠥᠭᠡᠳ ᠪᠠᠰᠠ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠤᠷᠳᠤᠴᠠ᠎ᠪᠠᠨ ᠲᠦᠷᠭᠡᠳᠭᠡᠨ ᠪᠥᠬᠥ᠌ ᠤᠯᠤᠰ᠎ᠤᠨ ᠲᠦᠷᠭᠡᠨ᠎ᠦ ᠲᠡᠮᠦᠷ ᠵᠠᠮ᠎ᠤᠨ ᠲᠤᠤᠷ᠎ᠲᠤ ᠠᠭᠤᠰᠤᠯᠴᠠᠭ᠍ᠰᠠᠨᠢ ᠬᠠᠷᠠᠭᠤᠯᠵᠤ ᠪᠠᠢᠨ᠎ᠠ᠃ ᠣᠳᠣᠬᠠᠨ ᠪᠣᠯᠲᠠᠯ᠎ᠠ᠂ ᠥᠪᠥᠷ ᠮᠣᠩᠭᠣᠯ ᠡᠴᠡ ᠲᠦᠷᠭᠡᠨ᠎ᠦ ᠲᠡᠮᠦᠷ ᠵᠠᠮ᠎ᠤᠨ ᠲᠤᠤᠷ ᠵᠢᠡᠷ ᠲᠠᠮᠵᠢᠨ ᠪᠥᠬᠥ᠌ ᠤᠯᠤᠰ᠎ᠤᠨ 18 ᠮᠤᠵᠢ ᠣᠷᠣᠨ ᠬᠣᠲᠠ᠎ᠳᠤ ᠱᠢᠭᠤᠳ ᠨᠡᠪᠲᠡᠷᠡᠬᠦ ᠪᠤᠯᠪᠠ᠃
ᠰᠠᠶᠢᠬᠠᠨ ᠲᠡᠷᠭᠡ ᠨᠡᠪᠲᠡᠷᠡᠭ᠌ᠰᠡᠨ ᠪᠤᠭᠤᠲᠤ ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠪᠤᠭᠤᠲᠤ ᠢᠷᠭᠠᠢ᠎ᠶ᠋ᠢᠨ ᠬᠣᠭᠣᠷᠣᠨᠳᠣ ᠨᠡᠪᠲᠡᠷᠡᠬᠦ᠌ ᠴᠠᠭ᠎ᠢ 3 ᠴᠠᠭ᠎ᠤᠨ ᠳᠣᠲᠣᠷ᠎ᠠ ᠪᠤᠭᠤᠨᠢᠰᠬᠠᠬᠰᠡᠨ ᠪᠦᠭᠡᠳ ᠬᠥᠬᠡᠬᠣᠲᠠ᠂ ᠢᠷᠭᠠᠢ᠂ ᠰᠢ ᠠᠨ᠂ ᠲᠠᠢᠶᠤᠸᠠᠨ ᠵᠡᠷᠭᠡ 4 ᠮᠤᠵᠢ᠎ᠶ᠋ᠢᠨ ᠲᠥᠪ ᠬᠤᠳᠠ᠎ᠶ᠋ᠢ ᠥᠨᠳᠥᠷ ᠪᠦᠲᠦᠮᠵᠢᠲᠡᠢ ᠲᠦᠷᠭᠡᠨ᠎ᠦ ᠲᠡᠮᠦᠷ ᠵᠠᠮ᠎ᠤᠨ ᠴᠠᠭᠠᠷᠢᠭ ᠱᠤᠭᠤᠮ ᠪᠣᠯᠭᠠᠨ ᠪᠦᠷᠢᠯᠳᠦᠭᠦᠯᠵᠦ᠍᠂ ᠤᠮᠠᠷᠠᠲᠤ ᠣᠷᠣᠨ ᠪᠣᠯᠤᠨ ᠪᠠᠷᠠᠭᠤᠨ ᠬᠣᠢᠲᠤ ᠣᠷᠣᠨ᠎ᠤ ᠬᠤᠳᠠ᠎ᠶ᠋ᠢᠨ ᠬᠣᠭᠣᠷᠣᠨᠳᠣᠬᠢ ᠶᠠᠪᠤᠯᠴᠠᠭ᠎ᠠ᠎ᠳᠤ ᠲᠤᠢᠯ᠎ᠤᠨ ᠶᠡᠬᠡ ᠳᠦᠬᠦᠮ ᠦᠵᠡᠭᠦᠯᠦᠭᠰᠡᠨ ᠨᠢ ᠨᠡᠩ ᠴᠤ᠌ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠶᠤᠮ᠃
ᠲᠡᠮᠦᠷ ᠵᠠᠮ᠎ᠤᠨ ᠦᠷ᠎ᠡ ᠠᠱᠢᠭ ᠨᠢ ᠠᠷᠠᠳ ᠣᠯᠠᠨ᠎ᠤ ᠠᠮᠢᠳᠤᠷᠠᠯ ᠪᠣᠯᠤᠨ ᠭᠠᠵᠠᠷ ᠣᠷᠣᠨ᠎ᠤ ᠠᠮᠢᠵᠢᠷᠠᠯ᠎ᠤᠨ ᠬᠦᠴᠦᠨ᠎ᠳᠦ ᠱᠢᠭᠤᠳ ᠠᠱᠢᠭ ᠬᠦᠷᠲᠡᠭᠡᠪᠡ᠃ 2025 ᠣᠨ᠎ᠤ 《ᠬᠤᠤᠰ 11》 ᠤ᠋ ᠬᠤᠭᠤᠴᠠᠭᠠᠨ᠎ᠳᠤ᠂ ᠴᠢᠨᠠᠬᠰᠡᠨ ᠬᠤᠨᠢᠨ ᠮᠢᠬ᠎ᠠ᠂ ᠬᠣᠨᠢᠨ ᠮᠢᠬᠠᠨ᠎ᠤ ᠱᠣᠣᠮᠠᠢ᠂ ᠬᠣᠨᠢᠨ᠎ᠤ ᠭᠡᠳᠡᠰᠦ ᠳᠣᠲᠣᠷ ᠵᠡᠷᠭᠡ ᠲᠠᠯ᠎ᠠ ᠨᠤᠲᠤᠭ᠎ᠤᠨ ᠠᠮᠲᠠᠲᠤ ᠢᠳᠡᠭᠡᠨ᠎ᠨᠢ ᠲᠦᠷᠭᠡᠨ᠎ᠦ ᠲᠡᠮᠦᠷ ᠵᠠᠮ᠎ᠤᠨ ᠲᠦᠷᠭᠡᠨ ᠲᠡᠭᠡᠭᠡᠪᠤᠷᠢ ᠵᠢᠨ ᠲᠤᠤᠷ ᠵᠢᠡᠷ ᠲᠠᠮᠵᠢᠨ ᠪᠥᠬᠥ᠌ ᠤᠯᠤᠰ ᠲᠦ᠍ ᠬᠦᠷᠴᠤ᠂ 《ᠥᠷᠯᠥᠭᠡ ᠮᠤᠷᠳᠠᠭᠠᠳ ᠦᠳᠠ ᠳ᠋ᠤ ᠬᠦᠷᠬᠦ》 ᠬᠤᠷᠳᠤᠴᠠ᠎ᠪᠠᠷ ᠬᠡᠷᠡᠭ᠌ᠯᠡᠭ᠌ᠴᠢᠳ᠎ᠦᠨ ᠬᠣᠭᠣᠯᠠᠨ ᠱᠢᠷᠡᠭᠡᠨ᠎ᠳᠦ ᠬᠥᠷᠪᠡ᠃ ᠲᠦᠷᠭᠡᠨ᠎ᠦ ᠲᠡᠮᠦᠷ ᠵᠠᠮ᠎ᠤᠨ ᠬᠦᠶ᠋ᠲᠡᠨ ᠬᠡᠯᠬᠢᠶᠡᠲᠦ ᠲᠡᠭᠡᠭᠡᠪᠤᠷᠢ ᠵᠢᠨ ᠬᠤᠷᠳᠤᠴᠠ ᠨᠢ ᠪᠥᠬᠥ᠌ ᠤᠯᠤᠰ᠎ᠤᠨ ᠠᠷᠠᠳ ᠲᠦᠮᠡᠨ᠎ᠳᠦ ᠥᠪᠥᠷ ᠮᠣᠩᠭᠣᠯ᠎ᠤᠨ ᠣᠨᠴᠠ ᠭᠠᠷᠤᠯᠲᠠ᠎ᠶ᠋ᠢᠨ ᠱᠢᠨ᠎ᠡ ᠰᠣᠷᠭᠣᠭ ᠦᠨᠦᠷ ᠠᠮᠲᠠ᠎ᠶ᠋ᠢ ᠠᠮᠲᠠᠯᠠᠭᠤᠯᠵᠤ᠂ ᠲᠤᠬᠠᠶ᠎ᠶ᠋ᠢᠨ ᠭᠠᠵᠠᠷ᠎ᠤᠨ ᠣᠨᠴᠠ ᠭᠠᠷᠤᠯᠲᠠ᠎ᠳᠤ ᠨᠠᠩ ᠥᠷᠭᠡᠨ ᠠᠭᠤᠳᠠᠮ ᠵᠠᠬ᠎ᠠ ᠳᠡᠯᠭᠡᠭᠦᠷ᠎ᠢ ᠨᠡᠭᠡᠭᠡᠵᠦ᠍ ᠥᠭ᠌ᠴᠡᠶ᠃ ᠡᠭᠦᠨ᠎ᠦ ᠵᠡᠷᠭᠡ ᠪᠡᠷ᠂ ᠣᠨᠴᠠᠯᠢᠭ᠍ᠲᠤ ᠵᠢᠭᠤᠯᠴᠢᠯᠠᠯ᠎ᠤᠨ ᠲᠤᠰᠭᠠᠶ ᠭᠠᠯᠲᠤ ᠲᠡᠷᠭᠡ ᠭᠠᠯᠲᠤ ᠠᠭᠤᠯᠠ᠂ ᠲᠤᠤᠷᠠᠶ ᠵᠡᠷᠭᠡ ᠦᠵᠡᠮᠵᠢ᠎ᠶ᠋ᠢᠨ ᠵᠢᠭᠤᠯᠴᠢᠯᠠᠯ᠎ᠤᠨ ᠬᠠᠯᠠᠮᠰᠢᠯ᠎ᠢ ᠪᠤᠢ ᠪᠤᠯᠭᠠᠵᠦ᠂ ᠲᠡᠮᠦᠷ ᠵᠠᠮ᠎ᠨᠢ ᠵᠢᠭᠤᠯᠴᠢᠯᠠᠯ᠎ᠢ ᠬᠥᠭ᠌ᠵᠢᠭᠡᠬᠦ᠌ ᠂ ᠨᠡᠭᠡᠭᠡᠯᠲᠡ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠣᠯᠪᠣᠭᠠᠰᠤ ᠪᠣᠯᠵᠠᠶ᠃
ᠪᠠᠷᠠᠭ᠎ᠠ ᠲᠡᠭᠡᠭᠡᠪᠦᠷᠢ᠎ᠶ᠋ᠢᠨ ᠴᠢᠳᠠᠪᠤᠷᠢ ᠨᠡᠮᠡᠭᠳᠡᠵᠦ ᠠᠵᠤ ᠠᠬᠤᠢ᠎ᠶ᠋ᠢᠨ ᠭᠦᠢᠯᠭᠡᠭᠡᠨ᠎ᠳᠦ ᠬᠥᠳᠡᠯᠭᠡᠭᠦ ᠬᠦᠴᠦᠨ ᠤᠯᠭᠤᠪᠠ
ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠨᠢ ᠠᠶᠠᠨᠴᠢᠳ᠎ᠤᠨ ᠵᠦᠭᠡᠭᠡᠪᠦᠷᠢ᠎ᠳᠦ ᠲᠥᠬᠥᠮ ᠦᠵᠡᠭᠦᠯᠬᠦ᠌᠎ᠶ᠋ᠢᠨ ᠬᠠᠮᠲᠤ᠂ ᠪᠠᠷᠠᠭ᠎ᠠ ᠲᠡᠭᠡᠭᠡᠪᠦᠷᠢᠯᠡᠬᠦ᠌ ᠪᠠᠢᠷᠢᠱᠢᠯ᠎ᠢ ᠤᠷᠢᠳ ᠡᠮᠦᠨ᠎ᠡ ᠪᠠᠢᠭ᠎ᠠ ᠥᠬᠡᠶ ᠡᠷᠴᠢᠮ᠎ᠢᠶᠡᠷ ᠳᠠᠬᠢᠨ ᠴᠣᠭ᠍ᠴᠠᠯᠠᠵᠤ᠂ 《ᠨᠡᠭᠦᠳᠡᠯ ᠳᠤᠮᠳᠠᠳᠤ ᠤᠯᠤᠰ》 ᠲᠤ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃
2020 ᠣᠨ᠎ᠤ 4 ᠰᠠᠷ᠎ᠠ᠎ᠳᠤ ᠡᠬᠢᠯᠡᠭᠦᠯᠦᠭ᠌ᠰᠡᠨ ᠵᠢᠨᠢᠩ ᠡᠴᠡ ᠲᠦᠩᠯᠢᠶᠣᠤ ᠬᠦᠷᠬᠦ ᠲᠡᠮᠦᠷ ᠵᠠᠮ᠎ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠪᠣᠯ ᠭᠣᠣᠯ ᠰᠤᠳᠠᠰᠤ ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠨᠡᠢᠲᠡᠯᠢᠭ ᠢᠨᠵᠧᠨᠧᠷᠢᠩ ᠪᠣᠯᠤᠨ᠎ᠠ᠃
ᠬᠡᠱᠢᠭ᠌ᠲᠡᠨᠦ ᠨᠦᠬᠡᠨ ᠵᠠᠮ ᠵᠡᠷᠭᠡ 7 ᠨᠦᠬᠡᠨ ᠵᠠᠮ᠂ ᠲᠤᠯᠤᠨ ᠨᠤᠤᠷ ᠭᠤᠤᠯ᠎ᠤᠨ ᠣᠨᠴᠠ ᠶᠡᠬᠡ ᠬᠥᠭᠥᠷᠭᠡ ᠵᠡᠷᠭᠡ 29 ᠬᠥᠭᠥᠷᠭᠡ᠎ᠶ᠋ᠢᠨ ᠪᠦᠲᠦᠭᠡᠨ ᠪᠠᠢᠭᠤᠯᠤᠯᠲᠠ᠎ᠪᠠᠷ ᠳᠠᠮᠵᠢᠨ᠂ ᠤᠤᠯ᠎ᠤᠨ ᠶᠡᠬᠡ ᠮᠤᠷᠤᠶ ᠱᠤᠭᠤᠮ᠎ᠤᠨ ᠵᠠᠮ᠎ᠤᠨ ᠬᠡᠰᠡᠭ᠎ᠢ 《ᠮᠤᠷᠤᠶ ᠵᠠᠮ᠎ᠢ ᠠᠰᠭᠠᠨ ᠪᠣᠯᠭᠠᠵᠤ》᠂ ᠵᠠᠮ ᠱᠤᠭᠤᠮ᠎ᠤᠨ ᠬᠠᠮᠤᠭ᠎ᠤᠨ ᠶᠡᠬᠡ ᠠᠶᠠᠨ᠎ᠳᠠᠭᠠᠨ ᠭᠤᠯᠳᠤ ᠨᠠᠯᠠᠤ᠎ᠶ᠋ᠢ 20 ᠪᠠᠢᠭ᠍ᠰᠠᠨ᠎ᠡᠴᠡ 13 ᠡᠴᠡ ᠳᠣᠷᠣᠭ᠍ᠰᠢ ᠪᠣᠯᠭᠠᠨ ᠪᠠᠭᠤᠷᠠᠭᠤᠯᠵᠤ᠂ ᠭᠠᠯᠲᠤ ᠲᠡᠷᠭᠡ ᠳᠠᠬᠢᠨ ᠮᠤᠷᠤᠢᠨ ᠳᠠᠪᠠᠭ᠎ᠠ ᠳᠠᠪᠠᠬᠤ ᠴᠢᠬᠤᠯᠠ ᠦᠭᠡᠢ ᠪᠣᠯᠵᠤ᠂ ᠭᠠᠯᠲᠤ ᠲᠡᠷᠭᠡᠨ᠎ᠦ ᠠᠶᠠᠯᠠᠬᠤ ᠬᠤᠷᠳᠤᠴᠠ᠎ᠶ᠋ᠢ ᠲᠥᠷᠭᠡᠳᠭᠡᠪᠡ᠃ 2024 ᠣᠨ᠎ᠤ 11 ᠰᠠᠷ᠎ᠠ᠎ᠳᠤ᠂ ᠡᠨᠡ ᠬᠦ᠌ ᠶᠡᠷᠦᠩᠬᠡᠶ ᠪᠠᠯᠠ ᠣᠷᠣᠭᠤᠯᠤᠯᠲᠠ᠎ᠨᠢ ᠯᠤᠲᠤ ᠶᠡᠬᠡ ᠥᠭᠡᠷᠡᠴᠢᠯᠡᠯᠲᠡ᠎ᠶ᠋ᠢᠨ ᠢᠨᠵᠧᠨᠧᠷᠢᠩ᠎ᠦᠨ ᠠᠵᠢᠯ ᠳᠠᠭᠤᠰᠴᠤ᠌᠂ ᠬᠥᠬᠡᠬᠣᠲᠠ᠎ᠡᠴᠡ ᠲᠦᠩᠯᠢᠶᠣᠤ ᠬᠥᠷᠬᠥ᠌ ᠠᠶᠠᠨᠴᠢᠳ᠎ᠤᠨ ᠭᠠᠯᠲᠤ ᠲᠡᠷᠭᠡᠨ᠎ᠦ ᠠᠶᠠᠯᠠᠬᠤ ᠴᠠᠭ᠎ᠢ ᠢᠯᠡᠳᠲᠡ ᠪᠣᠭᠣᠨᠢᠰᠭᠠᠭ᠍ᠰᠠᠨᠢᠶᠠᠷ ᠪᠠᠷᠠᠬᠤ ᠥᠬᠡᠶ᠂ ᠨᠠᠩ ᠴᠤ᠌ ᠡᠨᠡ ᠬᠦ᠌ ᠵᠡᠭᠦᠨ ᠪᠠᠷᠠᠭᠤᠨ ᠶᠡᠬᠡ ᠵᠠᠮ᠎ᠤᠨ ᠵᠢᠯ᠎ᠦᠨ ᠪᠠᠷᠠᠭ᠎ᠠ ᠲᠡᠭᠡᠭᠡᠪᠦᠷᠢᠯᠡᠬᠦ᠌ ᠴᠢᠳᠠᠪᠤᠷᠢ᠎ᠶ᠋ᠢ 3600 ᠲᠦᠮᠡᠨ ᠲᠣᠨ᠎ᠡᠴᠡ 8000 ᠲᠦᠮᠡᠨ ᠲᠣᠨ ᠪᠣᠯᠭᠠᠨ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠡᠨᠧᠷᠭᠢ᠂ ᠡᠬᠢ ᠪᠠᠶᠠᠯᠢᠭ ᠵᠢᠴᠢ ᠡᠳ᠋ ᠪᠣᠳᠠᠰ᠎ᠤᠨ ᠭᠦᠶ᠋ᠯᠭᠡᠭᠡ᠎ᠳᠦ ᠪᠠᠲᠤ ᠪᠠᠬᠢ ᠪᠠᠲᠤᠯᠠᠭ᠎ᠠ ᠬᠠᠩᠭᠠᠪᠠ᠃
ᠨᠥᠭᠥᠭᠡ ᠨᠢᠭᠡ ᠡᠨᠧᠷᠭᠢ᠎ᠶ᠋ᠢᠨ ᠲᠡᠭᠡᠭᠡᠪᠦᠷᠢ᠎ᠶ᠋ᠢᠨ ᠶᠡᠬᠡ ᠰᠤᠳᠠᠰᠤ ᠪᠤᠯᠬᠤ ᠲᠠᠩᠱᠠᠨ᠎ᠡᠴᠡ ᠪᠤᠭᠤᠲᠦ ᠬᠦᠷᠬᠦ ᠲᠡᠮᠦᠷ ᠵᠠᠮ᠎ᠨᠢ ᠴᠦ᠍ ᠦᠷᠭᠦᠯᠵᠢᠯᠡᠨ ᠦᠢᠯᠡᠳᠦᠯ ᠴᠢᠳᠠᠪᠤᠷᠢ᠎ᠪᠠᠨ ᠪᠠᠳᠠᠷᠠᠭᠤᠯᠵᠤ ᠪᠠᠢᠨ᠎ᠠ᠃ 2025 ᠣᠨ᠎ᠤ 11 ᠰᠠᠷ᠎ᠠ᠎ᠶ᠋ᠢᠨ 14 ᠤ᠋ ᠡᠳᠦᠷ᠂ ᠫᠢᠩ ᠳ᠋ᠢ ᠴᠢᠤᠸᠠᠨ ᠥᠷᠲᠡᠭᠡ᠎ᠶ᠋ᠢᠨ ᠱᠢᠨ᠎ᠡ᠎ᠪᠡᠷ ᠪᠠᠢᠭᠤᠯᠤᠭ᠍ᠰᠠᠨ ᠲᠦᠷ ᠵᠠᠰᠠᠬᠤ ᠬᠥᠮᠥᠷᠭᠡ᠎ᠶ᠋ᠢ ᠠᠱᠢᠭ᠍ᠯᠠᠯᠲᠠ᠎ᠳᠤ ᠣᠷᠣᠭᠤᠯᠬᠤ᠎ᠶ᠋ᠢ ᠳᠠᠭᠠᠯᠳᠤᠨ᠂ ᠲᠠᠩᠱᠠᠨ᠎ᠡᠴᠡ ᠪᠤᠭᠤᠲᠦ ᠬᠦᠷᠬᠦ ᠲᠡᠮᠦᠷ ᠵᠠᠮ᠎ᠤᠨ ᠱᠢᠩ ᠾᠧ ᠪᠠᠷᠠᠭᠤᠨ ᠥᠷᠲᠡᠭᠡ᠎ᠡᠴᠡ ᠱᠢ ᠪᠠ ᠲᠠᠢ ᠥᠷᠲᠡᠭᠡ ᠬᠥᠷᠬᠥ᠌ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠎ᠦᠨ ᠠᠵᠢᠯ ᠤᠷᠤᠭ᠍ᠰᠢᠲᠠᠶ ᠳᠠᠭᠤᠰᠴᠤ᠌᠂ 《ᠪᠠᠷᠠᠭᠤᠨ ᠣᠷᠣᠨ᠎ᠤ ᠨᠡᠭᠦᠷᠡᠰᠦ᠎ᠶ᠋ᠢ ᠵᠡᠭᠦᠨᠰᠢ ᠲᠡᠭᠡᠭᠡᠪᠦᠷᠢᠯᠡᠬᠦ᠌》 ᠭᠤᠤᠯ ᠵᠠᠮ᠎ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠪᠡ᠃ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠦᠨ ᠨᠡᠭᠦᠷᠡᠰᠦ᠎ᠶ᠋ᠢ ᠭᠠᠳᠠᠭ᠍ᠰᠢ ᠲᠡᠭᠡᠭᠡᠪᠦᠷᠢᠯᠡᠬᠦ᠌ ᠠᠮᠢᠨ ᠰᠤᠳᠠᠰᠤ ᠪᠣᠯᠤᠭ᠍ᠰᠠᠨ᠎ᠤ ᠬᠤᠪᠢ᠎ᠳᠤ᠂ ᠲᠠᠩᠱᠠᠨ᠎ᠡᠴᠡ ᠪᠤᠭᠤᠲᠦ ᠬᠦᠷᠬᠦ ᠲᠡᠮᠦᠷ ᠵᠠᠮ᠎ᠤᠨ ᠵᠢᠯ᠎ᠦᠨ ᠪᠠᠷᠠᠭ᠎ᠠ ᠲᠡᠭᠡᠭᠡᠪᠦᠷᠢᠯᠡᠬᠦ᠌ ᠴᠢᠳᠠᠪᠤᠷᠢ ᠨᠢᠭᠡᠨᠲᠡ 2 ᠳ᠋ᠦᠩᠱᠢᠭᠤᠷ ᠲᠣᠨ᠎ᠢ ᠳᠠᠪᠠᠪᠠ᠃
ᠥᠨᠳᠥᠷ ᠪᠦᠲᠦᠮᠵᠢᠲᠡᠶ ᠲᠡᠮᠦᠷ ᠵᠠᠮ᠎ᠤᠨ ᠪᠠᠷᠠᠭᠠᠨ᠎ᠤ ᠭᠦᠶ᠋ᠯᠭᠡᠭᠡ ᠴᠦ᠍ ᠲᠡᠭᠡᠭᠡᠪᠦᠷᠢ᠎ᠶ᠋ᠢᠨ ᠱᠢᠨ᠎ᠡ ᠵᠠᠭ᠍ᠪᠤᠷ᠎ᠢ ᠪᠣᠶ ᠪᠣᠯᠭᠠᠪᠠ᠃ ᠵᠢᠱ᠌ᠢᠶᠡᠯᠡᠪᠡᠯ᠂ ᠪᠠᠶᠠᠨᠨᠠᠭᠤᠷ ᠬᠣᠲᠠ᠎ᠶ᠋ᠢᠨ ᠴᠢᠩᠱᠠᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠣᠯᠤᠨ ᠲᠢᠶᠠᠨᠵᠢᠨ ᠭᠠᠷᠠᠮ᠎ᠤᠨ ᠬᠣᠭᠣᠷᠣᠨᠳᠣᠬᠢ ᠴᠠᠢᠷ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ 《ᠡᠷᠭᠢᠯᠲᠡᠲᠦ ᠲᠤᠰᠭᠠᠶ ᠭᠠᠯᠲᠤ ᠲᠡᠷᠭᠡ》 ᠨᠢ ᠴᠠᠢᠷ᠎ᠤᠨ ᠨᠠᠷᠢᠯᠢᠭ ᠠᠭᠤᠷᠬᠠᠶ᠎ᠶ᠋ᠢᠨ ᠲᠦᠭᠦᠬᠡᠶ ᠮᠠᠲ᠋ᠧᠷᠢᠶᠠᠯ ᠪᠣᠯᠤᠨ ᠴᠠᠢᠷ᠎ᠤᠨ ᠡᠭᠡᠷᠡᠬᠥᠯ ᠦᠶ᠋ᠯᠡᠳᠬᠦᠨ᠎ᠦ 《ᠳᠠᠬᠢᠨ ᠪᠤᠴᠠᠵᠤ ᠢᠷᠡᠬᠦ》᠂ 《ᠳᠡᠭᠦᠵᠢᠩ ᠮᠠᠶᠢᠭ》 ᠤ᠋ᠨ ᠲᠡᠭᠡᠭᠡᠪᠦᠷᠢ᠎ᠶ᠋ᠢ ᠪᠡᠶᠡᠯᠡᠭᠦᠯᠵᠦ᠍᠂ ᠲᠦᠭᠦᠬᠡᠶ ᠮᠠᠲ᠋ᠧᠷᠢᠶᠠᠯ᠎ᠢ ᠣᠷᠣᠭᠤᠯᠬᠤ᠂ ᠦᠶ᠋ᠯᠡᠳᠬᠦᠨ᠎ᠢ ᠭᠠᠷᠭᠠᠬᠤ ᠪᠦᠷᠢᠨ ᠪᠦᠲᠦᠨ ᠪᠢᠲᠡᠭᠦᠦ ᠴᠠᠭᠠᠷᠢᠭ᠎ᠢ ᠪᠦᠷᠢᠯᠳᠦᠭᠦᠯᠵᠦ᠍᠂ ᠲᠡᠮᠦᠷ ᠵᠠᠮ᠎ᠤᠨ ᠲᠡᠷᠭᠡ ᠬᠥᠰᠭᠡ᠎ᠶ᠋ᠢᠨ ᠠᠱᠢᠭ᠍ᠯᠠᠯᠲᠠ᠎ᠶ᠋ᠢᠨ ᠨᠣᠷᠮ᠎ᠠ ᠪᠣᠯᠤᠨ ᠲᠡᠭᠡᠭᠡᠪᠦᠷᠢ᠎ᠶ᠋ᠢᠨ ᠦᠷ᠎ᠡ ᠪᠦᠲᠦᠮᠵᠢ᠎ᠶ᠋ᠢ ᠲᠤᠢᠯ᠎ᠤᠨ ᠶᠡᠬᠡᠪᠡᠷ ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠠᠵᠤ ᠦᠶ᠋ᠯᠡᠰ᠎ᠦᠨ ᠬᠡᠯᠬᠢᠶ᠎ᠡ ᠪᠣᠯᠤᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠤᠨ ᠠᠮᠢᠳᠤᠯᠢᠭ ᠵᠢᠱ᠌ᠢᠶ᠎ᠡ ᠪᠣᠯᠵᠠᠶ᠃
ᠥᠪᠥᠷ ᠮᠣᠩᠭᠣᠯ᠎ᠤᠨ ᠶᠡᠷᠦᠩᠬᠡᠢᠯᠡᠭ᠌ᠰᠡᠨ ᠲᠡᠭᠡᠭᠡᠪᠦᠷᠢ᠎ᠶ᠋ᠢᠨ ᠱᠢᠰᠲ᠋ᠧᠮ᠎ᠳᠡᠬᠢ ᠲᠡᠮᠦᠷ ᠵᠠᠮ᠎ᠤᠨ ᠭᠤᠤᠯᠯᠠᠭᠴᠢ ᠪᠠᠢᠷᠢ ᠰᠠᠭᠤᠷᠢ᠎ᠶ᠋ᠢ ᠠᠯᠢ ᠣᠯᠠᠨ ᠲᠣᠭ᠎ᠠ ᠪᠠᠷᠢᠮᠲᠠ ᠲᠣᠳᠣᠷᠬᠠᠶ ᠭᠡᠷᠡᠴᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2024 ᠣᠨ᠎ᠳᠤ᠂ ᠪᠥᠬᠥ᠌ ᠣᠷᠣᠨ᠎ᠤ ᠲᠡᠮᠦᠷ ᠵᠠᠮ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 9.4 ᠳ᠋ᠦᠩᠱᠢᠭᠤᠷ ᠲᠣᠨ᠎ᠳᠤ ᠬᠦᠷᠴᠦ᠍᠂ ᠪᠠᠷᠠᠭᠠᠨ᠎ᠤ ᠡᠷᠭᠢᠯᠲᠡ᠎ᠶ᠋ᠢᠨ ᠬᠡᠮᠵᠢᠶ᠎ᠡ 3147.8 ᠳ᠋ᠦᠩᠱᠢᠭᠤᠷ ᠲᠣᠨ ᠺᠢᠯᠣᠮᠧᠲ᠋ᠷ ᠲᠦ᠍ ᠬᠦᠷᠴᠦ᠍᠂ ᠲᠣᠰ ᠲᠣᠰ ᠪᠥᠬᠥ᠌ ᠤᠯᠤᠰ᠎ᠤᠨ 18.2% ᠪᠠ 8.8% ᠶ᠋ᠢ ᠡᠵᠡᠯᠡᠵᠦ᠍᠂ ᠨᠡᠷᠡᠰ᠎ᠦᠨ ᠵᠢᠭ᠍ᠰᠠᠭᠠᠯᠲᠠ᠎ᠳᠤ ᠪᠥᠬᠥ᠌ ᠤᠯᠤᠰ᠎ᠤᠨ 2 ᠪᠠ 3 ᠳ᠋ᠤᠭᠠᠷ᠎ᠲᠤ ᠵᠢᠭ᠍ᠰᠠᠭᠠᠭ᠍ᠳᠠᠵᠤ᠂ ᠪᠥᠬᠥ᠌ ᠣᠷᠣᠨ᠎ᠤ ᠶᠡᠷᠦᠩᠬᠡᠢᠯᠡᠭ᠌ᠰᠡᠨ ᠲᠡᠭᠡᠭᠡᠪᠦᠷᠢ᠎ᠳᠡᠬᠢ ᠡᠵᠡᠯᠡᠬᠦ᠌ ᠬᠠᠷᠢᠴᠠᠯ᠎ᠨᠢ ᠲᠣᠰ ᠲᠣᠰ 37.5% ᠪᠠ 55.3% ᠪᠠᠢᠵᠤ᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠲᠣᠰ ᠲᠣᠰ ᠵᠠᠭᠤᠨ᠎ᠤ ᠬᠠᠷᠢᠴᠠᠯ ᠵᠢᠡᠷ 26.4 ᠪᠠ 23.5 ᠬᠤᠪᠢ ᠥᠨᠳᠥᠷ ᠪᠣᠯᠵᠠᠶ᠃ ᠨᠢᠭᠡᠴᠢ GDP᠎ᠲᠠᠢ ᠵᠣᠬᠢᠴᠠᠯᠳᠤᠭ᠍ᠰᠠᠨ ᠲᠡᠮᠦᠷ ᠵᠠᠮ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠡᠷᠴᠢᠮ ᠂ ᠪᠠᠷᠠᠭᠠᠨ᠎ᠤ ᠡᠷᠭᠢᠯᠲᠡ᠎ᠶ᠋ᠢᠨ ᠬᠡᠮᠵᠢᠶ᠎ᠡ᠎ᠶ᠋ᠢᠨ ᠡᠷᠴᠢᠮ᠎ᠨᠢ ᠨᠠᠩ ᠴᠤ᠌ ᠪᠥᠬᠥ᠌ ᠤᠯᠤᠰ᠎ᠤᠨ ᠳᠤᠮᠳᠠᠴᠢ ᠲᠦᠪᠱᠢᠨ᠎ᠦ 9.3 ᠳᠠᠬᠢᠨ ᠪᠠ 4.5 ᠳᠠᠬᠢᠨᠳᠤ ᠬᠦᠷᠴᠦ᠍᠂ ᠲᠡᠭᠦᠨ᠎ᠦ ᠣᠷᠣᠯᠠᠭᠤᠯᠵᠤ ᠪᠣᠯᠤᠰᠢ ᠥᠬᠡᠶ ᠠᠵᠤ ᠠᠬᠤᠶ᠎ᠶ᠋ᠢᠨ ᠲᠤᠯᠭᠠᠭᠤᠷᠢᠯᠠᠬᠤ ᠦᠶ᠋ᠯᠡᠳᠦᠯ᠎ᠢ ᠳᠣᠪᠣᠢᠯᠭᠠᠭ᠍ᠰᠠᠨ ᠪᠠᠢᠨ᠎ᠠ᠃
