— ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠤᠨ ᠪᠠᠢᠭᠤᠯᠤᠯᠳᠠ ᠡᠴᠡ ᠥᠪᠥᠷ ᠮᠣᠩᠭᠣᠯ᠎ᠤᠨ ᠠᠵᠤ ᠠᠬᠤᠶ ᠵᠢᠨ ᠲᠣᠭ᠍ᠲᠠᠭᠤᠨ᠎ᠤ ᠳᠤᠮᠳᠠᠬᠢ ᠰᠠᠢᠵᠢᠷᠠᠯᠳᠠ ᠵᠢ ᠬᠠᠷᠠᠬᠤᠢ
ᠲᠡᠦᠬᠡ᠎ᠶ᠋ᠢᠨ ᠬᠦᠷᠳᠤ ᠵᠤᠭᠰᠤᠰᠢ ᠦᠭᠡᠢ ᠪᠦᠮᠪᠦᠷᠢᠵᠦ᠂ ᠴᠠᠭ ᠦᠶ᠎ᠡ᠎ᠶ᠋ᠢᠨ ᠤᠷᠤᠰᠭᠠᠯ ᠲᠠᠰᠤᠷᠡᠰᠢ ᠦᠭᠡᠢ ᠳᠠᠪᠠᠯᠭᠠᠯᠠᠨ᠎ᠠ᠃
ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠭᠠᠳᠠᠭᠠᠳᠤ ᠣᠷᠴᠢᠨ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ᠂ ᠳᠣᠲᠣᠭᠠᠳᠤ ᠳ᠋ᠡᠬᠢ ᠬᠡᠯᠪᠡᠷᠢ᠎ᠪᠡᠨ ᠬᠤᠪᠢᠷᠠᠭᠤᠯᠬᠤ ᠳᠠᠷᠤᠭᠠᠰᠤ ᠳᠠᠪᠬᠤᠴᠠᠭ᠍ᠰᠠᠨ ᠠᠬᠤᠶ ᠪᠠᠢᠳᠠᠯ ᠳᠤᠤᠷ᠎ᠠ᠂ ᠥᠪᠥᠷ ᠮᠣᠩᠭᠣᠯ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠲᠣᠨᠣᠭᠯᠠᠯ ᠦᠶ᠋ᠯᠡᠳᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠲᠣᠭᠠᠴᠢᠯᠠᠭ᠍ᠰᠠᠨ ᠠᠵᠤ ᠠᠬᠤᠶ ᠵᠡᠷᠭᠡ ᠲᠠᠪᠤᠨ ᠶᠡᠬᠡ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠠ ᠵᠢ ᠬᠦᠴᠦᠷᠬᠡᠭᠵᠢᠭᠦᠯᠵᠤ ᠬᠡᠯᠬᠢᠶ᠎ᠡ᠎ᠶ᠋ᠢ ᠨᠥᠬᠥᠪᠥᠷᠢᠯᠡᠵᠦ᠍ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠶ ᠨᠡᠮᠡᠭ᠌ᠳᠡᠯ᠎ᠦᠨ ᠬᠤᠷᠳᠤᠴᠠ ᠲᠣᠭ᠍ᠲᠠᠭᠤᠨ᠂ ᠬᠥᠳᠡᠯᠭᠡᠬᠦ᠌ ᠬᠦᠴᠦᠨ ᠱᠢᠨ᠎ᠡ᠂ ᠤᠶᠠᠨ ᠬᠠᠲᠠᠨ ᠴᠢᠨᠠᠷ᠎ᠢᠶᠠᠷ ᠴᠢᠩᠭ᠎ᠠ ᠪᠠᠢᠳᠠᠯ ᠢᠯᠡᠷᠡᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠬᠠᠷᠢᠭᠤᠴᠠᠯᠭ᠎ᠠ ᠡᠭᠦᠷᠭᠡᠯᠡᠯ᠎ᠢ ᠯᠠᠪᠳᠠᠭᠤᠨ ᠪᠠᠲᠤᠲᠠᠶ ᠡᠭᠦᠷᠭᠡᠯᠡᠪᠡ᠃ ᠬᠠᠮᠤᠭ᠎ᠤᠨ ᠱᠢᠨ᠎ᠡ ᠲᠤᠭ᠎ᠠ ᠪᠦᠷᠢᠳᠭᠡᠯ᠎ᠡᠴᠡ ᠦᠵᠡᠪᠡᠯ᠄ ᠡᠨᠡ ᠵᠢᠯ᠎ᠦᠨ 1 - 11 ᠰᠠᠷ᠎ᠠ᠎ᠳᠤ᠂ ᠥᠪᠥᠷ ᠮᠣᠩᠭᠣᠯ᠎ᠤᠨ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠂ ᠳᠠᠪᠠᠭᠤᠯᠢᠭ ᠠᠵᠤ ᠦᠶ᠋ᠯᠡᠰ᠎ᠦᠨ ᠨᠡᠮᠡᠭ᠌ᠳᠡᠯ᠎ᠦᠨ ᠬᠠᠨᠳᠤᠰᠢ ᠨᠡᠯᠢᠶᠡᠳ ᠰᠠᠢᠨ ᠪᠠᠢᠵᠤ᠂ ᠬᠡᠪᠴᠢᠶᠡᠵᠢᠯ᠎ᠡᠴᠡ ᠳᠡᠭᠡᠭ᠌ᠰᠢᠬᠢ ᠲᠣᠨᠣᠭ᠍ᠯᠠᠯ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 20.7% ᠪᠡᠷ ᠨᠡᠮᠡᠭ᠌ᠳᠡᠵᠦ᠍᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠂ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠂ ᠱᠢᠨ᠎ᠡ ᠡᠨᠧᠷᠭᠢ ᠵᠢᠴᠢ ᠬᠣᠯᠪᠣᠭ᠍ᠳᠠᠯ ᠪᠥᠬᠥᠶ ᠠᠵᠤ ᠦᠶ᠋ᠯᠡᠰ᠂ ᠬᠣᠪᠣᠷ ᠱᠢᠷᠣᠶ᠎ᠶ᠋ᠢᠨ ᠠᠵᠤ ᠦᠶ᠋ᠯᠡᠰ ᠲᠣᠰ ᠲᠣᠰ 10.2%᠂ 18.6%᠂ 16.8% ᠪᠠ 29.5% ᠪᠡᠷ ᠨᠡᠮᠡᠭ᠌ᠳᠡᠪᠡ᠃
