《ᠦᠨᠡᠨᠴᠢ ᠢᠲᠡᠭᠡᠮᠵᠢᠲᠡᠶ ᠡᠵᠡᠩᠨᠡᠯᠲᠡ᠂ ᠰᠠᠨᠠᠭ᠎ᠠ ᠠᠮᠤᠷ ᠬᠡᠷᠡᠭ᠌ᠯᠡᠭᠡ》 ᠶ᠋ᠢᠨ ᠪᠠᠢᠭᠤᠯᠤᠯᠲᠠ ᠵᠢ ᠭᠦᠨᠵᠡᠭᠡᠶ ᠠᠬᠢᠭᠤᠯᠬᠤ ᠶ᠋ᠢᠨ ᠲᠥᠯᠥᠭᠡ ᠬᠥᠬᠡᠬᠣᠲᠠ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ 《ᠢᠷᠡᠯᠲᠡ ᠲᠤᠳᠤᠷᠬᠠᠢ ᠢᠳᠡᠭᠡᠨ + ᠢᠯᠡ ᠲᠤᠳᠤᠷᠬᠠᠢ ᠬᠡᠮᠵᠢᠯᠲᠡ》 ᠶ᠋ᠢᠨ ᠬᠠᠮᠵᠢᠯᠴᠠᠨ ᠠᠬᠢᠭᠤᠯᠬᠤ ᠲᠣᠭ᠍ᠲᠠᠴᠠ ᠶ᠋ᠢ ᠬᠡᠷᠡᠭ᠌ᠵᠢᠭᠦᠯᠵᠦ᠍᠂ ᠬᠡᠷᠡᠭ᠌ᠯᠡᠭ᠌ᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠦᠨᠡᠨ ᠬᠦ᠌ ᠰᠠᠬᠢᠨ ᠬᠠᠮᠠᠭᠠᠯᠠᠵᠤ᠂ ᠣᠯᠠᠨ ᠲᠦᠮᠡᠨ ᠤ᠋ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠢ᠋ ᠦᠷᠭᠦᠯᠵᠢᠯᠡᠨ ᠳᠡᠭᠡᠭ᠌ᠰᠢᠯᠡᠭᠦᠯᠪᠡ᠃
ᠬᠥᠬᠡᠬᠣᠲᠠ ᠠᠰᠠᠭᠤᠳᠠᠯ ᠢ᠋ᠶ᠋ᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠨ᠂ ᠠᠷᠭ᠎ᠠ ᠪᠣᠳᠣᠯᠭ᠎ᠠ ᠵᠢ ᠤᠨᠤᠴᠠᠲᠠᠢ ᠬᠡᠷᠡᠭ᠌ᠵᠢᠭᠦᠯᠵᠦ᠍᠂ ᠱᠤᠸᠠᠩ ᠱᠦ᠍ ᠲᠡᠯᠡᠶ ᠶ᠋ᠢᠨ ᠢᠳᠡᠭᠡᠨ ᠤ᠋ ᠵᠠᠬ᠎ᠠ ᠳᠡᠯᠭᠡᠭᠦᠷ᠂ ᠺᠠᠶ ᠲᠠᠢ ᠮᠢᠬᠠᠨ ᠤ᠋ ᠲᠥᠷᠥᠯ ᠤ᠋ᠨ ᠢᠳᠡᠭᠡᠨ ᠤ᠋ ᠶᠡᠬᠡ ᠲᠢᠩᠬᠢᠮ ᠵᠡᠷᠭᠡ ᠭᠤᠤᠯᠳᠠᠯᠭ᠎ᠠ ᠲᠠᠢ ᠲᠠᠯᠠᠪᠤᠷ ᠢᠳᠡᠭᠡᠨ ᠤ᠋ ᠳᠡᠯᠭᠡᠭᠦᠷᠲᠦ ᠵᠠᠳᠠᠯᠵᠤ ᠲᠣᠭ᠍ᠲᠠᠭᠠᠬᠤ᠂ ᠪᠣᠯᠵᠣᠯᠲᠤ ᠲᠣᠭ᠎ᠠ ᠵᠢ ᠥᠭᠡᠷᠡᠲᠦᠭᠦᠯᠬᠦ ᠲᠦᠭ᠌ᠰᠢᠭᠦᠷᠢ ᠶᠢ ᠮᠡᠳᠡᠭᠡᠯᠡᠬᠦ᠌ ᠵᠡᠷᠭᠡ ᠭᠤᠤᠯᠯᠠᠬᠤ ᠴᠢᠳᠠᠮᠵᠢ ᠪᠥᠬᠥᠶ ᠬᠡᠮ ᠬᠢᠬᠦ᠌ ᠵᠢ ᠰᠡᠷᠭᠡᠢᠯᠡᠬᠦ᠌ ᠡᠯᠧᠺᠲ᠋ᠷᠣᠨ ᠦᠨ᠎ᠡ ᠪᠤᠳᠤᠬᠤ ᠵᠢᠩᠯᠡᠭᠦᠷ ᠢ᠋ ᠡᠩ ᠲᠡᠷᠢᠭᠦᠨ ᠳ᠋ᠤ ᠳᠡᠯᠭᠡᠷᠡᠭᠦᠯᠦᠨ ᠬᠡᠷᠡᠭ᠌ᠯᠡᠵᠦ᠍᠂ ᠵᠠᠬ᠎ᠠ ᠳᠡᠯᠭᠡᠭᠦᠷ ᠤ᠋ᠨ ᠭᠤᠤᠯᠯᠠᠨ ᠡᠷᠭᠢᠯᠡᠭ᠌ᠰᠡᠨ ᠲᠠᠯ᠎ᠠ ᠪᠠ ᠬᠢᠨᠠᠨ ᠬᠠᠮᠢᠶᠠᠷᠬᠤ ᠠᠵᠢᠯᠲᠠᠨ ᠱᠢᠰᠲ᠋ᠧᠮ ᠤ᠋ᠨ ᠠᠷᠤ ᠲᠠᠪᠴᠠᠩ ᠳ᠋ᠤ ᠦᠵᠡᠭ᠌ᠳᠡᠮᠡᠯ ᠬᠠᠮᠢᠶᠠᠷᠤᠯᠲᠠ ᠬᠢᠵᠦ᠍᠂ ᠬᠠᠮᠢᠶᠠᠷᠤᠯᠲᠠ ᠶ᠋ᠢᠨ ᠦᠷ᠎ᠡ ᠪᠦᠲᠦᠮᠵᠢ ᠵᠢ ᠳᠡᠭᠡᠭ᠌ᠰᠢᠯᠡᠭᠦᠯᠦᠨ᠂ ᠮᠡᠷᠭᠡᠵᠢᠯ ᠤ᠋ᠨ ᠲᠠᠯ᠎ᠠ ᠡᠴᠡ ᠵᠢᠩᠯᠡᠭᠦᠷ ᠲᠦ᠍ ᠭᠡᠮ ᠬᠢᠬᠦ ᠵᠢ ᠦᠨᠳᠦᠰᠦᠨ ᠡᠴᠡ ᠨᠢ ᠬᠣᠷᠢᠭ᠍ᠯᠠᠪᠠ᠃ ᠡᠨᠡ ᠬᠦ᠌ ᠪᠣᠯᠪᠠᠰᠤᠷᠠᠩᠭᠤᠶ ᠲᠤᠷᠱᠢᠯᠭ᠎ᠠ ᠪᠡᠷ ᠰᠠᠭᠤᠷᠢ ᠪᠣᠯᠭᠠᠵᠤ᠂ ᠪᠥᠬᠥ᠌ ᠬᠣᠲᠠ ᠶ᠋ᠢᠨ 19 ᠲᠣᠮᠣ ᠳᠤᠮᠳᠠ ᠬᠡᠯᠪᠡᠷᠢ ᠶ᠋ᠢᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ ᠲᠦ᠍ ᠬᠡᠷᠡᠯ ᠵᠢᠷᠤᠭ ᠠᠪᠬᠤ ᠴᠢᠳᠠᠮᠵᠢ ᠲᠠᠢ ᠬᠡᠮ ᠬᠢᠬᠦ᠌ ᠵᠢ ᠰᠡᠷᠭᠡᠢᠯᠡᠬᠦ᠌ ᠡᠯᠧᠺᠲ᠋ᠷᠣᠨ ᠦᠨ᠎ᠡ ᠪᠤᠳᠤᠬᠤ ᠪᠠᠷᠢᠮᠵᠢᠶᠠᠲᠤ ᠵᠢᠩᠯᠡᠭᠦᠷ ᠢ᠋ ᠨᠢᠭᠡᠲᠦᠯᠲᠡᠢ ᠰᠢᠨᠡᠳᠭᠡᠵᠦ᠂ ᠳᠡᠯᠭᠡᠭᠦᠷᠤᠨ ᠡᠯᠧᠺᠲ᠋ᠷᠣᠨ ᠦᠨ᠎ᠡ ᠪᠤᠳᠤᠬᠤ ᠵᠢᠩᠯᠡᠭᠦᠷ ᠲᠠᠢ ᠰᠦᠯᠵᠢᠶᠡᠵᠢᠭᠦᠯᠦᠨ ᠬᠠᠮᠢᠶᠠᠷᠴᠤ᠂ ᠲᠡᠭᠦᠨ ᠤ᠋ ᠲᠡᠮᠳᠡᠭ᠌ᠯᠡᠭ᠌ᠰᠡᠨ ᠠᠷᠠᠯᠵᠢᠶᠠᠨ ᠤ᠋ ᠮᠡᠳᠡᠭᠡ ᠵᠠᠩᠭᠢ ᠪᠠ ᠬᠤᠳᠠᠯᠳᠤᠭᠠᠴᠢᠨ ᠤ᠋ ᠬᠤᠳᠠᠯᠳᠤᠭ᠍ᠰᠠᠨ ᠲᠣᠭ᠎ᠠ ᠪᠠᠷᠢᠮᠲᠠ ᠶ᠋ᠢᠨ ᠱᠢᠭᠤᠳ ᠬᠠᠷᠢᠴᠠᠭᠤᠯᠤᠯ ᠢ᠋ ᠠᠷᠤ ᠲᠠᠪᠴᠠᠩ ᠳᠦ ᠦᠯᠡᠳᠡᠭᠡᠨ ᠬᠠᠳᠠᠭᠠᠯᠠᠵᠤ᠂ ᠬᠡᠷᠡᠭ᠌ᠯᠡᠭᠡ ᠵᠢᠨ ᠡᠷᠬᠡ ᠪᠠᠨ ᠬᠠᠮᠠᠭᠠᠯᠠᠬᠤ ᠳ᠋ᠤ ᠡᠷᠬᠡ ᠰᠦᠷᠲᠦ ᠦᠨᠳᠦᠰᠦᠯᠡᠯ ᠬᠠᠩᠭᠠᠵᠤ ᠪᠤᠢ᠃ ᠡᠭᠦᠨ ᠤ᠋ ᠬᠠᠮᠲᠤ ᠪᠠᠷᠢᠮᠵᠢᠶᠠᠲᠤ ᠵᠢᠩᠯᠡᠭᠦᠷ ᠤ᠋ᠨ ᠣᠷᠣᠨ ᠳ᠋ᠤ ᠬᠢᠨᠠᠨ ᠡᠵᠡᠮᠳᠡᠬᠦ᠌ ᠳᠦᠷᠰᠦ ᠰᠢᠨᠭᠭᠡᠭᠡᠭᠦᠷ ᠲᠤᠬᠢᠷᠠᠭᠤᠯᠤᠨ ᠬᠡᠷᠡᠭ᠌ᠯᠡᠭ᠌ᠴᠢ ᠶ᠋ᠢᠨ ᠳᠠᠬᠢᠨ ᠵᠢᠨᠭᠯᠡᠬᠦ ᠪᠦᠬᠦ᠌ ᠶᠠᠪᠤᠴᠠ ᠵᠢ ᠲᠡᠮᠳᠡᠭ᠌ᠯᠡᠨ᠂ ᠢᠷᠡᠯᠲᠡ ᠲᠤᠳᠤᠷᠬᠠᠢ ᠢᠳᠡᠭᠡᠨ ᠤ᠋ ᠬᠢᠨᠠᠯᠲᠠ ᠬᠠᠮᠢᠶᠠᠷᠤᠯᠲᠠ ᠶ᠋ᠢᠨ ᠲᠠᠪᠴᠠᠩ ᠳᠦ ᠴᠠᠭ ᠲᠤᠬᠠᠶ ᠳ᠋ᠤᠨᠢ ᠳᠠᠮᠵᠢᠭᠤᠯᠵᠦ᠂ ᠬᠡᠮᠵᠢᠯᠲᠡ ᠶ᠋ᠢᠨ ᠠᠵᠢᠯᠯᠠᠭᠠᠨ ᠤ᠋ ᠪᠥᠬᠥ᠌ ᠬᠡᠯᠬᠢᠶ᠎ᠡ ᠵᠢ ᠵᠢᠷᠤᠮᠵᠢᠭᠤᠯᠤᠨ ᠬᠠᠮᠢᠶᠠᠷᠤᠨ ᠡᠵᠡᠮᠳᠡᠬᠦ᠌ ᠵᠢ ᠪᠡᠶᠡᠯᠡᠭᠦᠯᠦᠨ᠂ ᠵᠠᠬ᠎ᠠ ᠳᠡᠯᠭᠡᠭᠦᠷ ᠤ᠋ᠨ ᠠᠷᠠᠯᠵᠢᠶᠠᠨ ᠤ᠋ ᠡᠷᠬᠡ ᠲᠡᠭ᠌ᠰᠢ ᠲᠥᠪ ᠭᠤᠤᠯᠴᠢ ᠪᠠᠢᠬᠤ ᠵᠢ ᠪᠦᠲᠦᠮᠵᠢᠲᠡᠶ ᠪᠠᠲᠤᠯᠠᠵᠤ᠂ ᠬᠡᠷᠡᠭ᠌ᠯᠡᠭ᠌ᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠪᠠᠲᠤᠯᠠᠵᠤ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号