ᠠᠶᠠᠨᠴᠢᠳ᠎ᠤᠨ ᠵᠦᠭᠡᠭᠡᠪᠦᠷᠢ᠎ᠶ᠋ᠢᠨ ᠲᠠᠯ᠎ᠠ᠎ᠪᠠᠷ᠂ 2024 ᠣᠨ᠎ᠳᠤ ᠪᠥᠬᠥ᠌ ᠣᠷᠣᠨ᠎ᠤ ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠦᠷᠢ᠎ᠶ᠋ᠢᠨ ᠬᠡᠮᠵᠢᠶ᠎ᠡ 5681 ᠲᠦᠮᠡᠨ ᠬᠥᠮᠦᠨ ᠤᠳᠠᠭ᠎ᠠ᠎ᠳᠤ ᠬᠦᠷᠴᠦ᠍᠂ ᠠᠶᠠᠨᠴᠢᠳ᠎ᠤᠨ ᠡᠷᠭᠢᠯᠲᠡ᠎ᠶ᠋ᠢᠨ ᠬᠡᠮᠵᠢᠶ᠎ᠡ 193.6 ᠳ᠋ᠦᠩᠱᠢᠭᠤᠷ ᠬᠥᠮᠦᠨ ᠺᠢᠯᠣᠮᠧᠲ᠋ᠷ᠎ᠲᠦ ᠬᠦᠷᠴᠦ᠍᠂ ᠲᠣᠰ ᠲᠣᠰ ᠪᠥᠬᠥ᠌ ᠤᠯᠤᠰ᠎ᠤᠨ 25᠂ 24 ᠳ᠋ᠤᠭᠡᠷ᠎ᠲᠦ ᠵᠢᠭ᠍ᠰᠠᠵᠤ᠂ ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠦᠷᠢ᠎ᠶ᠋ᠢᠨ ᠬᠡᠮᠵᠢᠶ᠎ᠡ᠂ ᠠᠶᠠᠨᠴᠢᠳ᠎ᠤᠨ ᠵᠦᠭᠡᠭᠡᠪᠦᠷᠢ᠎ᠶ᠋ᠢᠨ ᠡᠷᠭᠢᠯᠲᠡ᠎ᠶ᠋ᠢᠨ ᠬᠡᠮᠵᠢᠶ᠎ᠡ᠎ᠶ᠋ᠢᠨ ᠶᠡᠷᠦᠩᠬᠡᠢᠯᠡᠭ᠌ᠰᠡᠨ ᠵᠦᠭᠡᠭᠡᠪᠦᠷᠢ᠎ᠳᠡᠬᠢ ᠡᠵᠡᠯᠡᠬᠦ᠌ ᠬᠠᠷᠢᠴᠠᠯ᠎ᠨᠢ ᠲᠣᠰ ᠲᠣᠰ 55.9% ᠪᠠ 83.8% ᠪᠠᠢᠵᠤ᠂ ᠪᠥᠬᠥ᠌ ᠤᠯᠤᠰ᠎ᠤᠨ ᠬᠢ ᠡᠴᠡ ᠵᠠᠭᠤᠨ᠎ᠤ ᠬᠠᠷᠢᠴᠠᠯ ᠵᠢᠡᠷ 29.1᠂ 8.3 ᠬᠤᠪᠢ ᠥᠨᠳᠥᠷ ᠪᠠᠢᠵᠤ᠂ ᠲᠡᠮᠦᠷ ᠵᠠᠮ ᠥᠪᠥᠷ ᠮᠣᠩᠭᠣᠯ᠎ᠤᠨ ᠠᠷᠠᠳ ᠣᠯᠠᠨ᠎ᠤ ᠣᠷᠣᠨ ᠪᠦᠰᠡ ᠠᠯᠤᠰᠯᠠᠨ ᠭᠠᠳᠠᠭ᠍ᠰᠢ ᠭᠠᠷᠬᠤ᠎ᠶ᠋ᠢᠨ ᠬᠠᠷᠢᠴᠠᠯᠠᠰᠢᠬᠥᠢ ᠭᠤᠤᠯ ᠬᠦᠴᠦᠨ ᠪᠣᠯᠤᠭᠰᠠᠨ᠎ᠢ ᠬᠠᠷᠠᠭᠤᠯᠵᠤ ᠪᠠᠢᠨ᠎ᠠ᠃ 2025 ᠣᠨ᠎ᠤ 1— 11 ᠳ᠋ᠤᠭᠡᠷ ᠰᠠᠷ᠎ᠠ᠎ᠳᠤ᠂ ᠪᠥᠬᠥ᠌ ᠣᠷᠣᠨ᠎ᠤ ᠲᠡᠮᠦᠷ ᠵᠠᠮ᠎ᠤᠨ ᠠᠶᠠᠨᠴᠢᠳ ᠪᠠ ᠪᠠᠷᠠᠭ᠎ᠠ᠎ᠶ᠋ᠢᠨ ᠡᠷᠭᠢᠯᠲᠡ᠎ᠶ᠋ᠢᠨ ᠬᠡᠮᠵᠢᠶ᠎ᠡ ᠨᠡᠢᠲᠡ 