ᠪᠦᠬᠦ᠌ ᠬᠡᠯᠬᠢᠶ᠎ᠡ᠎ᠪᠡᠷ ᠬᠦᠴᠦᠯᠡᠵᠦ᠍ ᠠᠮᠤ ᠪᠤᠳᠠᠭᠠᠨ᠎ᠤ ᠠᠮᠤᠷ ᠲᠦᠪᠱᠢᠨ᠎ᠢ ᠭᠠᠷ ᠬᠣᠯᠪᠣᠨ ᠬᠠᠮᠠᠭᠠᠯᠠᠪᠠ
2025-12-29 11:07:19
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— 2025 ᠤᠨ ᠤ᠋ ᠠᠮᠤ ᠪᠤᠳᠠᠭ᠎ᠠ ᠪᠤᠯᠤᠨ ᠴᠢᠬᠤᠯᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠢ᠋ ᠲᠤᠭᠳᠠᠪᠤᠷᠢᠵᠢᠭᠤᠯᠵᠤ ᠬᠠᠩᠭᠠᠯᠭ᠎ᠠ ᠵᠢ ᠪᠠᠳᠤᠯᠠᠭᠰᠠᠨ ᠡᠮᠦᠨ᠎ᠠ ᠹᠷᠤᠨᠲ ᠤ᠋ᠨ ᠠᠵᠢᠭᠯᠠᠯᠳᠠ


ᠠᠮᠤ ᠪᠤᠳᠠᠭᠠᠨ᠎ᠤ ᠠᠮᠤᠷ ᠲᠦᠪᠱᠢᠨ ᠪᠣᠯ 《 ᠤᠯᠤᠰ᠎ᠤᠨ ᠶᠡᠬᠡ ᠶᠠᠪᠤᠳᠠᠯ》 ᠮᠦᠨ᠃

ᠨᠢᠳᠤᠨᠤᠨ᠎ᠤ 12 ᠰᠠᠷ᠎ᠠ᠎ᠳᠤ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ ᠶᠡᠷᠦᠩᠬᠡᠶ ᠱᠦᠵᠢ ᠰᠢ ᠵᠢᠨ ᠫᠢᠩ 《 ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ 》 ᠤ᠋ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ ᠥᠭ᠌ᠴᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ ᠢ᠋ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ᠎ᠠᠵᠢᠯ᠎ᠢ ᠰᠠᠢᠳᠤᠷ ᠬᠢᠬᠦ ᠬᠡᠷᠡᠭ᠌ᠲᠡᠶ ᠭᠡᠵᠦ᠍ ᠴᠢᠬᠤᠯᠠᠴᠢᠯᠠᠪᠠ᠃

ᠤᠳᠠᠯ ᠥᠬᠡᠶ ᠥᠩᠭᠡᠷᠡᠬᠦ᠌ ᠭᠡᠵᠦ᠍ ᠪᠠᠢᠭ᠎ᠠ 2025 ᠣᠨ᠎ᠢ ᠡᠷᠭᠢᠴᠡᠭᠦᠯᠬᠦ᠌᠎ᠳᠦ᠂ ᠮᠠᠨ᠎ᠤ ᠤᠯᠤᠰ᠎ᠤᠨ ᠠᠮᠤ ᠪᠤᠳᠠᠭᠠᠨ᠎ᠤ ᠤᠨᠠᠯᠳᠠ ᠬᠠᠪᠤᠷ᠎ᠤᠨ ᠭᠠᠩ ᠬᠠᠭ᠍ᠰᠠᠷᠠᠭᠠᠨ᠂ ᠥᠨᠳᠥᠷ ᠳᠤᠯᠠᠭᠠᠨ᠂ ᠨᠠᠮᠤᠷ ᠎ᠤᠨ ᠦᠷᠭᠦᠯᠵᠢᠯᠡᠭ᠌ᠰᠡᠨ ᠪᠦᠷᠬᠦᠭ ᠪᠣᠷᠣᠭᠠᠨ ᠵᠡᠷᠭᠡ ᠭᠠᠮᠱᠢᠭ᠎ᠤᠨ ᠨᠥᠯᠥᠭᠡ᠎ᠳᠦ ᠤᠴᠠᠷᠠᠪᠠ᠃ ᠡᠯ᠎ᠡ ᠭᠠᠵᠠᠷ ᠎ᠤᠨ ᠬᠢᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ  ᠢ᠋ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ᠎ᠶ᠋ᠢ ᠬᠡᠷᠬᠢᠨ ᠪᠡᠶᠡᠯᠡᠭᠦᠯᠦᠭᠰᠡᠨ ᠪᠤᠢ? ᠰᠤᠷᠪᠤᠯᠵᠢᠯᠠᠭ᠍ᠴᠢ ᠡᠮᠦᠨ᠎ᠠ ᠹᠷᠣᠨᠲ᠎ᠲᠤ ᠭᠦᠨᠵᠡᠭᠡᠢᠷᠡᠨ ᠪᠠᠢᠴᠠᠭᠠᠨ ᠰᠤᠳᠤᠯᠪᠠ᠃

ᠲᠠᠯᠠᠪᠠᠢ᠎ᠶ᠋ᠢ ᠪᠠᠲᠤᠯᠠᠵᠤ᠂ ᠲᠠᠯᠠᠪᠠᠢ ᠨᠢᠭᠡᠴᠢ ᠵᠢᠨ ᠤᠨᠠᠯᠲᠠ᠎ᠶ᠋ᠢ ᠳᠡᠭᠡᠭᠰᠢᠯᠡᠭᠦᠯᠵᠤ᠂ ᠲᠠᠷᠢᠶᠠᠯᠠᠩ᠎ᠤᠨ ᠦᠢᠯᠡᠳᠪᠦᠷᠢᠯᠡᠯ᠎ᠢ ᠪᠦᠬᠦ᠌ ᠬᠦᠴᠦᠨ᠎ᠢᠶᠡᠷ᠎ᠢᠶᠡᠨ ᠪᠠᠲᠤᠯᠠᠪᠠ

ᠡᠪᠦᠯ᠎ᠦᠨ ᠲᠤᠢᠯ ᠰᠠᠶᠢᠬᠠᠨ ᠦᠩᠭᠡᠷᠡᠵᠤ᠂ ᠭᠠᠳᠠᠨ᠎ᠠ ᠴᠠᠰᠤ ᠪᠠᠭᠤᠪᠠ᠃ ᠯᠢᠶᠣᠤᠨᠢᠩ ᠮᠤᠵᠢ᠎ᠶ᠋ᠢᠨ ᠹᠦᠱᠢᠨ᠎ᠤ ᠮᠣᠩᠭᠣᠯ ᠦᠨᠳᠦᠰᠦᠲᠡᠨ᠎ᠦ ᠥᠪᠡᠷᠲᠡᠭᠡᠨ ᠵᠠᠰᠠᠬᠤ ᠱᠢᠶᠠᠨ᠎ᠤ ᠲᠦᠩ ᠳ᠋ᠡ ᠲᠠᠷᠢᠶᠠᠯᠠᠩ᠎ᠤᠨ ᠮᠠᠱᠢᠨ᠎ᠤ ᠲᠤᠰᠭᠠᠢ ᠬᠤᠷᠱᠢᠶ᠎ᠠ᠎ᠶ᠋ᠢᠨ ᠠᠮᠤ ᠪᠤᠳᠠᠭᠠᠨ᠎ᠤ ᠬᠥᠮᠥᠷᠭᠡ᠎ᠳᠦ᠂ ᠠᠯᠳᠠᠨ ᠰᠢᠷᠭᠠᠯ ᠡᠷᠳᠡᠨᠢ ᠱᠢᠰᠢ ᠠᠭᠤᠯᠠ ᠰᠢᠬ ᠤᠪᠤᠭᠠᠷᠠᠨ᠎ᠠ᠃