《ᠵᠢᠯ᠎ᠤᠨ ᠡᠬᠢᠨ᠎ᠡᠴᠡ ᠨᠠᠭᠠᠰᠢ᠂ ᠥᠪᠥᠷ ᠮᠣᠩᠭᠣᠯ᠎ᠤᠨ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠢᠳᠡᠷᠡᠭᠦᠨ᠎ᠢᠶᠡᠷ ᠪᠣᠢᠵᠢᠵᠤ᠂ ᠲᠤᠭᠳᠠᠭᠤᠨ ᠵᠢᠡᠷ ᠨᠡᠮᠡᠭ᠌ᠳᠡᠬᠦ ᠳᠤᠮᠳᠠ ᠤᠶᠠᠨ ᠬᠠᠲᠠᠨ ᠴᠢᠨᠠᠷ᠎ᠢᠶᠠᠨ ᠢᠯᠡᠷᠡᠭᠦᠯᠵᠦ᠍᠂ ᠪᠦᠲᠦᠴᠡ᠎ᠶ᠋ᠢ ᠲᠣᠬᠢᠷᠠᠭᠤᠯᠬᠤ ᠳᠤᠮᠳᠠ ᠬᠥᠳᠡᠯᠭᠡᠬᠦ᠌ ᠬᠦᠴᠦᠨ ᠬᠤᠷᠠᠮᠳᠤᠭᠤᠯᠪᠠ᠂ ᠡᠨᠡ ᠪᠣᠯ ᠲᠥᠷᠥ᠎ᠶ᠋ᠢᠨ ᠪᠣᠳᠣᠯᠭ᠎ᠠ᠎ᠶ᠋ᠢᠨ ᠱᠢᠨ᠎ᠡ᠎ᠶ᠋ᠢ ᠡᠭᠦᠳᠦᠭᠰᠡᠨ ᠪᠠ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠠᠮᠲᠤᠳᠭᠠᠭ᠍ᠰᠠᠨᠤ ᠦᠷ᠎ᠡ ᠳ᠋ᠦᠩ ᠮᠥᠨ》 ᠭᠡᠵᠦ᠍ ᠥᠪᠥᠷ ᠮᠣᠩᠭᠣᠯ᠎ᠤᠨ ᠬᠣᠷᠸ᠎ᠠ ᠠᠵᠤ ᠠᠬᠤᠢ᠎ᠶ᠋ᠢᠨ ᠰᠤᠳᠤᠯᠭᠠᠨ᠎ᠤ ᠲᠥᠪ᠎ᠦᠨ ᠶᠡᠷᠦᠩᠬᠡᠢ ᠠᠵᠤ ᠠᠬᠤᠢᠴᠢ ᠰᠧ ᠶᠦᠩ ᠮᠧᠢ ᠬᠡᠯᠡᠪᠡ᠃
《ᠣᠨᠴᠠᠯᠢᠭ᠎ᠲᠠᠶ᠂ ᠳᠠᠪᠠᠭᠤᠯᠢᠭ᠎ᠲᠠᠶ ᠠᠵᠤ ᠦᠢᠯᠡᠰ᠎ᠦᠨ ᠲᠦᠷᠭᠡᠨ ᠪᠤᠵᠠᠭᠠᠢᠷᠠᠨ ᠬᠦᠴᠦᠷᠬᠡᠭ᠌ᠵᠢᠬᠦ᠌᠎ᠶ᠋ᠢ ᠠᠬᠢᠭᠤᠯᠵᠤ᠂ ᠱᠢᠨ᠎ᠡ ᠨᠡᠮᠡᠭ᠌ᠳᠡᠯ᠎ᠦᠨ ᠬᠥᠳᠡᠯᠭᠡᠭᠦᠷ᠎ᠢ ᠪᠦᠷᠢᠯᠳᠦᠭᠦᠯᠬᠦ ᠬᠡᠷᠡᠭᠳᠠᠢ》᠂ 《ᠳᠠᠯᠳᠠ ᠬᠦᠴᠦᠨ᠎ᠲᠡᠶ᠂ ᠨᠥᠬᠥᠴᠡᠯ᠎ᠲᠡᠶ ᠠᠵᠤ ᠦᠶ᠋ᠯᠡᠰ᠎ᠢ ᠲᠦᠷᠭᠡᠳᠭᠡᠨ ᠪᠣᠢᠵᠢᠭᠤᠯᠬᠤ᠎ᠶ᠋ᠢ ᠠᠬᠢᠭᠤᠯᠵᠤ᠂ ᠱᠢᠨ᠎ᠡ ᠤᠷᠤᠯᠳᠤᠭᠠᠨ᠎ᠤ ᠵᠠᠮ ᠱᠢᠨ᠎ᠡ ᠬᠥᠳᠡᠯᠭᠡᠬᠦ᠌ ᠬᠦᠴᠦᠨ᠎ᠢ ᠡᠷᠲᠡᠬᠡᠨ ᠪᠦᠷᠢᠯᠳᠦᠭᠦᠯᠬᠦ᠌᠎ᠪᠡᠷ ᠴᠢᠷᠮᠠᠢᠬᠤ ᠬᠡᠷᠡᠭᠳᠠᠢ》ᠬᠡᠵᠦ ᠥᠪᠥᠷ ᠮᠣᠩᠭᠣᠯ ᠵᠢᠯ᠎ᠦᠨ ᠡᠬᠢᠨ᠎ᠳᠦ ᠢᠩᠬᠢᠵᠦ ᠪᠠᠢᠷᠢᠯᠠᠭᠤᠯᠤᠬᠰᠠᠨ ᠶᠤᠮ᠃
ᠬᠠᠷᠠᠯᠲᠠ ᠨᠢ ᠴᠢᠭ᠌ᠯᠡᠯ᠎ᠢ ᠬᠦᠳᠦᠯᠥᠨ ᠳᠠᠭᠠᠭᠤᠯᠵᠤ᠂ ᠠᠵᠢᠯᠯᠠᠭ᠎ᠠ ᠨᠢ ᠬᠦᠰᠡᠯ ᠵᠡᠭᠦᠳᠦ᠍᠎ᠶ᠋ᠢ ᠲᠡᠷᠭᠡᠯᠱᠢᠭᠦᠯᠦᠨ᠎ᠡ᠃
ᠡᠨᠡ ᠵᠢᠯ᠎ᠦᠨ 3 ᠰᠠᠷ᠎ᠠ᠎ᠶ᠋ᠢᠨ 12 ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ 《ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠲᠤᠬᠠᠶ ᠮᠡᠳᠡᠭ᠌ᠳᠡᠯ》 ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠪᠡᠨ ᠳᠠᠭᠠᠭᠠᠭ᠍ᠰᠠᠨ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶ᠋ᠢᠨ ᠲᠥᠯᠥᠪᠵᠢᠭᠦᠯᠭᠡ᠎ᠳᠦ ᠣᠷᠣᠭᠤᠯᠤᠭ᠍ᠰᠠᠨ ᠪᠡᠶ᠎ᠡ᠎ᠪᠡᠨ ᠳᠠᠭᠠᠭᠠᠭ᠍ᠰᠠᠨ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠡᠴᠡ ᠨᠡᠢᠲᠡ᠎ᠶ᠋ᠢᠨ ᠬᠡᠷᠡᠭ᠌ᠯᠡᠭᠡᠨ᠎ᠦ ᠴᠠᠬᠢᠯᠭᠠᠨ ᠲᠤᠤᠷ ᠲᠡᠢᠰᠢ ᠴᠠᠬᠢᠯᠭᠠᠨ ᠭᠠᠷᠭᠠᠬᠤ ᠬᠡᠮᠵᠢᠶ᠎ᠡ᠎ᠳᠦ ᠨᠥᠬᠥᠪᠥᠷᠢ ᠥᠭ᠌ᠬᠦ᠎ᠪᠡᠷ ᠳᠤᠷᠠᠳᠴᠤ᠌᠂ 2025 ᠣᠨ᠎ᠤ ᠪᠡᠶ᠎ᠡ᠎ᠪᠡᠨ ᠳᠠᠭᠠᠭᠠᠭ᠍ᠰᠠᠨ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶ᠋ᠢᠨ ᠨᠥᠬᠥᠪᠥᠷᠢ᠎ᠶ᠋ᠢᠨ ᠪᠠᠷᠢᠮᠵᠢᠶ᠎ᠠ᠎ᠵᠢ 0.35 ᠲᠦᠬᠦᠷᠢᠭ / ᠺᠢᠯᠦᠸᠠᠲ ᠴᠠᠭ ᠵᠢᠡᠷ ᠲᠤᠬᠳᠠᠭᠠᠪᠠ᠃ ᠲᠣᠰ ᠪᠠᠭ᠍ᠲᠠᠭᠠᠮᠵᠢ᠎ᠶ᠋ᠢᠨ ᠨᠥᠬᠥᠪᠥᠷᠢ᠎ᠶ᠋ᠢᠨ ᠪᠠᠷᠢᠮᠵᠢᠶ᠎ᠠ ᠨᠢ ᠨᠥᠬᠥᠪᠥᠷᠢ᠎ᠶ᠋ᠢᠨ ᠪᠠᠷᠢᠮᠵᠢᠶ᠎ᠠ ᠬᠠᠮᠤᠭ ᠤ᠋ᠨ ᠥᠨᠳᠥᠷ᠂ ᠨᠥᠬᠥᠪᠥᠷᠢᠯᠡᠬᠦ᠌ ᠬᠤᠭᠤᠴᠠᠭ᠎ᠠ ᠬᠠᠮᠤᠭ ᠤ᠋ᠨ ᠣᠷᠳᠣ ᠪᠤᠯᠤᠭᠰᠠᠨ ᠬᠣᠶᠠᠷ ᠪᠥᠬᠥ᠌ ᠤᠯᠤᠰ ᠤ᠋ᠨ ᠨᠢᠭᠡᠳᠦᠭᠡᠷ ᠢ᠋ ᠡᠭᠦᠳᠴᠠᠢ᠃
ᠡᠨᠡ ᠵᠢᠯ᠎ᠦᠨ 6 ᠰᠠᠷ᠎ᠠ᠎ᠶ᠋ᠢᠨ 10 ᠤ᠋ ᠡᠳᠦᠷ ᠂ 2025 ᠣᠨ᠎ᠤ ᠳᠤᠮᠳᠠᠳᠤ ᠤᠯᠤᠰ᠎ᠤᠨ ᠠᠵᠤ ᠦᠶ᠋ᠯᠡᠰ᠎ᠦᠨ ᠱᠢᠯᠵᠢᠯᠲᠡ ᠬᠥᠭ᠌ᠵᠢᠯᠲᠡ᠎ᠶ᠋ᠢ ᠵᠣᠯᠭᠠᠭᠤᠯᠬᠤ ᠠᠵᠢᠯᠯᠠᠭ᠎ᠠ (ᠥᠪᠥᠷ ᠮᠣᠩᠭᠣᠯ) ᠬᠥᠬᠡᠬᠣᠲᠠ᠎ᠳᠤ ᠶᠠᠪᠤᠭ᠍ᠳᠠᠪᠠ᠃ ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ 20 ᠲᠥᠷᠥᠯ ᠵᠦᠶ᠋ᠯ᠎ᠳᠦ ᠠᠮᠵᠢᠯᠲᠠ᠎ᠲᠠᠶ ᠭᠠᠷᠤᠨ ᠥᠰᠥᠭ ᠵᠢᠷᠤᠵᠤ᠂ ᠱᠢᠨ᠎ᠡ ᠡᠨᠧᠷᠭᠢ᠎ᠶ᠋ᠢᠨ ᠲᠣᠨᠣᠭ᠍ᠯᠠᠯ᠂ ᠱᠢᠨ᠎ᠡ ᠮᠠᠲ᠋ᠧᠷᠢᠶᠠᠯ᠂ ᠣᠶᠤᠨᠳᠤ ᠪᠤᠳᠤᠯᠳᠠ ᠵᠢᠨ ᠬᠦᠴᠤᠨ᠂ ᠤᠢᠷ᠎ᠠ ᠤᠬᠳᠠᠷᠭᠤᠢ ᠵᠢᠨ ᠠᠵᠤ ᠠᠬᠤᠶ ᠵᠡᠷᠭᠡ ᠬᠦᠷᠢᠶ᠎ᠡ᠎ᠶ᠋ᠢ ᠬᠠᠮᠤᠷᠪᠠ᠃
ᠡᠨᠡ ᠵᠢᠯ᠎ᠦᠨ 7 ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ 2025 ᠣᠨ᠎ᠤ ᠥᠪᠥᠷ ᠮᠣᠩᠭᠣᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠬᠰᠡᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠎ᠶ᠋ᠢᠨ ᠵᠢᠭ᠍ᠰᠠᠭᠠᠯᠲᠠ᠎ᠳᠤ ᠤᠷᠤᠭ᠍ᠰᠠᠨ ᠲᠥᠷᠥᠯ ᠵᠦᠶ᠋ᠯ᠎ᠢ ᠵᠠᠷᠯᠠᠨ ᠨᠡᠢᠲᠡᠯᠡᠪᠡ᠃ ᠥᠪᠥᠷ ᠮᠣᠩᠭᠣᠯ᠎ᠤᠨ ᠪᠸᠢ ᠳ᠋ᠸᠤ ᠠᠵᠤ ᠦᠶ᠋ᠯᠡᠰ᠎ᠦᠨ ᠬᠦᠷᠢᠶᠡᠯᠡᠩ᠎ᠦᠨ ᠪᠸᠢ ᠳ᠋ᠸᠤ ᠥᠨᠳᠥᠷ ᠬᠤᠪᠢᠲᠤ ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠂ ᠳᠤᠮᠳᠠᠳᠤ ᠤᠯᠤᠰ᠎ᠤᠨ ᠱᠢᠯᠵᠢᠭᠡ ᠬᠣᠯᠪᠣᠭᠠᠨ᠎ᠤ ᠬᠥᠬᠡᠬᠣᠲᠠ᠎ᠶ᠋ᠢᠨ ᠤᠶᠤᠨᠲᠤ ᠪᠣᠳᠣᠯᠳᠠ᠎ᠶ᠋ᠢᠨ ᠲᠥᠪ᠎ᠦᠨ ᠲᠥᠷᠥᠯ ᠵᠦᠶ᠋ᠯ᠂ ᠪᠤᠭᠤᠲᠤ᠎ᠶ᠋ᠢᠨ ᠠᠨ᠎ᠲᠠᠶ ᠤᠮᠠᠷᠠᠲᠤ᠎ᠶ᠋ᠢᠨ ᠱᠢᠨᠵᠢᠯᠡᠬᠦ᠌ ᠤᠬᠠᠭᠠᠠ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠵᠢᠯ᠎ᠳᠦ 5000 ᠲᠣᠨ ᠳᠡᠭᠡᠳᠦ ᠲᠠᠰ᠎ᠤᠨ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠦᠢᠯᠡᠳᠬᠦᠨ ᠦᠶ᠋ᠯᠡᠳᠪᠦᠷᠢᠯᠡᠬᠦ᠌ ᠵᠡᠷᠭᠡ 20 ᠲᠥᠷᠥᠯ ᠵᠦᠶ᠋ᠯ᠎ᠨᠢ ᠢᠷᠠᠭᠤ ᠠᠯᠳᠠᠷᠲᠠᠶ᠎ᠪᠠᠷ ᠵᠢᠭ᠍ᠰᠠᠭᠠᠯᠲᠠ᠎ᠳᠤ ᠣᠷᠣᠪᠠ᠃
ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠄ ᠥᠪᠥᠷ ᠮᠣᠩᠭᠣᠯ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠶ᠋ᠯᠡᠳᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠤᠢᠷ᠎ᠠ ᠤᠬᠳᠠᠷᠭᠤᠢ ᠵᠢᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭ᠍ᠰᠠᠨ ᠠᠵᠤ ᠠᠬᠤᠶ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠦᠷᠢᠶ᠎ᠡ᠎ᠶ᠋ᠢ ᠪᠠᠭ᠍ᠲᠠᠭᠠᠭ᠍ᠰᠠᠨ ᠬᠣᠶᠠᠳᠤᠭᠠᠷ ᠪᠦᠯᠦᠭ᠎ᠦᠨ 189 ᠠᠵᠤ ᠠᠬᠤᠢᠯᠠᠯ᠎ᠢ ᠱᠢᠨ᠎ᠡ᠎ᠪᠡᠷ ᠨᠡᠮᠡᠭ᠌ᠳᠡᠭᠦᠯᠵᠠᠢ ᠭᠡᠵᠤ ᠨᠠᠢᠳᠠᠯᠠᠪᠠ᠃
᠁
ᠦᠵᠦ᠍ ᠲᠥᠯᠥᠪᠯᠡᠭᠡ᠂ ᠲᠦᠷᠦ᠍᠎ᠶ᠋ᠢᠨ ᠪᠤᠳᠤᠯᠭ᠎ᠠ ᠵᠢᠨ ᠳᠠᠪᠬᠤᠴᠠᠯ᠂ ᠥᠪᠥᠷ ᠮᠣᠩᠭᠣᠯ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠱᠢᠨ᠎ᠡ ᠤᠷᠤᠯᠳᠤᠭᠠᠨ᠎ᠤ ᠵᠠᠮ᠎ᠢ ᠢᠳᠡᠪᠬᠢᠲᠡᠢ ᠪᠠᠢᠷᠢᠱᠢᠭᠤᠯᠵᠤ᠂ ᠪᠦᠬᠦ᠌ ᠲᠠᠯ᠎ᠠ᠎ᠶ᠋ᠢᠨ ᠴᠢᠨᠠᠷᠲᠠᠢ᠂ ᠠᠯᠤᠰ ᠬᠡᠳᠦ᠍᠎ᠶ᠋ᠢᠨ ᠴᠢᠨᠠᠷᠲᠠᠢ᠂ ᠤᠳᠤᠷᠢᠳᠤᠮᠵᠢ᠎ᠶ᠋ᠢᠨ ᠴᠢᠨᠠᠷᠲᠠᠢ ᠪᠠ ᠬᠥᠳᠡᠯᠦᠩᠭᠦᠢ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠬᠥᠭ᠌ᠵᠢᠭᠦᠯᠬᠦ᠌ ᠬᠠᠨᠳᠤᠰᠢ ᠪᠠᠢᠳᠠᠯ᠎ᠢ ᠪᠤᠢ ᠪᠣᠯᠭᠠᠪᠠ᠃
ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠪᠣᠯ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠬᠤ ᠬᠠᠮᠤᠭ᠎ᠤᠨ ᠱᠢᠯᠢᠳᠡᠭ ᠰᠣᠩᠭᠣᠯᠲᠠ ᠪᠣᠯᠬᠤ ᠪᠥᠭᠡᠳ ᠪᠠᠰᠠ ᠪᠦᠬᠦ᠌ ᠤᠯᠤᠰ᠎ᠤᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠨᠢᠭᠡ ᠬᠦᠯᠭᠡ ᠱᠢᠳᠠᠷ᠎ᠠ᠎ᠶ᠋ᠢᠨ ᠵᠢᠯᠤᠭᠤᠳᠤᠯᠭ᠎ᠠ ᠳᠣᠣᠷ᠎ᠠ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠᠲᠠᠢ ᠲᠡᠦᠬᠡᠲᠦ ᠬᠦᠨᠳᠦ ᠡᠭᠦᠷᠭᠡ ᠪᠣᠯᠤᠨ᠎ᠠ᠃ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ 《ᠭᠠᠵᠠᠷ ᠳᠡᠭᠡᠷ᠎ᠡ᠎ᠪᠡᠨ ᠰᠠᠯᠬᠢᠨ ᠬᠦᠴᠤᠨ ᠭᠡᠷᠡᠯ ᠤ᠋ᠨ ᠡᠨ᠋ᠸᠷᠬᠢ ᠲᠠᠢ᠂ ᠭᠠᠵᠠᠷ ᠳᠤᠤᠷ᠎ᠠ᠎ᠪᠠᠨ ᠨᠡᠭᠦᠷᠡᠰᠦ᠎ᠲᠡᠶ᠂ ᠭᠠᠷ᠎ᠲᠠᠭᠠᠨ ᠴᠠᠬᠢᠯᠭᠠᠨ ᠲᠤᠤᠷ᠎ᠲᠠᠶ》 ᠪᠠᠢᠬᠤ ᠳᠠᠪᠠᠭᠤᠯᠢᠭ᠎ᠵᠢᠡᠨ ᠭᠦᠶ᠋ᠴᠡᠳ ᠠᠱᠢᠭ᠍ᠯᠠᠨ᠂ 《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠵᠢ ᠤᠨᠢᠯᠠᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠪᠠ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠠᠮᠵᠢᠯᠴᠠᠭᠤᠯᠤᠨ ᠠᠬᠢᠭᠤᠯᠪᠠ᠃ 2025 ᠣᠨ᠎ᠤ 11 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 1.54 ᠳ᠋ᠦᠩᠱᠢᠭᠤᠷ ᠺᠢᠯᠦᠸᠠᠲ᠎ᠲᠤ ᠬᠥᠷᠪᠡ᠃ ᠡᠭᠦᠨ᠎ᠳᠦ᠂ ᠰᠠᠯᠬᠢᠨ ᠬᠦᠴᠦᠨ᠎ᠦ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 10033 ᠲᠦᠮᠡᠨ ᠺᠢᠯᠦᠸᠠᠲ᠎ᠲᠤ ᠬᠦᠷᠴᠦ᠍᠂ ᠪᠦᠬᠦ᠌ ᠤᠯᠤᠰ᠎ᠲᠤ ᠬᠠᠮᠤᠭ ᠤ᠋ᠨ ᠲᠦᠷᠦᠬᠦᠨ ᠳ᠋ᠤ ᠳ᠋ᠦᠩᠱᠢᠭᠤᠷ᠎ᠢ ᠳᠠᠪᠠᠪᠠ᠃
ᠱᠢᠨ᠎ᠡ ᠡᠨᠧᠷᠭᠢ᠎ᠶ᠋ᠢᠨ ᠬᠦᠷᠢᠶᠡᠨ᠎ᠳ᠋ᠡᠬᠢ ᠴᠢᠬᠤᠯᠠ ᠬᠡᠰᠡᠭ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠬᠡᠷᠡᠯᠴᠢ ᠴᠡᠨᠡᠭ᠎ᠦᠨ ᠲᠣᠨᠣᠭ᠍ᠯᠠᠯ᠎ᠤᠨ ᠠᠵᠤ ᠦᠶ᠋ᠯᠡᠰ ᠶᠠᠭ ᠡᠬᠢᠯᠡᠨ ᠬᠦᠭᠵᠢᠵᠤ᠂ 《ᠣᠯᠠᠨ ᠲᠠᠯᠠᠰᠲᠤ ᠴᠠᠬᠢᠭᠤᠷ — ᠲᠠᠩ ᠲᠠᠯᠠᠰᠲᠤ ᠴᠠᠬᠢᠭᠤᠷ — ᠬᠡᠷᠴᠢᠯᠡᠭᠡᠰᠤ — ᠳ᠋ᠢᠶᠠᠨ ᡂᠢ — ᠲᠣᠨᠣᠭ᠍ᠯᠠᠯ》 ᠤ᠋ᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠠᠵᠤ ᠦᠶ᠋ᠯᠡᠰ᠎ᠦᠨ ᠡᠬᠢᠨ ᠤ᠋ ᠪᠠ ᠡᠴᠦᠰ ᠤ᠋ᠨ ᠭᠡᠯᠬᠢᠶ᠎ᠠ ᠵᠢᠨ ᠠᠵᠤ ᠠᠬᠤᠢᠯᠠᠯ᠎ᠢ 51 ᠪᠣᠢᠵᠢᠭᠤᠯᠵᠤ᠂ ᠵᠦᠩ ᠬᠤᠸᠠᠨ᠂ ᠯᠦᠩ ᠵᠢᠶ᠂ ᠲᠢᠶᠠᠨ ᠾᠧ᠂ ᠱᠤᠸᠠᠩ ᠯᠢᠶᠠᠩ᠂ ᠬᠣᠩ ᠶᠤᠸᠠᠨ᠂ ᠲᠦᠩ ᠸᠧᠶ ᠵᠡᠷᠭᠡ ᠲᠠᠭᠠᠭᠤᠯᠤᠬᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠵᠤ ᠲᠥᠪᠯᠡᠷᠡᠭᠦᠯᠦᠨ ᠨᠤᠳᠤᠬᠱᠢᠭᠤᠯᠵᠤ᠂ ᠠᠵᠤ ᠦᠶ᠋ᠯᠡᠰ᠎ᠦᠨ ᠡᠬᠢᠨ ᠤ᠋ ᠬᠡᠯᠬᠢᠶ᠎ᠡ᠎ᠶ᠋ᠢᠨ ᠭᠡᠰᠡᠭ ᠲᠤ᠌ ᠨᠢᠭᠡᠨᠲᠡ ᠪᠥᠬᠥ᠌ ᠪᠥᠮᠪᠥᠷᠴᠡᠭ᠎ᠦᠨ ᠥᠷᠢᠰᠥᠯᠳᠦᠭᠡᠨ᠎ᠦ ᠳᠠᠪᠠᠭᠤᠯᠢᠭ᠎ᠲᠠᠶ ᠦᠶ᠋ᠯᠡᠳᠬᠦ᠌ ᠴᠢᠳᠠᠪᠤᠷᠢ᠎ᠶ᠋ᠢ ᠪᠦᠷᠢᠯᠳᠦᠭᠦᠯᠵᠦ᠍᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠎ᠤᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠤᠨ ᠴᠢᠳᠠᠪᠤᠷᠢ᠎ᠪᠡᠷ ᠪᠥᠬᠥ᠌ ᠤᠯᠤᠰ᠎ᠤᠨ ᠨᠢᠭᠡᠳᠦᠭᠡᠷ ᠲᠤ᠌ ᠤᠷᠤᠪᠠ᠃
