ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠠᠡᠭᠬᠠᠨ᠎ᠤ ᠡᠭᠡᠯᠵᠢ ᠵᠢᠨ 62 ᠸᠠᠭᠤᠨ ᠲᠠᠢ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠠᠶᠠᠯᠠᠯ ᠵᠢᠡᠨ ᠡᠬᠢᠯᠡᠬᠦᠯᠪᠡ
2025-12-29 11:11:12
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠠᠡᠭᠬᠠᠨ᠎ᠤ ᠡᠭᠡᠯᠵᠢ ᠵᠢᠨ 《ᠳᠤᠮᠳᠠᠳᠤ ᠤᠯᠤᠰ·ᠬᠥᠬᠡᠬᠣᠲᠠ — ᠣᠷᠣᠰ· ᠡᠧᠯᠧᠺᠲ᠋ᠧᠯᠦᠸᠧᠦ᠋ᠭᠧᠯᠢ》 ᠬᠦᠷᠬᠦ 62 ᠸᠠᠭᠣᠨ ᠲᠠᠢ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠤᠢᠷ᠎ᠠ᠎ᠳᠤ ᠠᠶᠠᠯᠠᠯ ᠵᠢᠡᠨ ᠡᠬᠢᠯᠡᠬᠦᠯᠵᠡᠢ᠂ ᠡᠨᠡ᠎ᠨᠢ ᠬᠥᠬᠡᠬᠣᠲᠠ᠎ᠠᠴᠠ ᠣᠷᠣᠰ᠎ᠯᠤᠭ᠎ᠠ᠎ᠶ᠋ᠢᠨ ᠪᠠᠷᠠᠭᠠᠨ᠎ᠤ ᠭᠦᠶ᠋ᠯᠭᠡᠭᠡ ᠵᠢᠨ ᠨᠡᠪᠲᠡᠷᠡᠬᠦ᠌ ᠵᠠᠮ 《ᠪᠠᠭ᠍ᠲᠠᠭᠠᠮᠵᠢ᠎ᠶ᠋ᠢ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠬᠦ᠌》 ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ᠃

ᠲᠣᠰ ᠡᠭᠡᠯᠵᠢ ᠵᠢᠨ ᠭᠠᠯᠳᠤ ᠲᠡᠷᠭᠡ ᠨᠢ 2206.88 ᠲᠦᠮᠡᠨ ᠲᠥᠭᠥᠷᠢᠭ᠎ᠦᠨ ᠥᠷᠲᠡᠭ ᠪᠦᠬᠦᠢ ᠮᠠᠱᠢᠨ ᠲᠥᠬᠥᠭᠡᠷᠦᠮᠵᠢ᠂ ᠡᠳᠦᠷ ᠲᠤᠲᠤᠮ᠎ᠤᠨ ᠬᠡᠷᠡᠭ᠌ᠯᠡᠭᠡᠨ᠎ᠦ ᠪᠦᠷᠢᠨ ᠪᠠᠷᠠᠭ᠎ᠠ ᠵᠡᠷᠭᠡ ᠥᠨᠳᠥᠷ ᠨᠡᠮᠡᠯᠲᠡ ᠥᠷᠲᠡᠭ ᠪᠥᠬᠥᠶ ᠡᠳ᠋ ᠪᠠᠷᠠᠭ᠎ᠠ᠎ᠶ᠋ᠢ ᠠᠴᠢᠶᠠᠯᠠᠵᠤ᠂ ᠬᠥᠬᠡᠬᠣᠲᠠ᠎ᠶ᠋ᠢᠨ ᠲᠢᠶᠸ ᠲᠦᠡᠭ ᠪᠠᠷᠠᠭᠠᠨ᠎ᠤ ᠬᠦᠢᠯᠭᠡᠭᠡ ᠵᠢᠨ ᠲᠠᠢᠭ᠎ᠠ ᠮᠤᠳᠤ ᠥᠷᠲᠡᠭᠡ᠎ᠡᠴᠡ ᠮᠣᠷᠳᠠᠵᠤ᠂ ᠡᠷᠢᠶᠡᠨ  ᠬᠢᠯᠢ ᠵᠢᠨ ᠪᠣᠭᠣᠮᠲᠠ᠎ᠪᠠᠷ ᠦᠡᠭᠭᠡᠷᠡᠨ᠂ ᠮᠣᠩᠭᠣᠯ ᠤᠯᠤᠰ᠎ᠢᠶᠠᠷ ᠲᠠᠮᠵᠢᠵᠤ᠂ ᠣᠷᠣᠰ᠎ᠤᠨ ᠡᠧᠯᠧᠺᠲ᠋ᠧᠯᠦᠸᠧᠦ᠋ᠭᠧᠯᠢ᠎ᠳ᠋ᠤ ᠬᠦᠷᠦᠨ᠎ᠡ᠃

ᠬᠥᠬᠡᠬᠣᠲᠠ᠎ᠶ᠋ᠢᠨ ᠠᠩᠬᠠᠳᠠᠭ᠍ᠴᠢ 62 ᠸᠠᠭᠤᠨ ᠲᠠᠢ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠲᠡᠮᠦᠷ ᠵᠠᠮ᠎ᠤᠨ ᠲᠣᠪᠴᠢᠶ᠎ᠠ ᠵᠢᠴᠢ ᠰᠠᠢᠬᠠᠨ ᠪᠣᠭᠣᠮᠲᠠ᠎ᠶ᠋ᠢᠨ ᠬᠢᠨ 《ᠤᠷᠢᠳᠴᠢᠯᠠᠨ ᠰᠤᠳᠤᠯᠤᠨ ᠮᠠᠭᠠᠳᠯᠠᠬᠤ + ᠤᠷᠢᠳ᠎ᠢᠶᠠᠷ ᠪᠠᠢᠴᠠᠭᠠᠨ ᠱᠢᠯᠭᠠᠬᠤ》 ᠲᠣᠭ᠍ᠲᠠᠴᠠ᠎ᠶ᠋ᠢ ᠪᠠᠢᠭᠤᠯᠵᠤ᠂ ᠤᠷᠤᠭ᠍ᠰᠢᠲᠠᠶ ᠬᠢᠨᠠᠨ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠥᠨᠳᠥᠷ ᠪᠦᠲᠦᠮᠵᠢᠲᠡᠶ ᠪᠣᠭᠣᠮᠲᠠ᠎ᠪᠠᠷ ᠥᠩᠭᠡᠷᠡᠬᠦ᠌᠎ᠶ᠋ᠢ ᠦᠨᠡᠨ ᠬᠦ᠌ ᠪᠠᠲᠤᠯᠠᠬᠰᠠᠨ ᠪᠠᠢᠨ᠎ᠠ᠃ ᠲᠣᠰ ᠵᠢᠱᠢᠶᠠᠨ᠎ᠤ ᠭᠠᠯᠲᠤ ᠲᠡᠷᠭᠡ᠎ᠨᠢ ᠳᠠᠭᠠᠭᠠᠴᠠ ᠪᠣᠯᠤᠨ ᠸᠠᠭᠤᠨ᠎ᠤ ᠬᠣᠭᠣᠷᠣᠨᠳᠣᠬᠢ ᠵᠠᠶ᠎ᠶ᠋ᠢ ᠣᠨᠣᠪᠴᠢᠲᠠᠶ ᠬᠡᠮᠵᠢᠨ ᠪᠤᠳᠤᠬᠤ᠎ᠪᠠᠷ ᠳᠡᠮᠵᠢᠨ᠂ ᠲᠡᠭᠡᠭᠡᠪᠦᠷᠢ᠎ᠶ᠋ᠢᠨ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠤᠤᠷ᠎ᠠ ᠳᠤᠮᠳᠠᠳᠤ ᠣᠷᠣᠰ᠎ᠤᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ 55 ᠸᠠᠭᠣᠨ᠎ᠤ ᠪᠠᠢᠩᠭᠤ᠎ᠶ᠋ᠢᠨ ᠬᠢᠵᠠᠭᠠᠷᠯᠠᠯ᠎ᠢ ᠡᠪᠳᠡᠵᠦ᠍᠂ 62 ᠸᠠᠭᠣᠨ ᠪᠣᠯᠭᠠᠨ ᠨᠡᠮᠡᠭ᠌ᠳᠡᠭᠦᠯᠵᠦ᠍᠂ ᠥᠩᠭᠡᠷᠡᠭ᠌ᠰᠡᠨ᠎ᠦ 《ᠡᠳ᠋ ᠪᠠᠷᠠᠭ᠎ᠠ᠎ᠶ᠋ᠢ ᠨᠡᠢᠳᠭᠡᠬᠦ᠎ᠳᠤ ᠬᠦᠴᠢᠷᠲᠡᠶ᠂ ᠪᠦᠯᠦᠭ ᠬᠤᠪᠢᠶᠠᠨ ᠲᠡᠭᠡᠭᠡᠪᠦᠷᠢᠯᠡᠬᠦ᠌᠎ᠳᠦ ᠦᠨᠡᠲᠡᠶ》 ᠪᠠᠢᠭ᠍ᠰᠠᠨ ᠬᠦᠴᠢᠷ ᠲᠦᠪᠡᠭ᠌ᠲᠡᠶ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ ᠲᠡᠭᠡᠭᠡᠪᠦᠷᠢ᠎ᠶ᠋ᠢᠨ ᠴᠠᠭ ᠬᠤᠭᠤᠴᠠᠭᠠᠨ᠎ᠤ ᠲᠠᠯ᠎ᠠ᠎ᠪᠠᠷ᠂ ᠡᠷᠢᠶᠡᠨ ᠬᠢᠯᠢ ᠵᠢᠨ ᠪᠣᠭᠣᠮᠲᠠ᠂ ᠵᠠᠮ᠎ᠤᠨ ᠡᠭᠦᠳᠡ ᠬᠢᠯᠢ ᠵᠢᠨ ᠪᠣᠭᠣᠮᠲᠠ᠎ᠳᠤ ᠲᠠᠬᠢᠨ ᠸᠠᠭᠤᠨ ᠲᠤᠬᠢᠷᠠᠭᠤᠯᠬᠤ ᠶᠠᠪᠤᠴᠠ ᠵᠢ ᠦᠭᠡᠢᠰᠭᠡᠭᠰᠡᠨ ᠡᠴᠡ ᠤᠯᠠᠮᠵᠢᠯᠠᠯᠲᠤ ᠵᠠᠭ᠍ᠪᠤᠷ᠎ᠢᠶᠠᠷ ᠪᠠᠷᠠᠭ᠎ᠠ ᠲᠡᠭᠡᠭᠡᠪᠦᠷᠢᠯᠡᠬᠦ᠌ ᠴᠠᠭ᠎ᠢ ᠨᠠᠭᠠᠳᠤ ᠵᠠᠬ᠎ᠠ᠎ᠳᠠᠭᠠᠨ 5 ᠡᠳᠦᠷ ᠤᠷᠢᠳᠴᠢᠯᠠᠭᠤᠯᠵᠤ᠂ ᠡᠵᠡᠩᠨᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠬᠦᠯᠦᠭᠰᠡᠨ ᠵᠢᠡᠷ ᠪᠠᠷᠠᠬᠤ ᠥᠬᠡᠶ᠂ ᠪᠠᠰᠠ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠤᠨ ᠪᠠᠷᠠᠭᠠᠨ᠎ᠤ ᠭᠦᠶ᠋ᠯᠭᠡᠭᠡ ᠵᠢᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠲᠣᠰ ᠭᠠᠵᠠᠷ᠎ᠤᠨ ᠣᠨᠴᠠᠯᠢᠭ᠍ᠲᠤ ᠠᠵᠤ ᠦᠶ᠋ᠯᠡᠰ᠎ᠦᠨ ᠭᠠᠳᠠᠭᠠᠳᠤ᠎ᠳᠤ ᠭᠠᠷᠬᠤ᠎ᠳᠤ ᠥᠨᠳᠥᠷ ᠪᠦᠲᠦᠮᠵᠢᠲᠡᠶ ᠪᠠᠷᠠᠭᠠᠨ᠎ᠤ ᠭᠦᠶ᠋ᠯᠭᠡᠭᠡ ᠵᠢᠨ ᠵᠠᠮ ᠱᠤᠭᠤᠮ᠎ᠢ ᠪᠠᠢᠭᠤᠯᠵᠤ᠂ ᠬᠥᠬᠡᠬᠣᠲᠠ᠎ᠶ᠋ᠢᠨ ᠭᠠᠳᠠᠭᠠᠳᠤ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠲᠣᠭ᠎ᠠ᠎ᠶ᠋ᠢᠨ ᠨᠡᠮᠡᠭ᠌ᠳᠡᠯ᠎ᠢ ᠤᠯᠠᠮ ᠨᠢᠭᠡ ᠠᠯᠬᠤᠮ ᠲᠠᠢᠴᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号