《ᠡᠨᠡ ᠵᠢᠯ ᠡᠯᠪᠡᠭ ᠬᠤᠷᠢᠶᠠᠯᠲᠠ᠎ᠤᠯᠵᠠᠢ! ᠬᠤᠷᠱᠢᠶ᠎ᠠ᠎ᠶ᠋ᠢᠨ 3000 ᠮᠦ᠍ ᠡᠷᠳᠡᠨᠢ ᠱᠢᠰᠢ᠎ᠶ᠋ᠢ ᠴᠥᠮ ᠨᠢᠭ᠍ᠲᠠᠷᠠᠭᠤᠯᠤᠨ ᠲᠠᠷᠢᠬᠤ ᠮᠡᠷᠭᠡᠵᠢᠯ᠎ᠢ ᠬᠡᠷᠡᠭ᠌ᠯᠡᠵᠦ᠍᠂ ᠤᠰᠤ ᠪᠤᠷᠳᠤᠭᠤᠷ᠎ᠢ ᠨᠢᠭᠡ ᠴᠤᠬ᠍ᠴᠠᠵᠢᠭᠤᠯᠤᠨ ᠬᠠᠮᠢᠶᠠᠷᠴᠤ᠂ ᠮᠦ᠍ ᠪᠦᠷᠢ᠎ᠶ᠋ᠢᠨ ᠤᠨᠠᠯᠲᠠ ᠨᠢᠳᠤᠨᠤᠨ᠎ᠤ ᠬᠢ᠎ᠡᠴᠡ ᠪᠠᠰᠠ ᠨᠡᠮᠡᠭᠳᠡᠵᠤ᠂ ᠰᠠᠢ᠌ᠨ ᠲᠠᠷᠢᠶᠠᠨ ᠭᠠᠵᠠᠷ 2400 ᠭᠠᠷᠤᠢ ᠵᠢᠩ᠎ᠳᠦ ᠬᠦᠷᠪᠡ!》᠂ ᠡᠨᠡ ᠵᠢᠯ᠎ᠦᠨ ᠠᠮᠤ ᠪᠤᠳᠠᠭᠠᠨ᠎ᠤ ᠤᠨᠠᠯᠳᠠ ᠵᠢᠨ ᠲᠤᠬᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠮᠠ ᠯᠢᠶᠠᠩ ᠪᠠᠶᠠᠷᠲᠠᠶ ᠶᠠᠷᠢᠨ᠎ᠠ᠃

ᠡᠨᠡ ᠵᠢᠯ ᠬᠠᠪᠤᠷ ᠭᠠᠩᠳᠠᠵᠤ᠂ ᠵᠤᠨ ᠪᠣᠷᠣᠭᠠᠨ ᠵᠢᠭᠠᠬᠠᠨ ᠠᠷᠪᠢᠳᠠᠵᠤ᠂ ᠲᠤᠬᠠᠶ᠎ᠶ᠋ᠢᠨ ᠭᠠᠵᠠᠷ᠎ᠤᠨ ᠲᠠᠷᠢᠶᠠᠯᠠᠩ ᠎ᠤᠨ ᠦᠢᠯᠡᠳᠪᠦᠷᠢᠯᠡᠯ ᠎ᠳᠦ ᠪᠠᠭ᠎ᠠ ᠪᠤᠰᠤ ᠥᠷᠢᠰᠥᠯᠳᠦᠭᠡᠨ ᠠᠪᠴᠢᠷᠠᠵᠠᠢ᠃ ᠮᠠ ᠯᠢᠶᠠᠩ᠂ ᠹᠦᠱᠢᠨ ᠬᠤᠲᠠ ᠲᠠᠷᠢᠶᠠᠯᠠᠩ᠎ᠤᠨ ᠲᠠᠯᠠᠪᠠᠢ ᠨᠢᠭᠡᠴᠢ ᠵᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠤᠰᠭᠠᠢ ᠮᠡᠷᠭᠡᠵᠢᠯᠲᠡᠨ᠎ᠦ ᠦᠢᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠤᠨ ᠲᠠᠷᠢᠶᠠᠨ ᠭᠠᠵᠠᠷ᠎ᠲᠤ ᠭᠦᠨᠵᠡᠭᠡᠢᠷᠡᠵᠦ᠍᠂ ᠲᠠᠷᠢᠶᠠᠴᠢᠨ ᠡᠷᠦᠬᠡ᠎ᠶ᠋ᠢ ᠵᠢᠯᠣᠭᠣᠳᠤᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠂ ᠡᠪᠡᠳᠴᠢᠨ ᠬᠣᠷᠣᠬᠠᠢ᠎ᠶ᠋ᠢᠨ ᠬᠥᠨᠥᠭᠡᠯ᠎ᠢ ᠰᠡᠷᠭᠡᠢᠯᠡᠨ ᠵᠠᠰᠠᠬᠤ᠂ ᠨᠠᠯᠠᠵᠤ ᠤᠨᠠᠬᠤ᠎ᠶ᠋ᠢ ᠰᠡᠷᠭᠡᠢᠯᠡᠬᠦ ᠵᠡᠷᠭᠡ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠠᠮᠤ ᠪᠤᠳᠠᠭᠠᠨ ᠎ᠤ  ᠲᠠᠯᠠᠪᠠᠢ ᠨᠢᠭᠡᠴᠢ ᠵᠢᠨ ᠤᠨᠠᠯᠲᠠ᠎ᠶ᠋ᠢ ᠪᠦᠲᠦᠮᠵᠢᠲᠡᠢ ᠳᠡᠭᠡᠭ᠌ᠰᠢᠯᠡᠭᠦᠯᠪᠡ ᠭᠡᠵᠠᠢ᠃

ᠵᠢᠯ ᠎ᠤᠨ ᠡᠬᠢᠨ ᠎ᠡᠴᠡ ᠨᠠᠭᠠᠰᠢ᠂ ᠮᠠᠨ᠎ᠤ ᠤᠯᠤᠰ ᠎ᠤᠨ ᠠᠮᠤ ᠪᠤᠳᠠᠭᠠᠨ᠎ᠤ ᠦᠢᠯᠡᠳᠪᠦᠷᠢᠯᠡᠯ ᠣᠯᠠᠨ ᠵᠦᠶ᠋ᠯ᠎ᠦᠨ ᠪᠠᠢᠭᠠᠯᠢ᠎ᠶ᠋ᠢᠨ ᠭᠠᠮᠱᠢᠭ ᠎ᠤᠨ ᠨᠥᠯᠥᠭᠡ᠎ᠶ᠋ᠢ ᠥᠩᠭᠡᠷᠡᠭᠡᠭ᠌ᠰᠡᠨ ᠪᠣᠯᠪᠠᠴᠤ᠌ ᠤᠨᠠᠯᠲᠠ᠎ᠨᠢ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠨᠢᠳᠤᠨᠤᠨ 1.4 ᠲᠦᠮᠡᠨ ᠳ᠋ᠦᠩᠱᠢᠭᠤᠷ ᠵᠢᠩ ᠳ᠋ᠤ ᠬᠦᠷᠦᠭᠰᠡᠨ ᠪᠠᠢᠳᠠᠯ ᠳᠠᠬᠢᠨᠳᠡ ᠶᠡᠬᠡ ᠪᠡᠷ ᠨᠡᠮᠡᠭᠳᠡᠵᠤ᠂ 14297.5 ᠳ᠋ᠦᠩᠱᠢᠭᠤᠷ ᠵᠢᠩ᠎ᠳᠦ ᠬᠦᠷᠴᠡᠶ᠃

ᠡᠭᠦᠨ᠎ᠦ ᠠᠷᠤ᠎ᠳᠠᠬᠢ ᠴᠢᠬᠤᠯᠠ ᠲᠤᠯᠭᠠᠭᠤᠷᠢᠯᠠᠯ ᠪᠣᠯ ᠤᠯᠤᠰ ᠡᠴᠡ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠠᠮᠤ ᠪᠤᠳᠠᠭ᠎ᠠ ᠳᠠᠷᠢᠬᠤ ᠲᠠᠯᠠᠪᠠᠶ᠎ᠶ᠋ᠢ ᠳᠡᠭᠡᠭ᠌ᠰᠢᠯᠡᠭᠦᠯᠵᠤ᠂ ᠡᠯ᠎ᠡ ᠭᠠᠵᠠᠷ᠎ᠤᠨ᠎ᠬᠢᠨ ᠠᠮᠤ ᠪᠤᠳᠠᠭᠠᠨ᠎ᠤ ᠲᠠᠯᠠᠪᠠᠢ ᠨᠢᠭᠡᠴᠢ ᠵᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠎ᠢ ᠬᠡᠷᠡᠭ᠌ᠵᠢᠭᠦᠯᠬᠦ᠌ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠵᠦᠶ ᠵᠣᠬᠢᠰᠲᠠᠶ᠎ᠪᠠᠷ ᠨᠢᠭ᠍ᠲᠠᠷᠠᠭᠤᠯᠤᠨ ᠲᠠᠷᠢᠬᠤ᠂ ᠤᠰᠤ ᠪᠣᠷᠲᠣᠭᠣᠷ᠎ᠢ ᠨᠢᠭᠡ ᠴᠣᠭ᠍ᠴᠠᠵᠢᠭᠤᠯᠬᠤ ᠵᠡᠷᠭᠡ ᠮᠡᠷᠭᠡᠵᠢᠯ᠎ᠢ ᠳᠡᠯᠭᠡᠷᠡᠭᠦᠯᠬᠦ᠌ ᠵᠢ ᠴᠢᠩᠭᠠᠷᠠᠭᠤᠯᠵᠤ᠂ ᠠᠮᠤ ᠪᠤᠳᠠᠭᠠᠨ᠎ᠤ ᠲᠠᠯᠠᠪᠠᠢ ᠨᠢᠭᠡᠴᠢ ᠵᠢᠨ ᠤᠨᠠᠯᠲᠠ᠎ᠶ᠋ᠢᠨ ᠲᠦᠪᠱᠢᠨ᠎ᠦ ᠦᠷᠭᠦᠯᠵᠢᠯᠡᠨ ᠨᠡᠮᠡᠭ᠌ᠳᠡᠬᠦ᠌᠎ᠶ᠋ᠢ ᠠᠬᠢᠭᠤᠯᠤᠭᠰᠠᠨ ᠳ᠋ᠤ ᠪᠠᠢᠨ᠎ᠠ᠃

ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠪᠥᠬᠥ᠌ ᠤᠯᠤᠰ᠎ᠤᠨ ᠠᠮᠤ ᠪᠤᠳᠠᠭᠠᠨ᠎ᠤ ᠮᠥ᠍ ᠪᠦᠷᠢ᠎ᠶ᠋ᠢᠨ ᠤᠨᠠᠯᠲᠠ 399.1 ᠺᠢᠯᠣᠭ᠌ᠷᠠᠮ ᠪᠠᠢᠵᠤ᠂ ᠳᠡᠭᠡᠷ᠎ᠠ ᠵᠢᠯ᠎ᠦᠨ᠎ᠬᠢ᠎ᠡᠴᠡ 4.4 ᠺᠢᠯᠣᠭ᠌ᠷᠠᠮ ᠨᠡᠮᠡᠭ᠌ᠳᠡᠵᠦ᠍᠂ 1.1%  ᠨᠡᠮᠡᠭ᠌ᠳᠡᠪᠡ᠃ ᠡᠭᠦᠨ᠎ᠳᠦ ᠡᠷᠳᠡᠨᠢ ᠱᠢᠰᠢ ᠲᠠᠷᠢᠬᠤ ᠲᠠᠯᠠᠪᠠᠢ 6.74 ᠳ᠋ᠦᠩᠱᠢᠭᠤᠷ ᠮᠦ᠍᠎ᠳᠦ ᠬᠦᠷᠴᠦ᠍᠂ ᠳᠡᠭᠡᠷ᠎ᠡ ᠵᠢᠯ᠎ᠦᠨ ᠬᠢ᠎ᠡᠴᠡ 330.1 ᠲᠦᠮᠡᠨ ᠮᠦ᠍ ᠨᠡᠮᠡᠭ᠌ᠳᠡᠵᠦ᠍᠂ ᠭᠤᠷᠪᠠᠨ ᠵᠢᠯ ᠳᠠᠷᠠᠭᠠᠯᠠᠨ ᠨᠡᠯᠢᠶᠡᠳ ᠶᠡᠬᠡ ᠨᠡᠮᠡᠭ᠌ᠳᠡᠯ᠎ᠢ ᠪᠡᠶᠡᠯᠡᠭᠦᠯᠪᠡ; ᠲᠠᠯᠠᠪᠠᠶ ᠨᠢᠭᠡᠴᠢ᠎ᠶ᠋ᠢᠨ ᠤᠨᠠᠯᠲᠠ 446.7 ᠺᠢᠯᠣᠭ᠌ᠷᠠᠮ᠎ᠳᠤ ᠬᠦᠷᠴᠦ᠍᠂ ᠳᠡᠭᠡᠷ᠎ᠡ ᠵᠢᠯ᠎ᠦᠨ᠎ᠬᠢ᠎ᠡᠴᠡ 7.2 ᠺᠢᠯᠣᠭ᠌ᠷᠠᠮ ᠨᠡᠮᠡᠭ᠌ᠳᠡᠪᠡ᠃

ᠬᠤᠳᠠᠯᠳᠤᠨ ᠠᠪᠴᠤ᠌ ᠨᠥᠭᠡᠴᠡᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠮᠤ ᠪᠤᠳᠠᠭ᠎ᠠ᠎ᠶ᠋ᠢ ᠨᠠᠩ ᠰᠠᠢᠨ ᠬᠥᠮᠥᠷᠭᠡᠯᠡᠪᠡ