ᠪᠤᠳᠤᠯᠲᠠ᠎ᠶᠢᠨ ᠬᠦᠴᠦᠨ ᠪᠣᠯ ᠲᠣᠭᠠᠴᠢᠯᠠᠭ᠍ᠰᠠᠨ ᠠᠵᠤ ᠠᠬᠤᠢ᠎ᠶ᠋ᠢᠨ ᠴᠠᠭ ᠦᠶ᠎ᠡ᠎ᠶ᠋ᠢᠨ ᠭᠣᠣᠯᠯᠠᠭ᠍ᠴᠢ ᠦᠢᠯᠡᠳᠪᠦᠷᠢᠯᠡᠯ᠎ᠦᠨ ᠬᠦᠴᠦᠨ ᠮᠥᠨ᠂ ᠶᠠᠭ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠳᠦ ᠭᠦᠨᠴᠡ ᠬᠦᠴᠦᠨ ᠤᠯᠭᠤᠵᠤ ᠪᠤᠢ᠃ ᠣᠳᠣᠬᠠᠨ᠎ᠳᠤ᠂ ᠥᠪᠥᠷ ᠮᠣᠩᠭᠣᠯ ᠨᠢᠭᠡᠨᠲᠡ ᠪᠥᠬᠥ᠌ ᠤᠯᠤᠰ᠎ᠤᠨ ᠴᠢᠬᠤᠯᠠ ᠪᠤᠳᠤᠯᠲᠠ᠎ᠶ᠋ᠢᠨ ᠬᠦᠴᠦᠨ᠎ᠦ ᠬᠦᠶ᠋ᠰᠦ ᠪᠠ ᠲᠣᠭᠠᠴᠢᠯᠠᠭ᠍ᠰᠠᠨ ᠠᠵᠤ ᠦᠶ᠋ᠯᠡᠰ᠎ᠦᠨ ᠲᠥᠪᠯᠡᠷᠡᠭ᠌ᠰᠡᠨ ᠣᠷᠣᠨ ᠪᠣᠯᠵᠣ᠂ ᠪᠤᠳᠤᠯᠲᠠ᠎ᠶ᠋ᠢᠨ ᠬᠦᠴᠦᠨ᠎ᠦ ᠠᠵᠤ ᠦᠶ᠋ᠯᠡᠰ᠎ᠦᠨ ᠬᠡᠪᠴᠢᠶ᠎ᠡ 19.1 ᠲᠦᠮᠡᠨ P ᠳ᠋ᠤ ᠬᠦᠷᠴᠡᠶ᠂ ᠡᠭᠦᠨ᠎ᠳᠦ ᠣᠶᠤᠨᠴᠢ ᠪᠤᠳᠤᠯᠲᠠ᠎ᠶ᠋ᠢᠨ ᠬᠦᠴᠦᠨ᠎ᠤ ᠬᠡᠪᠴᠢᠶ᠎ᠡ 17.8 ᠲᠦᠮᠡᠨ P ᠪᠣᠶ᠃ ᠥᠪᠥᠷ ᠮᠣᠩᠭᠣᠯ ᠶᠠᠭ ᠬᠥᠬᠡᠬᠣᠲᠠ ᠪᠤᠭᠤᠲᠤ ᠣᠷᠳᠣᠰ ᠤᠯᠠᠭᠠᠨᠴᠠᠪ — ᠪᠡᠭᠡᠵᠢᠩ ᠲᠢᠶᠠᠨᠵᠢᠨ ᠾᠧᠪᠧᠶ — ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ 《2·5·20》 ᠴᠠᠭ᠎ᠤᠨ ᠤᠷᠳᠤᠳᠬᠠᠯ ᠴᠠᠭᠠᠷᠢᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠣᠬᠢᠷᠲᠤᠯ ᠥᠬᠡᠶ ᠪᠤᠳᠤᠯᠲᠠ᠎ᠶ᠋ᠢᠨ ᠬᠦᠴᠦᠨ᠎ᠦ ᠭᠦᠶ᠋ᠯᠭᠡᠭᠡ ᠶᠠᠭ 《ᠮᠡᠳᠡᠭᠡ ᠵᠠᠩᠭᠢ᠎ᠶ᠋ᠢᠨ ᠲᠦᠷᠭᠡᠨ᠎ᠤ ᠵᠠᠮ》 ᠢ᠋ ᠪᠦᠷᠢᠯᠳᠦᠭᠦᠯᠵᠦ᠍ ᠪᠣᠶ᠃
ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠱᠢᠨ᠎ᠡ ᠤᠷᠤᠯᠳᠤᠭᠠᠨ᠎ᠤ ᠵᠠᠮ᠎ᠢ ᠵᠠᠪᠳᠤᠨ ᠡᠵᠡᠯᠡᠵᠦ᠍ ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ ᠥᠪᠥᠷ ᠮᠣᠩᠭᠣᠯ᠎ᠤᠨ ᠠᠵᠢᠯᠯᠠᠭᠠᠨ ᠡᠭᠦᠨ ᠵᠢᠡᠷ ᠵᠤᠬᠰᠤᠬᠤ ᠦᠭᠡᠢ᠃ ᠲᠥᠷᠥᠯ ᠵᠦᠶ᠋ᠯ᠎ᠢᠶᠡᠷ ᠭᠤᠤᠯ ᠭᠠᠷᠳᠠᠴᠠ ᠪᠣᠯᠭᠠᠵᠤ᠂ ᠡᠨᠡ ᠵᠢᠯ ᠥᠪᠥᠷ ᠮᠣᠩᠭᠣᠯ ᠨᠢᠭᠡ ᠪᠦᠯᠦᠭ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠲᠥᠷᠥᠯ ᠵᠦᠶ᠋ᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠲᠤ ᠪᠠᠬᠢ ᠲᠤᠯᠭᠠᠭᠤᠷᠢᠯᠠᠯ᠎ᠢ ᠪᠡᠬᠢᠵᠢᠭᠦᠯᠪᠡ᠃
ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠦᠨ ᠲᠠᠯ᠎ᠠ᠎ᠪᠠᠷ᠂ ᠪᠤᠭᠤᠲᠤ᠎ᠶ᠋ᠢᠨ ᠪᠠᠲᠤᠬᠠᠭᠠᠯᠭ᠎ᠠ᠎ᠶ᠋ᠢᠨ 10 ᠲᠦᠮᠡᠨ ᠺᠢᠯᠦᠸᠠᠲ / 40 ᠲᠦᠮᠡᠨ ᠺᠢᠯᠦᠸᠠᠲ ᠴᠠᠭ᠎ᠤᠨ ᠴᠠᠬᠢᠯᠭᠠᠨ ᠲᠤᠤᠷ᠎ᠤᠨ ᠬᠠᠵᠠᠭᠤ᠎ᠶ᠋ᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠂ ᠬᠢᠩᠭᠠᠨ ᠠᠢᠮᠠᠭ᠎ᠤᠨ ᠵᠢᠨ ᠹᠸᠩ᠎ᠤᠨ 200 ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠪᠤᠬᠢᠷᠲᠤᠯ ᠦᠭᠡᠢ ᠤᠰᠤᠲᠥ᠋ᠷᠥᠭ᠌ᠴᠢ ᠦᠶ᠋ᠯᠡᠳᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ (ᠰᠠᠯᠬᠢᠨ ᠬᠦᠴᠦᠨ᠎ᠦ ᠴᠠᠬᠢᠯᠭᠠᠨ᠎ᠤ ᠬᠡᠰᠡᠭ) ᠤ᠋ᠨ ᠨᠢᠭᠡᠳᠦᠭᠡᠷ ᠬᠤᠭᠤᠴᠠᠭᠠᠨ᠎ᠤ 25 ᠲᠦᠮᠡᠨ ᠺᠢᠯᠦᠸᠠᠲ ᠵᠡᠷᠭᠡ 338 ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ ᠲᠦᠷᠦᠭᠦᠦ 11 ᠰᠠᠷ᠎ᠠ᠎ᠳᠤ ᠨᠡᠢᠲᠡ 2268.9 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠦ᠍᠂ ᠪᠡᠯᠡ ᠤᠷᠤᠭᠤᠯᠤᠯᠳᠠ ᠵᠢᠨ ᠨᠣᠷᠮ᠎ᠠ ᠨᠢ 96.1% ᠳ᠋ᠦ ᠬᠦᠷᠴᠠᠢ᠃
ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠦᠨ ᠪᠦᠯᠦᠭᠵᠢᠯ᠎ᠦᠨ ᠲᠠᠯ᠎ᠠ᠎ᠪᠠᠷ᠂ ᠥᠪᠥᠷ ᠮᠣᠩᠭᠣᠯ᠎ᠤᠨ ᠱᠢᠨ ᠬᠤᠸᠠᠨ ᠴᠠᠬᠢᠭᠤᠷ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢᠶᠢᠨᠵᠢᠯᠳᠦ 10 ᠲᠦᠮᠡᠨ ᠲᠣᠨ᠎ᠤ ᠮᠥᠬᠥᠯᠢᠭ᠌ᠲᠦ ᠴᠠᠬᠢᠭᠤᠷ ᠦᠶ᠋ᠯᠡᠳᠪᠦᠷᠢᠯᠡᠬᠦ᠌᠂ ᠵᠥᠩ ᠰᠢᠨ ᠪᠦᠯᠦᠭ᠌ᠯᠡᠯᠤᠨᠵᠢᠯᠳᠦ 15 ᠲᠦᠮᠡᠨ ᠬᠠᠪᠲᠠᠭᠠᠶ ᠬᠠᠭᠠᠰ ᠳᠠᠮᠵᠢᠭᠤᠯᠤᠭ᠍ᠴᠢ ᠦᠶ᠋ᠯᠡᠳᠪᠦᠷᠢᠯᠡᠬᠦ᠌᠎ᠳᠦ ᠬᠡᠷᠡᠭ᠌ᠯᠡᠬᠦ᠌ ᠲᠣᠮᠣ ᠬᠡᠮᠵᠢᠶᠡᠲᠦ CVD ᠲᠠᠩ ᠲᠠᠯᠠᠰᠲᠤ ᠠᠯᠮᠠᠰ ᠴᠢᠯᠠᠭᠤ᠎ᠶᠢᠨ ᠢᠯᠴᠢ ᠲᠠᠷᠬᠠᠭᠠᠬᠤ ᠢᠯᠲᠠᠰᠤ ᠵᠡᠷᠭᠡ 209 ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ ᠲᠦᠷᠦᠭᠦᠦ 11 ᠰᠠᠷ᠎ᠠ᠎ᠳᠤ ᠨᠡᠢᠲᠡ 722.1 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠦ᠍᠂ ᠪᠡᠯᠡ ᠤᠷᠤᠭᠤᠯᠤᠯᠳᠠ ᠵᠢᠨ ᠨᠣᠷᠮ᠎ᠠ ᠨᠢ 88.5% ᠳ᠋ᠤ ᠬᠥᠷᠪᠡ᠃
ᠣᠲᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠪᠦᠯᠦᠭ᠌ᠵᠢᠯ᠎ᠦᠨ ᠲᠠᠯ᠎ᠠ᠎ᠪᠠᠷ᠂ ᠪᠤᠭᠤᠲᠤ ᠬᠣᠲᠠ᠎ᠶ᠋ᠢᠨ ᠤᠰᠤᠲᠥ᠋ᠷᠥᠭ᠌ᠴᠢ ᠨᠡᠪᠲᠡᠷᠡᠯ᠎ᠦᠨ ᠠᠵᠤ ᠦᠶ᠋ᠯᠡᠳᠪᠦᠷᠢ᠎ᠶ᠋ᠢᠨ ᠦᠶ᠋ᠯᠡᠳᠬᠦ᠌ ᠬᠢᠵᠠᠭᠠᠷᠲᠤ ᠺᠣᠮᠫᠠᠨᠢ᠎ᠶ᠋ᠢᠨ ᠵᠢᠯ᠎ᠳᠦ 5000 ᠢᠵᠢ ᠤᠰᠤᠲᠥ᠋ᠷᠥᠭ᠌ᠴᠢ ᠲᠦᠯᠡᠱᠢᠨ ᠳ᠋ᠢᠶᠠᠨ ᡂᠢ ᠵᠢ ᠱᠢᠰᠲ᠋ᠧᠮ ᠲᠠᠢ ᠦᠶ᠋ᠯᠡᠳᠬᠦ᠌ ᠰᠠᠭᠤᠷᠢᠨ᠂ ᠪᠦᠦ ᠯᠦᠸᠧ ᠪᠦᠯᠦᠭ᠌ᠯᠡᠯ᠎ᠦᠨ ᠡᠷᠭᠢᠭᠦᠯᠭᠡᠨ ᠬᠣᠭᠣᠯᠠᠶ ᠦᠶ᠋ᠯᠡᠳᠬᠦ᠌ ᠵᠢᠴᠢ ᠬᠣᠭᠣᠯᠠᠶ᠎ᠶ᠋ᠢ ᠢᠵᠢ ᠪᠥᠷᠢᠳᠦᠭᠦᠯᠦᠨ ᠦᠶ᠋ᠯᠡᠳᠪᠦᠷᠢᠯᠡᠬᠦ᠌ ᠵᠡᠷᠭᠡ 135 ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ ᠲᠦᠷᠦᠭᠦᠦ 11 ᠰᠠᠷ᠎ᠠ᠎ᠳᠤ ᠨᠡᠢᠲᠡ 696.1 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠦ᠍᠂ ᠪᠡᠯᠡ ᠤᠷᠤᠭᠤᠯᠤᠯᠳᠠ ᠵᠢᠨ ᠨᠣᠷᠮ᠎ᠠ᠎ᠨᠢ 96.9% ᠳ᠋ᠤ ᠬᠦᠷᠴᠡᠶ᠃