5.2% ᠵᠢᠡᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠳᠤᠤᠷ᠎ᠠ ᠬᠠᠭᠠᠰ ᠵᠢᠯ᠎ᠡᠴᠡ ᠡᠬᠢᠯᠡᠨ ᠲᠦᠷᠭᠡᠳᠴᠦ᠂ ᠡᠭᠦᠨ᠎ᠳᠦ ᠲᠡᠮᠦᠷ ᠵᠠᠮ᠎ᠤᠨ ᠠᠶᠠᠨᠴᠢᠳ᠎ᠤᠨ ᠡᠷᠭᠢᠯᠲᠡ᠎ᠶ᠋ᠢᠨ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 5.1% ᠪᠠᠷ ᠨᠡᠮᠡᠭ᠌ᠳᠡᠵᠦ᠍᠂ ᠪᠥᠬᠥ᠌ ᠤᠯᠤᠰ᠎ᠤᠨ ᠨᠡᠮᠡᠭ᠌ᠳᠡᠯ᠎ᠦᠨ ᠬᠤᠷᠳᠤᠴᠠ᠎ᠡᠴᠡ ᠵᠠᠭᠤᠨ᠎ᠤ ᠬᠠᠷᠢᠴᠠᠯ ᠵᠢᠡᠷ 1.5 ᠬᠤᠪᠢ ᠥᠨᠳᠥᠷ ᠪᠣᠯᠵᠣ᠂ ᠴᠢᠩᠭ᠎ᠠ ᠬᠦᠴᠦᠲᠡᠶ ᠰᠡᠷᠭᠦᠯᠲᠡ ᠪᠠ ᠬᠥᠭ᠌ᠵᠢᠯᠲᠡ᠎ᠶ᠋ᠢᠨ ᠬᠠᠨᠳᠤᠰᠢ᠎ᠶ᠋ᠢ ᠢᠯᠡᠷᠡᠭᠦᠯᠪᠡ᠃
ᠲᠦᠷᠭᠡᠨᠤ᠋ ᠲᠡᠮᠦᠷ ᠵᠠᠮ᠎ᠤᠨ ᠲᠤᠤᠷ ᠦᠭᠡᠶᠪᠠᠢᠭᠰᠠᠨ ᠡᠴᠡ ᠪᠠᠨ ᠪᠠᠢᠬᠤ ᠪᠣᠯᠵᠤ᠂ ᠱᠤᠭᠤᠮ᠎ᠡᠴᠡ ᠲᠤᠤᠷ ᠪᠣᠯᠤᠭᠰᠠᠨ ᠬᠦᠷᠳᠡᠯ᠎ᠡ᠂ ᠡᠩ᠎ᠦᠨ ᠬᠤᠷᠳᠤᠴᠠᠲᠤ ᠲᠡᠮᠦᠷ ᠵᠠᠮ᠎ᠤᠨ ᠶᠠᠰᠤ ᠴᠢᠨᠠᠷ ᠳᠡᠭᠡᠭ᠌ᠰᠢᠯᠡᠵᠦ ᠦᠷ᠎ᠡ ᠠᠱᠢᠭ ᠨᠡᠮᠡᠭ᠌ᠳᠡᠵᠦ᠂ ᠲᠡᠭᠡᠭᠡᠪᠦᠷᠢ᠎ᠶ᠋ᠢᠨ ᠬᠦᠴᠦᠨᠳᠠᠬᠢᠨᠢᠶᠠᠷ ᠨᠡᠮᠡᠭ᠌ᠳᠡᠭ᠌ᠰᠡᠨ ᠬᠦᠷᠳᠡᠯ᠎ᠡ;《ᠥᠪᠥᠷ ᠮᠣᠩᠭᠣᠯ᠎ᠤᠨ ᠨᠡᠭᠦᠷᠡᠰᠦ᠎ᠶ᠋ᠢ ᠭᠠᠳᠠᠭ᠍ᠰᠢ ᠲᠡᠭᠡᠭᠡᠪᠦᠷᠢᠯᠡᠬᠦ᠌》 ᠲᠣᠭ᠍ᠲᠠᠭᠤᠨ ᠪᠠᠲᠤᠯᠠᠭ᠎ᠠ᠎ᠡᠴᠡ ᠣᠨᠴᠠᠯᠢᠭ᠍ᠲᠤ ᠠᠵᠤ ᠦᠶ᠋ᠯᠡᠰ᠎ᠦᠨ ᠣᠯᠠᠨ ᠡᠱᠢᠲᠦ ᠬᠦᠴᠦᠨ ᠣᠯᠭᠣᠬᠤ ᠬᠦᠷᠲᠡᠯ᠎ᠡ; ᠣᠷᠣᠨ᠎ᠤ ᠳᠣᠲᠣᠷᠠᠬᠢ ᠬᠤᠳᠠ᠎ᠶ᠋ᠢᠨ ᠬᠣᠯᠪᠣᠯᠳᠤᠨ ᠨᠡᠪᠲᠡᠷᠡᠯᠴᠡᠬᠦ᠌᠎ᠡᠴᠡ ᠪᠦᠬᠦ᠌ ᠤᠯᠤᠰ᠎ᠤᠨ ᠬᠦᠢᠰᠦ ᠯᠤᠭᠡ ᠨᠢᠭᠲᠠ ᠵᠣᠯᠭᠠᠭᠤᠯᠬᠤ ᠬᠦᠷᠲᠡᠯ᠎ᠡ᠂ ᠥᠪᠥᠷ ᠮᠣᠩᠭᠣᠯ᠎ᠤᠨ 《ᠪᠤᠯᠤᠳ ᠰᠤᠳᠠᠰᠤ》 ᠨᠡᠩ ᠬᠦᠴᠦᠷᠬᠡᠭ ᠬᠥᠳᠡᠯᠭᠡᠬᠦ᠌ ᠬᠦᠴᠦᠨ᠂ ᠨᠡᠩ ᠥᠷᠭᠡᠨ ᠪᠦᠷᠬᠦᠴᠡ᠎ᠪᠡᠷ ᠳᠣᠲᠣᠭᠠᠳᠤ ᠭᠠᠳᠠᠭᠠᠳᠤ᠎ᠶ᠋ᠢ ᠬᠣᠯᠪᠣᠵᠤ᠂ ᠢᠷᠡᠭᠡᠳᠦᠢ᠎ᠳᠦ ᠬᠦᠴᠦᠨ ᠤᠯᠭᠤᠵᠤ ᠪᠤᠢ᠃