ᠡᠨᠡ ᠬᠡᠳᠦᠨ ᠡᠳᠦᠷ᠂ ᠠᠨᡁᠦᠶ᠋ᠢ ᠮᠤᠵᠢ᠎ᠶ᠋ᠢᠨ ᠴᠢᠤᠸᠠᠨ ᠵᠢᠶᠤᠤ ᠱᠢᠶᠠᠨ᠎ᠤ ᠢ ᠹᠸᠩ ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠢ᠎ᠶ᠋ᠢᠨ ᠬᠠᠷᠢᠭᠤᠴᠠᠯᠭᠠᠲᠠᠨ ᠵᠠᠩ ᠱᠢᠤᠸᠠᠢ ᠹᠸᠩ ᠲᠤᠲᠤᠷᠭ᠎ᠠ᠎ᠪᠠᠨ ᠪᠣᠷᠣᠯᠠᠭᠤᠯᠬᠤ᠎ᠪᠠᠷ ᠶᠠᠭᠠᠷᠠᠵᠤ ᠪᠠᠢᠯ᠎ᠠ᠃  《ᠲᠦᠷᠦᠭᠦᠬᠡᠨ ᠪᠢᠳᠡ ᠠᠮᠤ ᠪᠤᠳᠠᠭᠠᠨ᠎ᠤ ᠦᠶ᠋ᠯᠡᠳᠪᠦᠷᠢ᠎ᠳᠦ 600 ᠲᠦᠮᠡᠨ ᠵᠢᠩ ᠲᠤᠲᠤᠷᠭ᠎ᠠ ᠬᠤᠳᠠᠯᠳᠤᠪᠠ᠂ ᠣᠲᠣ ᠱᠢᠶᠠᠨ᠎ᠤ ᠱᠠᠲᠤᠨ᠎ᠤ ᠨᠥᠭᠡᠴᠡ ᠠᠮᠤ ᠵᠢ ᠰᠤᠯᠢᠬᠤ ᠡᠭᠡᠯᠵᠢᠯᠡᠯᠲᠡ ᠴᠦ᠍ ᠡᠬᠢᠯᠡᠪᠡ᠂ ᠬᠠᠳᠠᠭ᠍ᠰᠠᠨ ᠦᠨ᠎ᠡ ᠨᠢ ᠵᠢᠩ ᠪᠦᠷᠢ᠎ᠳᠡᠭᠡᠨ 1.29 ᠲᠥᠭᠥᠷᠢᠭ᠂ ᠡᠨᠡ ᠵᠢᠯ᠎ᠦᠨ ᠦᠨ᠎ᠡ᠎ᠳᠦ ᠮᠠᠰᠢ ᠬᠠᠨᠤᠮᠵᠢᠲᠠᠶ ᠪᠠᠢᠨ᠎ᠠ》 ᠭᠡᠵᠦ᠍ ᠵᠠᠩ ᠱᠢᠤᠸᠠᠢ ᠹᠸᠩ ᠬᠡᠯᠡᠨ᠎ᠡ᠃

9 ᠰᠠᠷ᠎ᠠ᠎ᠶ᠋ᠢᠨ ᠰᠡᠭᠦᠯᠴᠢ᠎ᠪᠡᠷ᠂ ᠲᠤᠬᠠᠢ᠎ᠶ᠋ᠢᠨ ᠭᠠᠵᠠᠷ᠎ᠤᠨ ᠬᠢᠨ ᠬᠤᠷᠢᠶᠠᠯᠲᠠ᠎ᠶ᠋ᠢᠨ ᠤᠯᠠᠷᠢᠯ᠎ᠳᠤ ᠵᠠᠯᠭᠠᠭ᠎ᠠ᠎ᠪᠠᠷ ᠪᠦᠷᠬᠦᠭ ᠪᠣᠷᠣᠭᠠᠨ ᠣᠷᠣᠵᠤ᠂ ᠲᠠᠷᠢᠶᠠᠨ᠎ᠭᠠᠵᠠᠷ ᠲᠤ᠌  ᠪᠣᠯᠪᠠᠰᠤᠷᠠᠭ᠍ᠰᠠᠨ ᠲᠤᠲᠤᠷᠭ᠎ᠠ ᠬᠤᠷᠢᠶᠠᠬᠤ᠎ᠳᠤ ᠬᠦᠴᠢᠷ᠎ᠡᠴᠡ ᠪᠤᠯᠵᠦ᠍ ᠨᠠᠬᠢᠶᠠᠯᠠᠬᠤ ᠠᠶᠤᠯ᠎ᠳᠤ ᠲᠤᠯᠭᠠᠷᠠᠪᠠ᠃ ᠵᠠᠩ ᠱᠢᠤᠸᠠᠢ ᠹᠧᠩ᠂ ᠶᠠᠭ ᠵᠣᠪᠠᠵᠤ ᠪᠠᠢᠭ᠍ᠰᠠᠨ ᠦᠶ᠎ᠡ᠎ᠳᠦ᠂ ᠲᠣᠰᠭᠣᠨ᠎ᠤ ᠠᠷᠠᠳ᠎ᠤᠨ ᠵᠥᠪᠯᠡᠯ ᠪᠤᠰᠤᠳ ᠭᠠᠵᠠᠷ ᠣᠷᠣᠨ᠎ᠡᠴᠡ ᠭᠢᠨᠵᠢᠲᠦ ᠬᠡᠯᠪᠡᠷᠢ᠎ᠶ᠋ᠢᠨ ᠬᠠᠳᠤᠵᠤ ᠬᠤᠷᠢᠶᠠᠬᠤ ᠮᠠᠱᠢᠨ᠎ᠠᠪᠴᠢᠷᠠᠵᠤ᠂ ᠬᠠᠮᠤᠭ᠎ᠤᠨ ᠣᠯᠠᠨ᠎ᠦᠶ᠎ᠠ ᠳ᠋ᠤ 8 ᠬᠠᠳᠤᠵᠤ ᠬᠤᠷᠢᠶᠠᠬᠤ ᠮᠠᠱᠢᠨ᠎ᠢ ᠵᠡᠷᠭᠡ᠎ᠪᠡᠷ ᠠᠵᠢᠯᠯᠠᠭᠤᠯᠵᠤ᠂ ᠠᠮᠤ ᠪᠤᠳᠠᠭᠠᠨ᠎ᠤ ᠤᠨᠠᠯᠲᠠ ᠪᠣᠯᠤᠨ ᠶᠠᠰᠤ ᠴᠢᠨᠠᠷ᠎ᠢ ᠪᠠᠲᠤᠯᠠᠪᠠ ᠭᠡᠵᠠᠢ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠦᠷᠭᠦᠯᠵᠢᠯᠡᠭ᠌ᠰᠡᠨ ᠪᠦᠷᠬᠦᠭ ᠪᠣᠷᠣᠭᠠᠨ ᠲᠠᠢ ᠴᠠᠭ ᠤᠯᠠᠷᠢᠯ᠎ᠢ ᠪᠦᠲᠦᠮᠵᠢᠲᠡᠶ ᠠᠷᠭᠠᠴᠠᠭᠠᠬᠤ᠎ᠶ᠋ᠢᠨ ᠲᠥᠯᠥᠭᠡ᠂ ᠡᠨᠡ ᠵᠢᠯ ᠬᠠᠲᠤᠨ ᠭᠤᠤᠯ ᠬᠤᠸᠠᠢᠾᠧ ᠭᠤᠤᠯ ᠬᠠᠢᠾᠧ ᠭᠤᠤᠯ᠎ᠤᠨ ᠭᠠᠵᠠᠷ ᠣᠷᠣᠨ᠎ᠤ ᠬᠢᠨ ᠡᠯ᠎ᠡ ᠭᠠᠵᠠᠷ᠎ᠤᠨ ᠲᠠᠷᠢᠶᠠᠯᠠᠩ᠎ᠤᠨ ᠮᠠᠱᠢᠨ᠎ᠢ ᠨᠠᠷᠢᠯᠢᠭ᠍ᠵᠢᠭᠤᠯᠤᠨ ᠲᠣᠬᠢᠷᠠᠭᠤᠯᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠵᠤ᠂ ᠡᠷᠬᠢᠨ ᠲᠣᠭᠣᠷᠢᠨ᠎ᠤ ᠬᠣᠲᠠ᠂ ᠱᠢᠶᠠᠨ᠎ᠲᠠᠶ ᠬᠠᠲᠠᠭᠠᠵᠦ ᠳᠤᠰᠠᠯᠠᠬᠤ᠎ᠵᠢ ᠵᠣᠯᠭᠠᠭᠤᠯᠬᠤ ᠠᠵᠢᠯ᠎ᠢ ᠰᠠᠢᠲᠤᠷ ᠬᠢᠵᠦ᠍᠂ ᠪᠠᠰᠠ ᠠᠮᠤ ᠪᠤᠳᠠᠭ᠎ᠠ ᠳᠠᠷᠢᠬᠤ ᠲᠣᠮᠣ ᠡᠷᠦᠬᠡ᠂ ᠠᠮᠤ ᠪᠤᠳᠠᠭᠠᠨ᠎ᠤ ᠵᠠᠭᠤᠴᠢᠯᠠᠭ᠍ᠴᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠠᠮᠤ ᠪᠤᠳᠠᠭ᠎ᠠ ᠪᠣᠯᠪᠠᠰᠤᠷᠠᠭᠤᠯᠬᠤ᠂ ᠠᠷᠠᠯᠵᠢᠶ᠎ᠠ ᠬᠢᠬᠦ᠌᠂ ᠲᠡᠵᠢᠭᠡᠯ ᠪᠣᠷᠳᠣᠭ᠎ᠠ ᠲᠡᠵᠢᠭᠡᠨ ᠦᠷᠡᠵᠢᠭᠦᠯᠬᠦ᠌ ᠵᠡᠷᠭᠡ ᠠᠮᠤ ᠪᠤᠳᠠᠭ᠎ᠠ ᠬᠡᠷᠡᠭ᠌ᠯᠡᠬᠦ᠌ ᠠᠵᠤ ᠠᠬᠤᠢᠯᠠᠯ᠎ᠲᠠᠶ ᠵᠣᠯᠭᠠᠭᠤᠯᠵᠤ᠂ ᠠᠮᠤ ᠪᠤᠳᠠᠭ᠎ᠠ ᠬᠤᠳᠠᠯᠳᠤᠬᠤ ᠠᠷᠭ᠎ᠠ ᠵᠠᠮ ᠎ᠢ ᠰᠠᠭᠠᠳ ᠥᠬᠡᠶ ᠨᠡᠪᠲᠡᠷᠡᠭᠦᠯᠵᠦ᠍᠂ ᠲᠠᠷᠢᠶᠠᠴᠢᠳ᠎ᠤᠨ ᠠᠱᠢᠭ ᠣᠷᠣᠯᠭ᠎ᠠ᠎ᠶ᠋ᠢ ᠴᠢᠷᠮᠠᠢᠨ ᠪᠠᠲᠤᠯᠠᠬᠤ᠎ᠶ᠋ᠢᠨ ᠬᠠᠮᠲᠤ ᠠᠮᠤ ᠪᠤᠳᠠᠭ᠎ᠠ᠎ᠶ᠋ᠢ ᠬᠥᠮᠥᠷᠭᠡ᠎ᠳᠦ ᠨᠠᠩ ᠰᠠᠢᠲᠤᠷ ᠣᠷᠣᠭᠤᠯᠵᠤ ᠬᠥᠮᠥᠷᠭᠡᠯᠡᠬᠦ᠌᠎ᠪᠡᠷ ᠪᠠᠢᠨ᠎ᠠ᠃