ᠠᠮᠢᠳᠤ ᠪᠣᠳᠠᠰ ᠦᠶ᠋ᠯᠡᠳᠬᠦ᠌ ᠠᠵᠤ ᠦᠶ᠋ᠯᠡᠰ᠎ᠦᠨ ᠪᠦᠯᠦᠭ᠌ᠵᠢᠯ᠎ᠦᠨ ᠲᠠᠯ᠎ᠠ᠎ᠪᠠᠷ᠂ ᠥᠪᠥᠷ ᠮᠣᠩᠭᠣᠯ᠎ᠤᠨ ᠣᠦ ᠫᠦ ᠰᠠᠶ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠠᠮᠢᠲᠠᠨ᠎ᠤ ᠴᠢᠰᠤᠨ ᠴᠠᠢᠪᠠᠩ ᠵᠢᠴᠢ ᠡᠰ ᠪᠣᠢᠵᠢᠭᠤᠯᠬᠤ ᠰᠠᠭᠤᠷᠢ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌᠂ ᠥᠪᠥᠷ ᠮᠣᠩᠭᠣᠯ᠎ᠤᠨ ᠠᠨ ᠳ᠋ᠢ ᠺᠸ ᠢᠵᠢᠯᠢ ᠪᠠᠢ᠌ᠷᠢ᠎ᠲᠤ ᠡᠯᠧᠮᠧᠨ᠋ᠲ᠎ᠢᠶᠡᠷ ᠣᠨᠣᠱᠢᠯᠠᠨ ᠡᠮᠨᠡᠬᠦ᠌ ᠡᠮ ᠦᠶ᠋ᠯᠡᠳᠪᠦᠷᠢᠯᠡᠬᠦ᠌ ᠲᠥᠪ ᠵᠡᠷᠭᠡ 68 ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ ᠲᠦᠷᠦᠭᠦᠦ 11 ᠰᠠᠷ᠎ᠠ᠎ᠳᠤ ᠨᠡᠢᠲᠡ 137.6 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠦ᠂ ᠪᠡᠯᠡ ᠤᠷᠤᠭᠤᠯᠤᠯᠳᠠ ᠵᠢᠨ ᠨᠣᠷᠮ᠎ᠠ᠎ᠨᠢ 103.8% ᠳ᠋ᠤ ᠬᠥᠷᠪᠡ᠃
ᠲᠣᠭᠠᠴᠢᠯᠠᠭ᠍ᠰᠠᠨ ᠠᠵᠤ ᠠᠬᠤᠶ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠦᠨ ᠲᠠᠯ᠎ᠠ᠎ᠪᠠᠷ᠂ ᠭᠦᠶᠡᠩ ᠱᠢᠶᠠᠨ᠎ᠤ 2000P ᠪᠤᠳᠤᠯᠲᠠ᠎ᠶ᠋ᠢᠨ ᠬᠦᠴᠦᠨ᠎ᠦ ᠲᠥᠪ᠂ ᠶᠤᠸᠠᠢ ᠺᠧ (ᠤᠯᠠᠭᠠᠨᠴᠠᠪ) ᠳ᠋ᠠᠢᠲ᠋ᠠ᠎ᠶ᠋ᠢᠨ ᠲᠥᠪ ᠵᠡᠷᠭᠡ 56 ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ ᠲᠦᠷᠦᠭᠦᠦ 11 ᠰᠠᠷ᠎ᠠ᠎ᠳᠤ ᠨᠡᠢᠲᠡ 243.3 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠦ᠍᠂ ᠪᠡᠯᠡ ᠤᠷᠤᠭᠤᠯᠤᠯᠳᠠ ᠵᠢᠨ ᠨᠣᠷᠮ᠎ᠠ᠎ᠨᠢ 93.4% ᠳ᠋ᠤ ᠬᠦᠷᠴᠡᠶ᠃
ᠥᠪᠥᠷ ᠮᠣᠩᠭᠣᠯ᠎ᠤᠨ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠶᠠᠭ ᠢᠳᠡᠷᠡᠭᠦᠨ ᠠᠯᠬᠤᠭ᠎ᠠ᠎ᠪᠠᠷ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠢᠶᠠᠨ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠥᠷᠢᠰᠥᠯᠳᠦᠭᠡᠨ᠎ᠦ ᠳᠠᠪᠠᠭᠤᠯᠢᠭ ᠪᠣᠯᠭᠠᠨ ᠬᠤᠪᠢᠷᠠᠭᠤᠯᠵᠤ᠂ ᠢᠳᠡᠷᠡᠭᠦᠨ᠎ᠢᠶᠡᠷ ᠪᠣᠢᠵᠢᠬᠤ ᠳᠤᠮᠳᠠ ᠨᠠᠩ ᠣᠯᠠᠨ ᠱᠢᠨ᠎ᠡ ᠤᠷᠤᠯᠳᠤᠭᠠᠨ᠎ᠤ ᠵᠠᠮ᠎ᠢ ᠵᠠᠪᠳᠤᠨ ᠡᠵᠡᠯᠡᠵᠦ᠍᠂ ᠡᠷᠡᠮᠡᠬᠡᠢᠯᠡᠨ ᠤᠷᠤᠭ᠍ᠰᠢᠯᠠᠬᠤ ᠳᠦᠷᠰᠤ ᠪᠠᠢᠳᠠᠯ᠎ᠢᠶᠠᠷ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠴᠠᠭ ᠦᠶ᠎ᠡ᠎ᠶ᠋ᠢᠨ ᠤᠷᠤᠰᠭᠠᠯ ᠳᠤᠮᠳᠠ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠤ ᠪᠤᠢ᠃