ᠪᠦᠦ ᠭᠠᠩ ᠲᠦᠩᠯᠢᠶᠣᠤ ᠬᠤᠳᠠ᠎ᠳᠤ ᠪᠠᠢᠴᠠᠭᠠᠨ ᠰᠤᠳᠤᠯᠵᠠᠢ
2025-12-29 10:01:38
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 27 ᠡᠴᠡ 28 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠦᠩᠯᠢᠶᠣᠤ ᠬᠤᠳᠠ᠎ᠳᠤ ᠪᠠᠢᠴᠠᠭᠠᠨ ᠰᠤᠳᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ᠎ᠲᠠᠶ ᠨᠢᠭᠡᠳᠦᠯᠲᠡᠢ ᠲᠥᠯᠥᠪᠵᠢᠭᠦᠯᠦᠨ ᠨᠠᠢᠳᠠᠪᠤᠷᠢᠵᠢᠭᠤᠯᠵᠤ᠂ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠬᠦᠴᠦᠷᠬᠡᠭ ᠬᠤᠳᠠ᠎ᠶ᠋ᠢ ᠲᠦᠷᠭᠡᠳᠭᠡᠨ ᠪᠠᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠦᠬᠦ᠌ ᠬᠦᠴᠦᠨ᠎ᠢᠶᠡᠷ᠎ᠢᠶᠡᠨ ᠪᠠᠢᠭᠤᠯᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠦ ᠭᠠᠩ ᠤᠷᠢᠳ ᠬᠣᠵᠢᠳ ᠹᠦ᠋ ᠶᠣᠣ ᠪᠦᠯᠦᠭ᠌ᠯᠡᠯ᠎ᠦᠨ ᠲᠦᠩᠯᠢᠶᠣᠤ᠎ᠶ᠋ᠢᠨ ᠬᠢᠵᠠᠭᠠᠷᠲᠤ ᠺᠣᠮᠫᠠᠨᠢ᠂ ᠮᠧᠶ ᠬᠤᠸᠠ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠺᠣᠮᠫᠠᠨᠢ᠂ ᠯᠦᠩ ᠮᠠ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢᠨ᠂ ᠲᠦᠩᠯᠢᠶᠣᠤ᠎ᠶ᠋ᠢᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠬᠦᠷᠢᠶᠡᠯᠡᠩ ᠪᠣᠯᠤᠨ ᠬᠣᠷᠴᠢᠨ ᠤ᠋ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠤᠰᠤ ᠴᠡᠪᠡᠷᠱᠢᠭᠦᠯᠬᠦ᠌ ᠦᠶ᠋ᠯᠡᠳᠪᠦᠷᠢ᠎ᠳᠦ ᠬᠦᠷᠴᠦ᠍᠂ ᠦᠶ᠋ᠯᠡᠳᠬᠦᠨ ᠰᠤᠳᠤᠯᠤᠨ ᠨᠡᠭᠡᠭᠡᠬᠦ᠌᠂ ᠵᠠᠬ᠎ᠠ ᠳᠡᠯᠭᠡᠭᠦᠷ᠎ᠦᠨ ᠬᠡᠪᠴᠢᠶ᠎ᠡ᠂ ᠠᠵᠤ ᠠᠬᠤᠢᠯᠠᠯ᠎ᠤᠨ ᠦᠷ᠎ᠡ ᠠᠱᠢᠭ᠂ ᠪᠣᠬᠢᠷᠲᠤᠯ ᠥᠬᠡᠶ ᠴᠠᠬᠢᠯᠭᠠᠨ᠎ᠬᠡᠷᠡᠭ᠌ᠯᠡᠬᠦ᠌ ᠪᠠ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢ ᠢᠵᠢ ᠪᠥᠷᠢᠳᠦᠭᠦᠯᠦᠭ᠌ᠰᠡᠨ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨ᠎ᠤ ᠮᠡᠷᠭᠡᠵᠢᠯ᠎ᠦᠨ ᠥᠭᠡᠷᠡᠴᠢᠯᠡᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠱᠢᠨ᠎ᠡ ᠡᠨᠧᠷᠭᠢ᠎ᠶ᠋ᠢ ᠱᠢᠩᠭᠡᠭᠡᠬᠦ᠎ᠶ᠋ᠢ ᠴᠢᠬᠤᠯᠠᠴᠢᠯᠠᠵᠤ᠂ ᠠᠵᠤ ᠦᠶ᠋ᠯᠡᠰ ᠤ᠋ᠨ ᠳᠡᠭᠡᠳᠦ ᠳᠡᠰᠵᠢᠬᠦ᠂ ᠤᠶᠤᠨᠴᠢᠯᠠᠬᠤ᠂ ᠪᠣᠬᠢᠷᠲᠤᠯ ᠥᠬᠡᠶ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠎ᠶ᠋ᠢ ᠬᠦᠰᠡᠪᠡ᠃ ᠨᠡᠭᠡᠭᠡᠯᠲᠡ᠎ᠶ᠋ᠢᠨ ᠲᠣᠭᠣᠷᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠵᠦ᠍᠂ ᠠᠵᠤ ᠦᠶ᠋ᠯᠡᠰ᠎ᠦᠨ ᠪᠠᠢᠷᠢᠱᠢᠯ᠎ᠢ ᠨᠢᠭᠡᠳᠦᠯᠲᠡᠶ ᠲᠥᠯᠥᠪᠵᠢᠭᠦᠯᠦᠨ᠂ ᠪᠤᠬᠢᠷᠳᠤᠯ ᠦᠭᠡᠢ ᠴᠠᠬᠢᠯᠭᠠᠨ᠎ᠤ ᠬᠠᠩᠭᠠᠯᠭ᠎ᠠ᠎ᠶ᠋ᠢᠨ ᠬᠠᠷᠢᠴᠠᠯ᠎ᠢ ᠳᠡᠭᠡᠭ᠌ᠰᠢᠯᠡᠭᠦᠯᠵᠦ᠍᠂ ᠨᠠᠩ ᠣᠯᠠᠨ ᠡᠬᠢᠨ ᠤ᠋ ᠪᠠ ᠡᠴᠦᠰ ᠤ᠋ᠨ ᠬᠡᠯᠬᠢᠶ᠎ᠡ ᠵᠢᠨ ᠢᠵᠢ ᠪᠥᠷᠢᠳᠦᠭ᠌ᠰᠡᠨ ᠠᠵᠤ ᠠᠬᠤᠢᠯᠠᠯ᠎ᠢ ᠲᠡᠳᠡᠨ ᠲᠥᠪᠯᠡᠷᠡᠭᠦᠯᠵᠦ᠍᠂ ᠨᠡᠯᠢᠶᠡᠳ ᠴᠢᠩᠭ᠎ᠠ ᠥᠷᠢᠰᠥᠯᠳᠦᠭᠡᠨ᠎ᠦ ᠳᠠᠪᠠᠭᠤᠯᠢᠭ᠎ᠲᠠᠶ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌᠂ ᠠᠮᠢᠳᠤ ᠪᠣᠳᠠᠰ᠎ᠤᠨ ᠦᠶ᠋ᠯᠡᠳᠬᠦ᠌ ᠠᠵᠤ ᠦᠶ᠋ᠯᠡᠰ᠎ᠦᠨ ᠪᠦᠯᠦᠭᠵᠢᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠱᠠᠭᠠᠷᠳᠠᠪᠠ᠃ ᠮᠠᠯ ᠠᠵᠤ ᠠᠬᠤᠢ ᠲᠠᠷᠢᠶᠠᠯᠠᠩ ᠤ᠋ᠨ ᠳᠠᠪᠠᠭᠤᠯᠢᠭ᠎ᠢ ᠪᠠᠳᠠᠷᠠᠭᠤᠯᠵᠤ᠂ ᠡᠷᠳᠡᠨᠢ ᠱᠢᠰᠢ᠂ ᠮᠢᠬᠠᠨ ᠤ᠋ ᠦᠬᠡᠷ᠎ᠦᠨ ᠡᠭᠦᠯᠳᠡᠷ ᠤ᠋ᠨ ᠢᠨᠵᠧᠨᠧᠷᠢᠩ᠎ᠢ ᠨᠠᠷᠢᠨ ᠬᠢᠨᠠᠮᠠᠭᠠᠢ ᠬᠡᠷᠡᠭ᠌ᠵᠢᠭᠦᠯᠵᠦ᠍᠂ ᠡᠷᠳᠡᠨᠢ ᠱᠢᠰᠢ᠎ᠶ᠋ᠢ ᠳᠡᠭᠡᠳᠦ ᠲᠡᠰᠵᠢᠬᠦᠯᠬᠦ᠌᠂ ᠴᠢᠨᠠᠷ ᠰᠠᠢᠲᠠᠢ ᠡᠳ᠋ᠱᠢᠭᠦᠯᠦᠨ ᠪᠣᠯᠪᠠᠰᠤᠷᠠᠭᠤᠯᠬᠤ᠎ᠶ᠋ᠢ ᠠᠬᠢᠭᠤᠯᠵᠤ᠂ ᠮᠢᠬᠠᠨ ᠤ᠋ ᠦᠬᠡᠷ᠎ᠦᠨ ᠠᠵᠤ ᠦᠢᠯᠡᠰ᠎ᠦᠨ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ ᠦᠢᠯᠡᠳᠪᠦᠷᠢᠯᠡᠯ ᠡᠵᠡᠩᠨᠡᠯᠲᠡ᠎ᠶ᠋ᠢ ᠠᠬᠢᠭᠤᠯᠵᠤ᠂ ᠲᠦᠩᠯᠢᠶᠣᠤ᠎ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠲᠦᠷᠦᠯ ᠲᠡᠮᠳᠡᠭ᠎ᠢ ᠴᠣᠭ᠍ᠴᠠᠯᠠᠵᠤ᠂ ᠮᠠᠯᠴᠢᠨ ᠲᠠᠷᠢᠶᠠᠴᠢᠨ᠎ᠢ ᠳᠠᠢ᠌ᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠦ ᠭᠠᠩ ᠪᠠᠰᠠ ᠲᠢᠶᠠᠨ ᠢ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠺᠣᠮᠫᠠᠨᠢ᠂ ᠲᠦᠩᠯᠢᠶᠣᠤ᠎ᠶ᠋ᠢᠨ ᠢᠯᠴᠢ ᠴᠠᠬᠢᠯᠭᠠᠨ᠎ᠤ ᠺᠣᠮᠫᠠᠨᠢ᠎ᠳᠤ ᠬᠦᠷᠴᠦ᠍ ᠬᠣᠯᠪᠣᠭ᠍ᠳᠠᠯ ᠪᠦᠬᠦᠢ ᠪᠠᠢᠳᠠᠯ᠎ᠢ ᠣᠢᠯᠠᠭᠠᠵᠤ᠂ ᠨᠠᠰᠤᠵᠢᠯ᠎ᠤᠨ ᠠᠰᠠᠷᠠᠮᠵᠢ ᠵᠢᠨ ᠠᠵᠤ ᠦᠢᠯᠡᠰ᠎ᠢ ᠪᠣᠢᠵᠢᠭᠤᠯᠬᠤ᠂ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠬᠦᠮᠦᠯᠢᠭ ᠬᠠᠯᠠᠮᠵᠢᠯᠠᠯ᠎ᠢ ᠴᠢᠬᠤᠯᠠᠴᠢᠯᠠᠬᠤ ᠲᠠᠯ᠎ᠠ᠎ᠪᠠᠷ ᠢᠯᠡᠭᠦᠬᠡᠨ ᠬᠦᠴᠦ᠍ ᠣᠷᠣᠭᠤᠯᠵᠤ᠂ ᠨᠡᠢᠭᠡᠮ᠎ᠦᠨ ᠤᠯᠠᠨ ᠲᠡᠰ ᠳᠠᠪᠬᠤᠷᠭ᠎ᠠ᠎ᠶ᠋ᠢᠨ ᠤᠯᠠᠨ ᠶᠠᠩᠵᠤᠴᠢᠯᠠᠬ᠍ᠰᠠᠨ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡᠨ᠎ᠦ ᠬᠡᠷᠡᠭ᠌ᠴᠡᠭᠡ᠎ᠶ᠋ᠢ ᠬᠠᠩᠭᠠᠬᠤ ᠬᠡᠷᠡᠭ᠌ᠲᠡᠢ᠃ ᠳᠤᠯᠠᠭᠠᠯᠠᠭ᠎ᠠ ᠬᠠᠩᠭᠠᠬᠤ ᠶᠠᠰᠤ ᠴᠢᠨᠠᠷ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠥᠨᠳᠥᠷ ᠳᠠᠪᠬᠤᠷᠭᠠᠳᠤ ᠪᠠᠷᠢᠯᠭ᠎ᠠ᠎ᠶ᠋ᠢᠨ ᠲᠦᠶ᠋ᠮᠡᠷ᠎ᠦᠨ ᠠᠶᠤᠯ᠎ᠤᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠬᠦᠴᠢᠷᠳᠡᠯᠲᠡᠶ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠱᠢᠨ᠎ᠡ ᠵᠢᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠪᠠᠶᠠᠷ᠎ᠤᠨ ᠡᠳᠦᠷ᠎ᠢᠶᠡᠨ ᠪᠠᠶᠠᠰᠬᠤᠯᠠᠩ ᠠᠮᠤᠭᠤᠯᠠᠩ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号