ᠲᠥᠪ᠎ᠦᠨ ᠨᠦᠬᠡᠴᠡ ᠠᠮᠤ ᠪᠤᠳᠠᠭ᠎ᠠ ᠵᠢᠨ ᠬᠠᠷᠪᠢᠨ᠎ᠤ ᠱᠢᠭᠤᠳ ᠬᠠᠷᠢᠶ᠎ᠠ ᠬᠥᠮᠥᠷᠭᠡ᠎ᠶ᠋ᠢᠨ ᠬᠢᠵᠠᠭᠠᠷᠲᠤ ᠺᠣᠮᠫᠠᠨᠢ᠎ᠳᠤ ᠬᠦᠷᠬᠦ᠌᠎ᠳᠦ᠂ ᠪᠠᠷᠢᠮᠵᠢᠶ᠎ᠠ ᠥᠨᠳᠥᠷ ᠪᠠᠢᠱᠢᠩ ᠭᠡᠷ᠎ᠦᠨ ᠬᠥᠮᠥᠷᠭᠡ ᠨᠢᠭᠡᠪᠦᠷᠢ᠎ᠳᠦ ᠴᠥᠮ ᠤᠶᠤᠨᠴᠢᠯᠠᠬ᠍ᠰᠠᠨ ᠡᠵᠡᠮᠳᠡᠯ᠎ᠦᠨ ᠱᠢᠰᠲ᠋ᠧᠮ ᠲᠤᠬᠢᠷᠠᠭᠤᠯᠪᠠ᠃ ᠺᠣᠮᠫᠢᠦ᠋ᠲ᠋ᠧᠷ᠎ᠦᠨ ᠳᠡᠯᠭᠡᠴᠡ ᠳᠡᠭᠡᠷ᠎ᠡ ᠬᠥᠮᠥᠷᠭᠡ᠎ᠶ᠋ᠢᠨ ᠳᠣᠲᠣᠷᠠᠬᠢ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ ᠵᠡᠷᠭᠡ ᠵᠠᠩᠭᠢᠯᠠᠭ᠎ᠠ᠎ᠶ᠋ᠢᠨ ᠲᠣᠭ᠎ᠠ ᠪᠠᠷᠢᠮᠲᠠ ᠴᠠᠭ ᠲᠤᠬᠠᠶ᠎ᠳᠤᠨᠢ ᠬᠤᠪᠢᠷᠠᠵᠤ ᠪᠠᠢᠯ᠎ᠠ᠃

