ᠮᠠᠨ᠎ᠤ ᠤᠯᠤᠰ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ 2030 ᠣᠨ ᠪᠣᠯᠬᠤ᠎ᠳᠤ 1500 ᠲᠦᠮᠡᠨ ᠺᠢᠯᠦᠸᠠᠲ ᠣᠷᠴᠢᠮ ᠳ᠋ᠤ ᠬᠦᠷᠭᠡᠬᠦ᠌᠎ᠪᠡᠷ ᠴᠢᠷᠮᠠᠢᠨ᠎ᠠ
2025-12-29 11:20:19
ᠵᠣᠬᠢᠶᠠᠭ᠍ᠴᠢ᠄
ᠸᠠᠩ ᠶᠤᠸᠠᠢ ᠶᠠᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠤᠢᠷ᠎ᠡ ᠵᠢᠨ ᠡᠳᠦᠷ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠤᠯᠤᠰ ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠯᠤᠰ ᠎ᠤᠨ ᠡᠨᠧᠷᠭᠢ᠎ᠶ᠋ᠢᠨ ᠲᠣᠪᠴᠢᠶ᠎ᠠ ᠲᠦᠷᠦᠭᠦᠬᠡᠨ 《ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠎ᠶ᠋ᠢ ᠬᠡᠪᠴᠢᠶᠡᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠬᠤ ᠲᠤᠬᠠᠶ ᠰᠠᠨᠠᠯ᠎ᠤᠳ 》 ᠢ᠋ ᠳᠠᠷᠤᠮᠠᠯᠯᠠᠨ ᠲᠠᠷᠬᠠᠭᠠᠵᠤ᠂ 2030 ᠣᠨ ᠪᠣᠯᠬᠤ᠎ᠳᠤ᠂ ᠮᠠᠨ᠎ᠤ ᠤᠯᠤᠰ᠎ᠤᠨ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ 1500 ᠲᠦᠮᠡᠨ ᠺᠢᠯᠦᠸᠠᠲ ᠣᠷᠴᠢᠮ᠎ᠳᠤ ᠬᠦᠷᠭᠡᠵᠦ᠍᠂ ᠭᠷᠠᠳᠦ᠋ᠰ ᠴᠠᠬᠢᠯᠭᠠᠨ᠎ᠤ ᠥᠪᠡᠷ᠎ᠦᠨ ᠥᠷᠲᠡᠭ᠎ᠢ ᠨᠡᠭᠦᠷᠡᠰᠦ ᠴᠠᠬᠢᠯᠭᠠᠨ᠎ᠲᠠᠶ ᠦᠨᠳᠦᠰᠦᠨ᠎ᠳᠡᠭᠡᠨ ᠠᠳᠠᠯᠢ ᠪᠣᠯᠭᠠᠬᠤ᠎ᠪᠠᠷ ᠴᠢᠷᠮᠠᠢᠨ᠎ᠠ᠃

ᠣᠯᠠᠨ ᠵᠢᠯ᠎ᠦᠨ ᠬᠥᠭ᠌ᠵᠢᠯᠲᠡ᠎ᠪᠡᠷ ᠳᠡᠮᠵᠢᠨ᠂ ᠮᠠᠨ᠎ᠤ ᠤᠯᠤᠰ ᠨᠢᠭᠡᠨᠲᠡ ᠰᠤᠪᠤᠷᠭᠠᠨ ᠮᠠᠶᠢᠭ᠂ ᠬᠤᠪᠢᠯ ᠮᠠᠶᠢᠭ᠂ ᠹᠢᠨ᠋ᠸ᠋ᠯ ᠮᠠᠶᠢᠭ ᠵᠡᠷᠭᠡ ᠭᠤᠤᠯ ᠪᠤᠯᠬᠤ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠮᠡᠷᠭᠡᠵᠢᠯ ᠎ᠢ ᠠᠮᠵᠢᠯᠲᠠ᠎ᠲᠠᠶ ᠡᠵᠡᠮᠱᠢᠵᠦ᠍᠂ ᠨᠢᠭᠡᠨᠲᠡ ᠪᠥᠬᠥ᠌ ᠳᠡᠯᠡᠬᠡᠶ᠎ᠶ᠋ᠢᠨ ᠲᠡᠷᠢᠭᠦᠨ᠎ᠦ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠵᠤ᠂ ᠴᠠᠬᠢᠯᠭᠠᠨ ᠥᠷᠲᠡᠭᠡᠨ᠎ᠦ ᠨᠢᠭᠡᠴᠢ ᠎ᠶ᠋ᠢᠨ ᠺᠢᠯᠦᠸᠠᠲ᠎ᠤᠨ ᠪᠥᠲᠥᠭᠡᠨ ᠪᠠᠢᠭᠤᠯᠤᠯᠲᠠ᠎ᠶ᠋ᠢᠨ ᠥᠪᠡᠷ᠎ᠦᠨ ᠥᠷᠲᠡᠭ 10 ᠵᠢᠯ ᠎ᠦᠨ ᠡᠮᠦᠨ᠎ᠠ 3 ᠲᠦᠮᠡᠨ ᠲᠥᠭᠥᠷᠢᠭ ᠤᠷᠴᠢᠮ ᠪᠠᠢᠭ᠍ᠰᠠᠨ᠎ᠡᠴᠡ᠎ᠪᠠᠨ ᠪᠠᠭᠤᠷᠠᠭᠠᠳ 1.5 ᠲᠦᠮᠡᠨ ᠲᠥᠭᠥᠷᠢᠭ ᠪᠣᠯᠵᠣ᠂ ᠭᠷᠠᠳᠦ᠋ᠰ ᠴᠠᠬᠢᠯᠭᠠᠨ᠎ᠤ ᠥᠪᠡᠷ᠎ᠦᠨ ᠥᠷᠲᠡᠭ ᠪᠠᠭᠤᠷᠠᠭᠠᠳ 0.6 ᠲᠥᠭᠥᠷᠢᠭ ᠣᠷᠴᠢᠮ ᠪᠣᠯᠵᠣ᠂ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠨᠢ ᠨᠢᠭᠡᠨᠲᠡ ᠬᠡᠪᠴᠢᠶᠡᠵᠢᠨ ᠬᠥᠭ᠌ᠵᠢᠬᠦ᠌ ᠰᠠᠭᠤᠷᠢ᠎ᠶ᠋ᠢ ᠠᠩᠬ᠎ᠠ ᠠᠯᠬᠤᠮ ᠪᠦᠷᠢᠯᠳᠦᠭᠦᠯᠦᠭ᠌ᠰᠡᠨ ᠪᠣᠯᠪᠠᠴᠤ᠌ ᠪᠠᠰᠠ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ ᠪᠠᠭᠤᠷᠠᠶ᠂ ᠠᠵᠤ ᠦᠶ᠋ᠯᠡᠰ ᠎ᠦᠨ ᠮᠡᠷᠭᠡᠵᠢᠯ ᠎ᠦᠨ ᠲᠦᠪᠱᠢᠨ ᠎ᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠬᠤ ᠵᠡᠷᠭᠡ ᠠᠰᠠᠭᠤᠳᠠᠯ ᠲᠤᠯᠭᠠᠷᠠᠵᠤ ᠪᠠᠢᠨ᠎ᠠ᠃

ᠬᠡᠷᠡᠯ ᠢᠯᠴᠢ᠎ᠪᠡᠷ ᠴᠠᠬᠢᠯᠭᠠᠨ ᠭᠠᠷᠭᠠᠬᠤ᠎ᠶ᠋ᠢ ᠬᠡᠪᠴᠢᠶᠡᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ᠂ ᠰᠠᠨᠠᠯ᠎ᠳᠤ᠂ ᠲᠥᠯᠥᠪᠵᠢᠭᠦᠯᠦᠨ ᠬᠥᠲᠥᠯᠥᠨ ᠵᠢᠯᠣᠭᠣᠳᠭᠤ᠎ᠶ᠋ᠢ ᠴᠢᠩᠭᠠᠳᠭᠠᠵᠤ᠂ ᠬᠡᠷᠡᠭ᠌ᠯᠡᠯᠳᠡ ᠵᠢᠨ ᠵᠠᠬ᠎ᠠ ᠳᠡᠯᠭᠡᠭᠦᠷ᠎ᠢ ᠪᠣᠢᠵᠢᠭᠤᠯᠬᠤ᠎ᠶ᠋ᠢ ᠴᠢᠩᠭᠠᠳᠭᠠᠵᠤ᠂ ᠱᠢᠰᠲ᠋ᠧᠮ᠎ᠦᠨ ᠲᠤᠯᠭᠠᠭᠤᠷᠢᠯᠠᠨ ᠲᠣᠬᠢᠷᠠᠭᠤᠯᠬᠤ ᠦᠶ᠋ᠯᠡᠳᠦᠯ᠎ᠢ ᠪᠠᠳᠠᠷᠠᠭᠤᠯᠬᠤ᠎ᠶ᠋ᠢ ᠳᠡᠮᠵᠢᠵᠦ᠍᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠶ᠋ᠢ ᠲᠡᠭᠦᠯᠳᠡᠷᠵᠢᠭᠦᠯᠦᠨ᠎ᠡ ᠭᠡᠵᠦ᠍ ᠳᠤᠷᠠᠳᠪᠠ᠃ ᠡᠭᠦᠨ᠎ᠳᠦ᠂ ᠲᠣᠮᠣ ᠬᠡᠯᠪᠡᠷᠢ᠎ᠶ᠋ᠢᠨ ᠡᠨᠧᠷᠭᠢ᠎ᠶ᠋ᠢᠨ ᠰᠠᠭᠤᠷᠢᠨ ᠭᠠᠵᠠᠷ᠎ᠲᠤ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠬᠡᠪᠴᠢᠶ᠎ᠡ᠎ᠶ᠋ᠢ ᠵᠦᠶ ᠵᠣᠬᠢᠰᠲᠠᠶ ᠳᠣᠭᠢᠷᠠᠭᠤᠯᠵᠤ᠂ ᠬᠡᠷᠡᠯ ᠢᠯᠴᠢ᠎ᠪᠡᠷ ᠴᠠᠬᠢᠯᠭᠠᠨ ᠭᠠᠷᠭᠠᠬᠤ᠎ᠪᠠᠷ ᠭᠤᠤᠯ ᠪᠣᠯᠭᠠᠭ᠍ᠰᠠᠨ ᠨᠢᠭᠡ ᠪᠦᠯᠦᠭ ᠲᠤᠯᠭᠠᠭᠤᠷᠢᠯᠠᠨ ᠲᠣᠬᠢᠷᠠᠭᠤᠯᠬᠤ ᠬᠡᠯᠪᠡᠷᠢ᠎ᠶ᠋ᠢᠨ ᠴᠠᠬᠢᠯᠭᠠᠨ ᠥᠷᠲᠡᠭᠡ᠎ᠶ᠋ᠢ ᠪᠥᠲᠥᠭᠡᠨ ᠪᠠᠢᠭᠤᠯᠵᠤ᠂ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠥᠷᠲᠡᠭᠡ᠎ᠪᠡᠷ ᠰᠠᠭᠤᠷᠢ ᠴᠠᠬᠢᠯᠭᠠᠨ ᠡᠭᠦᠰᠭᠡᠭ᠌ᠴᠢ ᠪᠣᠯᠭᠠᠭ᠍ᠰᠠᠨ ᠡᠨᠧᠷᠬᠢ ᠲᠤᠤᠷ ᠳᠠᠭᠠᠭᠠᠴᠠ ᠨᠦᠬᠡᠴᠡ ᠵᠢ ᠨᠢᠭᠡ ᠴᠣᠭ᠍ᠴᠠᠵᠢᠭᠤᠯᠤᠭ᠍ᠰᠠᠨ ᠱᠢᠰᠲ᠋ᠧᠮ ᠵᠡᠷᠭᠡ ᠬᠡᠷᠡᠯ ᠢᠯᠴᠢ᠎ᠶ᠋ᠢᠨ ᠬᠡᠷᠡᠭ᠌ᠯᠡᠯᠳᠡ ᠵᠢᠨ ᠵᠠᠬ᠎ᠠ ᠳᠡᠯᠭᠡᠭᠦᠷ᠎ᠢ ᠪᠣᠢᠵᠢᠭᠤᠯᠬᠤ᠎ᠶ᠋ᠢ ᠰᠦᠪᠡᠭ᠌ᠴᠢᠯᠡᠨ᠎ᠡ᠃

ᠬᠡᠷᠡᠯ ᠢᠯᠴᠢ᠎ᠶ᠋ᠢᠨ ᠪᠠᠯᠠ ᠣᠷᠣᠭᠤᠯᠤᠯᠲᠠ ᠪᠠ ᠴᠠᠬᠢᠯᠭᠠᠨ ᠭᠠᠷᠭᠠᠬᠤ ᠥᠪᠡᠷ᠎ᠦᠨ ᠥᠷᠲᠡᠭ᠎ᠢ ᠪᠠᠭᠤᠷᠠᠭᠤᠯᠬᠤ ᠲᠠᠯ᠎ᠠ᠎ᠪᠠᠷ᠂ ᠰᠠᠨᠠᠯ᠎ᠳᠤ ᠬᠡᠪᠴᠢᠶᠡᠲᠦ ᠦᠶ᠋ᠯᠡᠳᠦᠯ᠎ᠢᠶᠡᠷ ᠳᠠᠮᠵᠢᠭᠤᠯᠤᠨ ᠥᠪᠡᠷ᠎ᠦᠨ ᠥᠷᠲᠡᠭ᠎ᠢ ᠲᠦᠷᠭᠡᠨ ᠪᠠᠭᠤᠷᠠᠭᠤᠯᠬᠤ᠎ᠶ᠋ᠢ ᠳᠠᠢᠴᠢᠯᠠᠵᠤ᠂ ᠮᠡᠷᠭᠡᠵᠢᠯ᠎ᠦᠨ ᠲᠦᠪᠱᠢᠨ᠎ᠦ ᠳᠡᠭᠡᠭ᠌ᠰᠢᠯᠡᠯᠲᠡ᠎ᠶ᠋ᠢ ᠲᠦᠷᠭᠡᠳᠭᠡᠵᠦ᠍ ᠥᠪᠡᠷ᠎ᠦᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠥᠷᠲᠡᠭ᠎ᠢ ᠲᠤᠯᠭᠠᠭᠤᠷᠢᠯᠠᠨ ᠲᠣᠬᠢᠷᠠᠭᠤᠯᠵᠤ ᠠᠱᠢᠭ ᠣᠷᠣᠯᠭ᠎ᠠ᠎ᠶ᠋ᠢ ᠳᠡᠭᠡᠭ᠌ᠰᠢᠯᠡᠭᠦᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ ᠥᠪᠡᠷ᠎ᠦᠨ ᠥᠷᠲᠡᠭ ᠎ᠢ ᠪᠠᠭᠤᠷᠠᠭᠤᠯᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠵᠡᠷᠭᠡ ᠠᠷᠭ᠎ᠠ ᠬᠡᠮᠵᠢᠶ᠎ᠡ᠎ᠶ᠋ᠢ ᠳᠤᠷᠠᠳᠪᠠ᠃

ᠤᠯᠤᠰ᠎ᠤᠨ ᠡᠨᠧᠷᠭᠢ᠎ᠶ᠋ᠢᠨ ᠲᠣᠪᠴᠢᠶᠠᠨ᠎ᠤ ᠬᠣᠯᠪᠣᠭ᠍ᠳᠠᠯ  ᠪᠥᠬᠥᠶ ᠬᠠᠷᠢᠭᠤᠴᠠᠯᠭᠠᠲᠠᠨ᠂ ᠰᠠᠨᠠᠯ᠎ᠳᠤ ᠢᠷᠡᠭᠡᠳᠦᠶ᠎ᠶ᠋ᠢᠨ ᠬᠡᠷᠡᠯ ᠢᠯᠴᠢ ᠎ᠪᠡᠷ ᠴᠠᠬᠢᠯᠭᠠᠨ ᠭᠠᠷᠭᠠᠬᠤ ᠎ᠶ᠋ᠢ ᠬᠡᠪᠴᠢᠶᠡᠵᠢᠭᠦᠯᠦᠨ ᠬᠥᠭ᠌ᠵᠢᠭᠦᠯᠬᠦ᠌ ᠣᠷᠳᠣ ᠬᠤᠭᠤᠴᠠᠭᠠᠨ ᠎ᠤ ᠲᠣᠭ᠍ᠲᠠᠭᠤᠨ ᠬᠥᠭ᠌ᠵᠢᠯᠲᠡ᠎ᠶ᠋ᠢᠨ ᠵᠢᠱ᠌ᠢᠯᠲᠡ᠎ᠶ᠋ᠢ ᠲᠣᠳᠣᠷᠬᠠᠶ ᠲᠣᠭ᠍ᠲᠠᠭᠠᠪᠠ᠂ ᠡᠨᠡ ᠨᠢ ᠡᠬᠢ ᠪᠠᠶᠠᠯᠢᠭ᠎ᠤᠨ ᠡᠯᠧᠮᠧᠨ᠋ᠲ᠎ᠢ ᠬᠥᠲᠥᠯᠥᠨ ᠵᠢᠯᠣᠭᠣᠳᠴᠤ᠌ ᠥᠨᠳᠥᠷ ᠪᠦᠲᠦᠮᠵᠢᠲᠡᠶ᠎ᠪᠡᠷ ᠴᠤᠭ᠍ᠯᠠᠷᠠᠭᠤᠯᠵᠤ᠂ ᠠᠵᠢᠯ ᠲᠥᠷᠥᠯ᠎ᠦᠨ ᠢᠲᠡᠭᠡᠯ᠎ᠢ ᠪᠠᠲᠤᠳᠭᠠᠵᠤ᠂ ᠬᠡᠪᠴᠢᠶᠡᠵᠢᠭᠦᠯᠦᠨ ᠬᠥᠭ᠌ᠵᠢᠭᠦᠯᠬᠦ᠌᠎ᠪᠡᠷ ᠳᠠᠮᠵᠢᠭᠤᠯᠤᠨ᠂ ᠠᠵᠤ ᠦᠶ᠋ᠯᠡᠰ᠎ᠢ ᠰᠠᠢᠨ ᠡᠷᠭᠢᠯᠳᠡ ᠳ᠋ᠤ ᠣᠷᠣᠭᠤᠯᠵᠤ᠂ ᠠᠵᠤ ᠦᠶ᠋ᠯᠡᠰ ᠪᠠ ᠵᠠᠬ᠎ᠠ ᠳᠡᠯᠭᠡᠭᠦᠷ᠎ᠦᠨ ᠪᠣᠯᠪᠠᠰᠤᠷᠠᠩᠭᠤᠶ ᠪᠣᠯᠬᠤ᠎ᠶ᠋ᠢ ᠲᠦᠷᠭᠡᠳᠭᠡᠬᠦ᠌᠎ᠳᠦ ᠠᠱᠢᠭ᠍ᠲᠠᠶ ᠶᠤᠮ᠃ ᠡᠭᠦᠨ᠎ᠡᠴᠡ ᠭᠠᠳᠠᠨ᠎ᠠ᠂ ᠬᠡᠷᠡᠯ ᠢᠯᠴᠢ᠎ᠪᠡᠷ ᠴᠠᠬᠢᠯᠭᠠᠨ ᠭᠠᠷᠭᠠᠬᠤ ᠬᠥᠭ᠌ᠵᠢᠯᠲᠡ᠎ᠶ᠋ᠢ ᠲᠦᠷᠭᠡᠳᠭᠡᠬᠦ᠌ ᠨᠢ ᠮᠠᠨ ᠎ᠤ ᠤᠯᠤᠰ᠎ᠤᠨ ᠴᠠᠬᠢᠯᠭᠠᠨ ᠬᠦᠴᠦᠨ᠎ᠦ ᠱᠢᠰᠲ᠋ᠧᠮ᠎ᠦᠨ ᠤᠶᠠᠨ ᠬᠠᠲᠠᠨ ᠴᠢᠨᠠᠷ ᠪᠠ ᠪᠡᠶ᠎ᠡ ᠪᠡᠨ ᠳᠠᠭᠠᠭᠠᠵᠤ ᠡᠵᠡᠮᠳᠡᠵᠦ᠍ ᠪᠣᠯᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠬᠤ᠂ 《ᠬᠤᠤᠰ ᠨᠡᠭᠦᠷᠡᠰᠦᠲᠥ᠋ᠷᠥᠭ᠌ᠴᠢ 》 ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠲᠡᠶ ᠪᠠᠲᠤᠯᠠᠭ᠎ᠠ ᠬᠠᠩᠭᠠᠬᠤ ᠪᠣᠯᠤᠨ᠎ᠠ ᠭᠡᠵᠤ ᠢᠯᠡᠳᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号