《ᠥᠩᠭᠡᠷᠡᠭ᠌ᠰᠡᠨ ᠎ᠳᠦ ᠠᠮᠤ ᠪᠤᠳᠠᠭ᠎ᠠ᠎ᠵᠢ ᠬᠠᠮᠢᠶᠠᠷᠬᠤ᠎ᠳᠤ ᠲᠤᠷᠱᠢᠯᠭ᠎ᠠ᠎ᠶ᠋ᠢᠨ ᠰᠦᠪᠡᠭ᠌ᠴᠢᠯᠡᠯᠳᠡ᠎ᠳᠦ ᠲᠦᠱᠢᠭ᠌ᠯᠡᠵᠦ᠍ ᠪᠠᠢᠵᠠᠢ᠂ ᠤᠳᠤ ᠠᠮᠤ ᠪᠤᠳᠠᠭᠠᠨ᠎ᠤ ᠬᠥᠮᠥᠷᠭᠡ᠎ᠳᠦ ᠪᠦᠷ ᠤᠶᠤᠨᠴᠢᠯᠠᠬ᠍ᠰᠠᠨ ᠡᠵᠡᠮᠳᠡᠯ ᠎ᠦᠨ ᠱᠢᠰᠲ᠋ᠧᠮ ᠲᠤᠬᠢᠷᠠᠭᠤᠯᠵᠠᠢ᠃ ᠪᠢᠳᠡ ᠪᠠᠰᠠ ᠮᠡᠷᠭᠡᠵᠢᠯ᠎ᠦᠨ ᠠᠷᠭ᠎ᠠ ᠪᠠᠷᠢᠯ᠎ᠢᠶᠠᠷ ᠳᠤᠤᠷ᠎ᠠ ᠳᠤᠯᠠᠭᠠᠨ ᠲᠣᠭ᠍ᠲᠠᠮᠠᠯ ᠳᠤᠯᠠᠭᠠᠨ᠎ᠤ ᠬᠠᠳᠠᠭᠠᠯᠠᠯᠲᠠ᠎ᠶ᠋ᠢ ᠪᠡᠶᠡᠯᠡᠭᠦᠯᠵᠦ᠍᠂ ᠠᠮᠤ ᠪᠤᠳᠠᠭᠠᠨ᠎ᠤ ᠶᠠᠰᠤ ᠴᠢᠨᠠᠷ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠵᠤ᠂ ᠠᠮᠤ ᠪᠤᠳᠠᠭᠠᠨ᠎ᠤ ᠱᠢᠨ᠎ᠡ ᠰᠣᠷᠭᠣᠭ᠎ᠤᠨ ᠬᠡᠮᠵᠢᠶ᠎ᠡ᠎ᠶ᠋ᠢ ᠪᠠᠲᠤᠯᠠᠵᠦ ᠪᠤᠢ》᠃ 30 ᠱᠢᠬᠠᠮ ᠵᠢᠯ᠎ᠦᠨ ᠠᠮᠤ ᠪᠤᠳᠠᠭ᠎ᠠ ᠨᠥᠭᠡᠴᠡᠯᠡᠭ᠌ᠰᠡᠨ ᠲᠤᠷᠱᠢᠯᠭ᠎ᠠ᠎ᠲᠠᠶ ᠬᠠᠳᠠᠭᠠᠯᠠᠨ ᠬᠠᠮᠢᠶᠠᠷᠤᠭ᠍ᠴᠢ ᠮᠠ ᠽᠦᠸᠧ ᠬᠣᠶ ᠰᠤᠷᠪᠤᠯᠵᠢᠯᠠᠭ᠍ᠴᠢ᠎ᠳᠤ᠂ ᠡᠲᠡᠭᠡᠷ ᠵᠢᠯ᠎ᠦᠳ᠎ᠲᠦ᠂ ᠳᠤᠮᠳᠠᠳᠤ ᠤᠯᠤᠰ᠎ᠤᠨ ᠠᠮᠤ ᠪᠤᠳᠠᠭ᠎ᠠ ᠨᠥᠭᠡᠴᠡᠯᠡᠬᠦ᠌ ᠶᠡᠷᠦᠩᠬᠡᠶ ᠺᠣᠮᠫᠠᠨᠢ᠎ᠶ᠋ᠢᠨ ᠬᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠠᠮᠤ ᠪᠤᠳᠠᠭ᠎ᠠ ᠨᠥᠭᠡᠴᠡᠯᠡᠬᠦ᠌ ᠮᠡᠷᠭᠡᠵᠢᠯ ᠶᠠᠪᠤᠬᠤ ᠲᠤᠲᠤᠮ ᠳᠠᠪᠱᠢᠩᠭᠤᠶ ᠪᠣᠯᠵᠣ᠂ ᠶᠠᠪᠤᠬᠤ ᠲᠤᠲᠤᠮ ᠣᠶᠤᠨᠯᠢᠭ ᠪᠣᠯᠵᠣ ᠪᠠᠢᠨ᠎ᠠ᠂《ᠪᠢᠳᠡ ᠠᠮᠤ ᠪᠤᠳᠠᠭ᠎ᠠ ᠨᠥᠭᠡᠴᠡᠯᠡᠵᠦ᠍ ᠠᠪᠬᠤ᠎ᠳᠠᠭᠠᠨ ᠨᠠᠩ ᠢᠲᠡᠭᠡᠯ᠎ᠲᠡᠶ ᠪᠣᠯᠵᠠᠶ》 ᠭᠡᠵᠦ ᠬᠡᠯᠡᠪᠡ᠃

ᠠᠮᠤ ᠪᠤᠳᠠᠭᠠᠨ᠎ᠤ ᠬᠣᠷᠣᠭ᠍ᠳᠠᠯ᠎ᠢ ᠪᠠᠭᠠᠰᠭᠠᠵᠤ᠂ 《ᠠᠮᠤ ᠪᠤᠳᠠᠭ᠎ᠠ ᠵᠢᠨ ᠬᠤᠬᠢᠷᠠᠯ》 ᠎ᠢ᠋ ᠰᠠᠢᠲᠤᠷ ᠰᠡᠷᠭᠡᠢᠯᠡᠪᠡ

ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠠᠮᠤ ᠪᠤᠳᠠᠭ᠎ᠠ᠎ᠶ᠋ᠢ ᠠᠷᠪᠢᠯᠠᠨ ᠬᠣᠬᠢᠷᠠᠯ᠎ᠢ ᠪᠠᠭᠠᠰᠭᠠᠬᠤ ᠠᠵᠢᠯ᠎ᠢ ᠰᠠᠢᠲᠤᠷ ᠬᠢᠵᠦ᠍᠂《ᠠᠮᠤ ᠪᠤᠳᠠᠭ᠎ᠠ ᠵᠢᠨ ᠬᠤᠬᠢᠷᠠᠯ》 ᠢ᠋ ᠰᠡᠷᠭᠡᠢᠯᠡᠬᠦ ᠨᠢ ᠮᠥᠨ ᠴᠦ᠍ ᠮᠠᠰᠢ ᠴᠢᠬᠤᠯᠠ ᠶᠤᠮ᠃

《ᠡᠨᠡ ᠵᠢᠯ ᠱᠢᠨ᠎ᠡ ᠮᠠᠱᠢᠨ ᠰᠣᠯᠢᠭᠠᠳ᠂ ᠮᠠᠱᠢᠨ᠎ᠢᠶᠡᠷ ᠬᠤᠷᠢᠶᠠᠬᠤ ᠬᠣᠬᠢᠷᠠᠯ᠎ᠤᠨ ᠨᠤᠷᠮ᠎ᠠ ᠪᠠᠰᠠ ᠪᠠᠭᠤᠷᠠᠵᠠᠢ!》 ᠱᠠᠨᠳᠦ᠋ᠩ ᠮᠤᠵᠢ᠎ᠶ᠋ᠢᠨ ᠱᠢᠶᠠ᠎ᠶ᠋ᠢᠨ ᠱᠢᠶᠠᠨ᠎ᠤ ᠳ᠋ᠦ᠋ ᠺᠸᠦ ᠢ ᠱᠢᠶᠠᠩ᠎ᠤᠨ ᠲᠠᠷᠢᠶᠠᠯᠠᠩ᠎ᠤᠨ ᠮᠠᠱᠢᠨ᠎ᠤ ᠲᠤᠰᠭᠠᠢ ᠬᠤᠷᠱᠢᠶ᠎ᠠ᠎ᠶ᠋ᠢᠨ ᠬᠠᠷᠢᠭᠤᠴᠠᠯᠭᠠᠲᠠᠨ ᠬᠠᠨ ᠵᠧᠨ ᡁᠢ ᠰᠤᠷᠪᠤᠯᠵᠢᠯᠠᠭ᠍ᠴᠢ᠎ᠳᠤ᠂ ᠬᠤᠷᠱᠢᠶ᠎ᠠ ᠡᠨᠡ ᠵᠢᠯ ᠡᠷᠬᠢᠨ ᠲᠣᠭᠣᠷᠢᠨ᠎ᠤ 1.3 ᠲᠦᠮᠡᠨ ᠮᠦ᠍ ᠪᠤᠭᠤᠳᠠᠢ᠎ᠶ᠋ᠢᠨ ᠲᠠᠷᠢᠶᠠᠨ᠎ᠳᠤ ᠮᠠᠱᠢᠨ᠎ᠢᠶᠠᠷ ᠬᠤᠷᠢᠶᠠᠬᠤ ᠦᠢᠯᠡᠴᠢᠯᠡᠭᠡ ᠬᠠᠩᠭᠠᠵᠤ᠂ ᠱᠢᠨ᠎ᠡ᠎ᠪᠡᠷ ᠬᠤᠳᠠᠯᠳᠤᠨ ᠠᠪᠤᠭ᠍ᠰᠠᠨ ᠬᠠᠳᠤᠵᠤ ᠬᠤᠷᠢᠶᠠᠬᠤ ᠮᠠᠱᠢᠨ ᠎ᠤ ᠮᠥᠯᠢᠵᠦ᠍ ᠴᠡᠪᠡᠷᠯᠡᠨ ᠰᠣᠩᠭᠣᠬᠤ ᠦᠷ᠎ᠡ ᠪᠦᠲᠦᠮᠵᠢ ᠨᠢ ᠰᠠᠢ᠌ᠨ᠂ ᠲᠡᠭ᠌ᠰᠢᠯᠡᠭ᠌ᠰᠡᠨ ᠭᠠᠵᠠᠷ᠎ᠲᠤ ᠮᠠᠱᠢᠨ᠎ᠢᠶᠠᠷ ᠬᠤᠷᠢᠶᠠᠬᠤ ᠳᠤᠮᠳᠠᠴᠢ ᠬᠣᠬᠢᠷᠠᠯ᠎ᠤᠨ ᠨᠤᠷᠮ᠎ᠠ ᠨᠢ 0.5% ᠪᠣᠯᠲᠠᠯ᠎ᠠ ᠪᠠᠭᠤᠷᠠᠵᠠᠢ ᠭᠡᠵᠦ ᠬᠡᠯᠡᠵᠦ ᠥᠭᠪᠡ᠃

ᠮᠠᠱᠢᠨ᠎ᠢᠶᠠᠷ ᠬᠤᠷᠢᠶᠠᠬᠤ ᠪᠣᠯ ᠠᠮᠤ ᠪᠤᠳᠠᠭ᠎ᠠ᠎ᠶ᠋ᠢ《ᠠᠮᠤᠷ ᠲᠦᠪᠱᠢᠨ ᠪᠠᠢᠯᠭᠠᠬᠤ》 ᠶ᠋ᠢᠨ ᠨᠢᠭᠡᠳᠦᠭᠡᠷ ᠠᠯᠬᠤᠮ ᠮᠥᠨ᠂ ᠪᠠᠰᠠ ᠴᠤ᠌ ᠬᠣᠬᠢᠷᠠᠯ᠎ᠢ ᠪᠠᠭᠠᠰᠭᠠᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠮᠥᠨ᠃ ᠪᠥᠬᠥ᠌ ᠤᠯᠤᠰ᠎ᠤᠨ ᠬᠣᠶᠠᠳᠤᠭᠠᠷ ᠶᠡᠬᠡ ᠪᠣᠭᠣᠳᠠᠶ᠎ᠶ᠋ᠢᠨ ᠭᠤᠤᠯ ᠭᠠᠷᠤᠯᠲᠠ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠱᠠᠨᠳᠦ᠋ᠩ ᠮᠤᠵᠢ ᠣᠯᠠᠨ ᠵᠢᠯ ᠳᠠᠷᠠᠭᠠᠯᠠᠨ《ᠵᠣᠨ᠎ᠤ ᠭᠤᠷᠪᠠᠨ ᠰᠠᠷ᠎ᠠ》᠎ᠢ᠋ᠢᠨ ᠮᠠᠱᠢᠨ᠎ᠢᠶᠠᠷ ᠬᠤᠷᠢᠶᠠᠵᠤ ᠬᠣᠬᠢᠷᠠᠯ᠎ᠢ ᠪᠠᠭᠠᠰᠬᠠᠬᠤ᠎ᠶ᠋ᠢ ᠠᠬᠢᠭᠤᠯᠵᠤ᠂ ᠮᠠᠱᠢᠨ᠎ᠢᠶᠠᠷ ᠬᠤᠷᠢᠶᠠᠭ᠍ᠰᠠᠨ ᠬᠣᠬᠢᠷᠠᠯ ᠎ᠤᠨ ᠨᠣᠷᠮ᠎ᠠ ᠵᠢᠯ ᠳᠠᠷᠠᠭᠠᠯᠠᠨ ᠪᠠᠭᠤᠷᠠᠪᠠ᠃ ᠡᠨᠡ ᠵᠢᠯ ᠱᠠᠨᠳᠦ᠋ᠩ᠎ᠦᠨ ᠪᠣᠭᠣᠳᠠᠶ ᠎ᠶ᠋ᠢᠨ ᠮᠠᠱᠢᠨ᠎ᠢᠶᠡᠷ ᠬᠤᠷᠢᠶᠠᠭᠰᠠᠨ ᠬᠣᠬᠢᠷᠠᠯ᠎ᠤᠨ ᠨᠣᠷᠮ᠎ᠠ 0.78% ᠪᠣᠯᠲᠠᠯ᠎ᠠ ᠪᠠᠭᠤᠷᠠᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ᠎ᠤ ᠬᠠᠷᠢᠴᠠᠯ᠎ᠢᠶᠡᠷ 0.03 ᠬᠤᠪᠢ᠎ᠪᠠᠭᠤᠷᠠᠪᠠ᠃

ᠭᠣᠣᠯ ᠦᠳᠡ᠎ᠳᠦ᠂ ᠶᠦᠨᠨᠠᠨ ᠮᠤᠵᠢ᠎ᠶ᠋ᠢᠨ ᠴᠢᠦᠢ ᠵᠢᠩ ᠬᠤᠳᠠ᠎ᠶ᠋ᠢᠨ ᠴᠢ ᠯᠢᠨ ᠲᠣᠭᠣᠷᠢᠭ᠎ᠤᠨ ᠱᠢᠶᠤᠤ ᠱᠢᠶᠠᠩ ᠵᠡᠭᠡᠯᠢ ᠭᠤᠳᠤᠮᠵᠢ᠎ᠶ᠋ᠢᠨ ᠵᠢᠨ ᠯᠢᠨ ᠨᠡᠢᠭᠡᠮ ᠲᠣᠭᠣᠷᠢᠭ᠎ᠤᠨ ᠱᠢᠩ ᠹᠦ᠋ ᠬᠣᠭᠣᠯᠠᠨ ᠭᠡᠷ᠎ᠦᠨ ᠬᠣᠭᠣᠯᠠ ᠪᠤᠳᠠᠭ᠎ᠠ ᠠᠩᠬᠢᠯᠤᠮ᠎ᠠ ᠦᠨᠦᠷ ᠬᠠᠩᠬᠤᠯᠵᠤ᠂ ᠬᠣᠭᠣᠯᠠ ᠠᠪᠬᠤ ᠴᠤᠩᠬᠤᠪᠴᠢ ᠵᠢᠨ ᠡᠮᠦᠨ᠎ᠡ ᠬᠦᠮᠦᠰ ᠤᠷᠳᠤ ᠮᠥᠷᠯᠡᠨ ᠵᠢᠭᠰᠠᠵᠤ ᠪᠠᠢᠯ᠎ᠠ᠃

《ᠵᠢᠭᠤᠯᠴᠢᠯᠠᠭᠰᠡᠳ ᠨᠣᠭᠣᠭ᠎ᠠ ᠴᠠᠭ᠎ᠠ ᠎ᠶ᠋ᠢ ᠢᠯᠡᠭᠦᠬᠡᠨ ᠠᠮᠲᠠᠯᠠᠬᠤ ᠰᠠᠨᠠᠭ᠎ᠠ᠎ᠲᠠᠶ᠂ ᠨᠠᠰᠤᠲᠠᠢᠴᠤᠳ᠎ᠤᠨ ᠢᠳᠡᠬᠦ᠌ ᠬᠡᠮᠵᠢᠶ᠎ᠡ ᠨᠡᠯᠢᠶᠡᠳ ᠪᠠᠭ᠎ᠠ ᠪᠠᠢᠬᠤ ᠣᠨᠴᠠᠯᠢᠭ᠎ᠲᠤ ᠴᠢᠭ᠌ᠯᠡᠭᠦᠯᠦᠨ᠂ ᠪᠢᠳᠡ ᠦᠨ᠎ᠡ ᠬᠠᠩᠰᠢ᠎ᠶ᠋ᠢ ᠬᠠᠭᠠᠰ᠎ᠢᠶᠠᠷ ᠪᠠᠭᠤᠷᠠᠭᠤᠯᠤᠭ᠍ᠰᠠᠨ ᠪᠠᠭ᠎ᠠ ᠬᠡᠮᠵᠢᠶᠡᠨ᠎ᠦ ᠨᠣᠭᠣᠭ᠎ᠠ᠎ᠶ᠋ᠢ ᠭᠠᠷᠭᠠᠵᠤ᠂ ᠨᠣᠭᠣᠭ᠎ᠠ ᠴᠠᠭ᠎ᠠ᠎ᠶ᠋ᠢᠨ ᠬᠡᠮᠵᠢᠶ᠎ᠡ ᠨᠢ ᠬᠡᠪ᠎ᠦᠨ ᠬᠡᠮᠵᠢᠶᠡᠨ᠎ᠦ 60% ᠪᠤᠯᠭᠠᠵᠠᠢ》᠃ ᠬᠣᠭᠣᠯᠠᠨ ᠬᠡᠷ ᠎ᠦᠨ ᠬᠠᠷᠢᠭᠤᠴᠠᠯᠭᠠᠲᠠᠨ ᠲᠤᠤ ᠨᠢᠢ᠂ ᠪᠠᠭ᠎ᠠ ᠬᠡᠮᠵᠢᠶᠡᠨ᠎ᠦ ᠨᠣᠭᠣᠭ᠎ᠠ ᠨᠢ ᠵᠣᠴᠢᠳ᠎ᠲᠤ ᠨᠢᠭᠡ ᠯᠡ ᠳᠡᠭᠡᠷ᠎ᠡ ᠣᠯᠠᠨ ᠵᠦᠶ᠋ᠯ ᠎ᠦᠨ ᠨᠣᠭᠣᠭ᠎ᠠ ᠠᠮᠲᠠᠯᠠᠭᠤᠯᠬᠤ᠎ᠶ᠋ᠢᠨ ᠬᠠᠮᠲᠤ ᠪᠠᠰᠠ《ᠢᠳᠡᠭᠡᠨ ᠤᠮᠳᠠᠭᠠᠨ᠎ᠢ ᠪᠦᠷᠢᠯᠭᠡᠬᠦ᠌》 ᠡᠴᠡ ᠵᠠᠢᠯᠠᠰᠭᠢᠵᠦ᠍ ᠴᠢᠳᠠᠨ᠎ᠠ ᠭᠡᠵᠤ ᠲᠠᠨᠢᠯᠴᠠᠭᠤᠯᠪᠠ᠃

《ᠨᠡᠢᠭᠡᠮ ᠲᠣᠭᠣᠷᠢᠭ᠎ᠤᠨ ᠬᠣᠭᠣᠯᠠᠨ ᠭᠡᠷ ᠬᠡᠳᠦᠢᠪᠡᠷ ᠪᠠᠭ᠎ᠠ ᠪᠣᠯᠪᠠᠴᠤ᠌᠂ ᠠᠮᠤ ᠪᠤᠳᠠᠭ᠎ᠠ᠎ᠶ᠋ᠢ ᠠᠷᠪᠢᠯᠠᠨ ᠬᠣᠬᠢᠷᠠᠯ ᠎ᠢ ᠪᠠᠭᠠᠰᠭᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠤᠨ᠎ᠠ》᠃ ᠲᠤᠤ ᠨᠢᠢ᠂ ᠠᠷᠪᠢᠯᠠᠨ ᠭᠠᠮᠨᠠᠬᠤ ᠤᠢᠯᠠᠭᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ 《ᠠᠷᠪᠢᠲᠠᠢ ᠬᠤᠭᠤᠯᠠᠯᠠᠬᠤ ᠠᠵᠢᠯᠯᠠᠭ᠎ᠠ》ᠵᠡᠷᠭᠡ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠡᠯ᠎ᠡ ᠵᠦᠢᠯ᠎ᠦᠨ ᠠᠵᠢᠯᠯᠠᠭ᠎ᠠ ᠥᠷᠨᠢᠭᠦᠯᠵᠦ᠍᠂ ᠠᠮᠤ ᠪᠤᠳᠠᠭᠠᠨ᠎ᠤ ᠠᠮᠤᠷ ᠲᠦᠪᠱᠢᠨ᠎ᠳᠦ ᠢᠳᠡᠭᠡᠨ ᠤᠮᠳᠠᠭᠠᠨ᠎ᠤ ᠠᠵᠢᠯ ᠲᠥᠷᠥᠯ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠬᠡᠯᠡᠪᠡ᠃

ᠲᠠᠷᠢᠶᠠᠨ ᠭᠠᠵᠠᠷ᠎ᠡᠴᠡ᠂ ᠲᠤᠮᠤ ᠤᠯᠤᠰ᠎ᠤᠨ ᠠᠮᠤ ᠪᠤᠳᠠᠭᠠᠨ᠎ᠤ ᠬᠥᠮᠥᠷᠭᠡ ᠬᠦᠷᠲᠡᠯ᠎ᠡ᠂ ᠲᠠᠬᠢᠭᠠᠳ ᠲᠦᠭ ᠲᠦᠮᠡᠨ ᠠᠢᠯ ᠡᠷᠦᠬᠡ᠎ᠶ᠋ᠢᠨ ᠬᠣᠭᠣᠯᠠᠨ ᠱᠢᠷᠡᠭᠡ ᠬᠦᠷᠲᠡᠯ᠎ᠡ᠂ ᠪᠦᠬᠦ᠌ ᠬᠡᠯᠬᠢᠶ᠎ᠡ᠎ᠪᠡᠷ ᠬᠦᠴᠦᠯᠡᠨ 14 ᠳ᠋ᠦᠩᠱᠢᠭᠤᠷ ᠭᠠᠷᠤᠢ ᠬᠥᠮᠦᠨ᠎ᠦ ᠪᠤᠳᠠᠭᠠᠨ ᠠᠶᠠᠭ᠎ᠠ᠎ᠶ᠋ᠢ ᠬᠠᠮᠲᠤ᠎ᠪᠠᠷ ᠪᠠᠲᠤ ᠠᠳᠭᠤᠪᠠ᠂ ᠡᠨᠳᠡ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠲᠠᠶ᠂ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠡᠶ᠂ ᠨᠡᠩ ᠴᠤ᠌ ᠳᠡᠯᠡᠬᠡᠢ ᠳ᠋ᠠᠬᠢᠨ᠎ᠤ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠬᠤ ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠲᠡᠶ ᠶᠤᠮ᠃


  (ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号