ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠠᠴᠠ ᠦᠢᠯᠡᠳᠦᠯᠭᠡ᠎ᠪᠡᠷ ᠳᠠᠮᠵᠢᠨ ᠪᠢᠳᠡ ᠰᠢᠨ᠎ᠡ ᠪᠠᠢᠳᠠᠯ ᠳᠣᠣᠷᠠᠬᠢ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠲᠤᠬᠠᠢ ᠪᠠᠰᠠ ᠰᠢᠨ᠎ᠡ ᠲᠠᠨᠢᠯᠲᠠ ᠪᠠ ᠣᠢᠯᠠᠭᠠᠯᠲᠠ᠎ᠲᠠᠢ ᠪᠣᠯᠵᠠᠢ᠄ ᠡᠷᠬᠡᠪᠰᠢ ᠠᠵᠤ ᠠᠬᠤᠢ᠎ᠶᠢᠨ ᠲᠠᠯᠳᠠ ᠬᠦᠴᠦᠨ᠎ᠢ ᠭᠦᠢᠴᠡᠳ ᠠᠭᠤᠳᠠᠯᠵᠤ᠂ ᠡᠷᠬᠡᠪᠰᠢ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠪᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠵᠡᠷᠭᠡ ᠪᠡᠷ ᠠᠳᠬᠤᠬᠤ᠎ᠶᠢ ᠪᠠᠷᠢᠮᠲᠠᠯᠠᠵᠤ᠂ ᠡᠷᠬᠡᠪᠰᠢ 《ᠠᠮᠢᠳᠤᠯᠢᠭ᠋ ᠪᠣᠯᠭᠠᠬᠤ》 ᠮᠥᠷᠲᠡᠭᠡᠨ ᠪᠠᠰᠠ 《ᠰᠠᠢᠲᠤᠷ ᠬᠠᠮᠢᠶᠠᠷᠬᠤ》 ᠵᠢ ᠪᠡᠶᠡᠯᠡᠭᠦᠯᠵᠦ᠂ ᠡᠷᠬᠡᠪᠰᠢ ᠪᠣᠳᠠᠰ᠎ᠲᠦ ᠪᠡᠯᠡ ᠣᠷᠣᠭᠣᠯᠬᠣ ᠪᠠ ᠬᠦᠮᠦᠨ᠎ᠳᠦ ᠪᠡᠯᠡ ᠣᠷᠣᠭᠤᠯᠬᠣ ᠵᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠡᠷᠬᠡᠪᠰᠢ ᠲᠣᠳᠣᠷ ᠲᠠᠮᠢᠷ ᠵᠢᠡᠨ ᠬᠦᠴᠦᠯᠡᠨ ᠴᠢᠩᠭᠠᠷᠠᠭᠣᠯᠬᠣ ᠪᠡᠷ ᠲᠠᠮᠵᠢᠨ ᠭᠠᠳᠠᠭᠠᠳᠣ ᠵᠢᠨ ᠦᠷᠢᠰᠦᠯᠳᠦᠬᠡᠨ᠎ᠢ ᠠᠷᠭᠠᠴᠠᠭᠠᠬᠣ ᠬᠡᠷᠡᠭᠲᠡᠢ ᠭᠡᠵᠦ ᠦᠵᠡᠪᠡ᠃ ᠡᠨᠡ ᠬᠦ᠌ 《ᠲᠠᠪᠤᠨ ᠡᠷᠬᠡᠪᠰᠢ》᠎ᠳᠤ ᠬᠥᠭᠵᠢᠯᠲᠡ᠎ᠶᠢᠨ ᠤᠶᠤᠨ ᠤᠬᠠᠭᠠᠨ ᠠᠭᠤᠯᠤᠭᠳᠠᠵᠤ᠂ ᠠᠵᠤ ᠠᠬᠤᠢ᠎ᠶᠢᠨ ᠠᠵᠢᠯ᠎ᠤᠨ ᠦᠢᠯᠡᠳᠦᠯᠭᠡ᠎ᠶᠢᠨ ᠳᠤᠮᠳᠠ᠎ᠠᠴᠠ ᠰᠢᠨᠵᠢᠯᠡᠬᠦ ᠤᠬᠠᠭᠠᠨᠴᠢ ᠲᠠᠨᠢᠯᠲᠠ᠎ᠶᠢ ᠪᠣᠯᠪᠠᠰᠤᠷᠠᠭᠤᠯᠤᠨ ᠳ᠋ᠦᠩᠨᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠡᠬᠢᠯᠡᠯᠲᠡ᠎ᠶᠢᠨ ᠵᠢᠯ᠎ᠦᠨ ᠠᠵᠤ ᠠᠬᠤᠢ᠎ᠶᠢᠨ ᠠᠵᠢᠯ᠎ᠳᠤ ᠦᠵᠡᠯ ᠰᠠᠨᠠᠭᠠᠨ᠎ᠤ ᠵᠢᠯᠣᠭᠣᠳᠤᠯᠭ᠎ᠠ ᠪᠠ ᠦᠢᠯᠡ ᠠᠵᠢᠯᠯᠠᠭᠠᠨ᠎ᠤ ᠵᠢᠷᠤᠮᠯᠠᠯ ᠬᠠᠩᠭᠠᠪᠠ᠃
ᠡᠷᠬᠡᠪᠰᠢ ᠠᠵᠤ ᠠᠬᠤᠢ᠎ᠶᠢᠨ ᠳᠠᠯᠳᠠ ᠬᠦᠴᠦᠨ᠎ᠢ ᠭᠦᠢᠴᠡᠳ ᠠᠭᠤᠳᠠᠯᠵᠤ ᠳᠤᠮᠳᠠᠳᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠳᠠᠪᠠᠭᠤᠯᠢᠭ᠋ ᠣᠷᠣᠨ ᠵᠠᠢ ᠵᠢ ᠵᠢᠭᠠᠵᠤ ᠭᠠᠷᠭᠠᠪᠠ᠃ ᠠᠵᠤ ᠠᠬᠤᠢ᠎ᠶᠢᠨ ᠲᠠᠯᠳᠠ ᠬᠦᠴᠦᠨ᠎ᠦ ᠮᠥᠨ ᠴᠢᠨᠠᠷ ᠲᠡᠭᠡᠷ᠎ᠡ ᠪᠡᠨ ᠰᠤᠯᠠᠯᠠᠭᠠᠳᠤᠢ ᠦᠢᠯᠡᠳᠪᠦᠷᠢᠯᠡᠯ᠎ᠦᠨ ᠬᠦᠴᠦᠨ᠎ᠦ ᠬᠥᠳᠡᠯᠭᠡᠬᠦ ᠡᠨᠧᠷᠭᠢ ᠮᠥᠨ᠂ ᠡᠭᠦᠨ᠎ᠳᠦ ᠬᠥᠳᠡᠯᠮᠦᠷᠢ᠎ᠶᠢᠨ ᠬᠦᠴᠦᠨ᠂ ᠬᠥᠳᠡᠯᠮᠦᠷᠢ᠎ᠶᠢᠨ ᠬᠡᠷᠡᠭᠰᠡᠯ ᠵᠡᠷᠭᠡ ᠳᠣᠣᠷ᠎ᠠ ᠪᠦᠲᠦᠮᠵᠢᠲᠡᠢ᠎ᠪᠡᠷ ᠠᠰᠢᠭ᠍ᠯᠠᠵᠤ ᠪᠠᠢᠭ᠎ᠠ ᠬᠡᠰᠡᠭ᠎ᠢ ᠪᠠᠭᠲᠠᠭᠠᠬᠤ ᠮᠥᠷᠲᠡᠭᠡᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠢᠵᠠᠭᠠᠷᠯᠠᠬᠤ ᠪᠠᠢᠭᠤᠯᠤᠯ ᠲᠣᠭᠲᠠᠴᠠ᠎ᠶᠢᠨ ᠬᠦᠯᠢᠶᠡᠰᠦᠯᠡᠯ᠎ᠲᠠᠢ ᠴᠦ᠍ ᠬᠣᠯᠪᠣᠭᠳᠠᠨ᠎ᠠ᠃ ᠠᠵᠤ ᠠᠬᠤᠢ᠎ᠶᠢᠨ ᠳᠠᠯᠳᠠ ᠬᠦᠴᠦᠨ᠎ᠢ ᠭᠦᠢᠴᠡᠳ ᠠᠭᠤᠳᠠᠯᠬᠤ᠎ᠪᠠᠷ ᠳᠠᠮᠵᠢᠨ ᠠᠵᠤ ᠠᠬᠤᠢ᠎ᠶᠢᠨ ᠬᠥᠭᠵᠢᠯᠲᠡ᠎ᠶᠢᠨ ᠦᠢᠯᠡᠳᠪᠦᠷᠢᠯᠡᠯ᠎ᠦᠨ ᠬᠦᠴᠦᠨ᠎ᠦ ᠬᠡᠷᠡᠭᠴᠡᠭᠡ᠎ᠶᠢ ᠣᠯᠠᠨ ᠲᠠᠯ᠎ᠠ᠎ᠠᠴᠠ ᠬᠥᠭᠵᠢᠭᠡᠵᠦ᠂ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠵᠦ ᠪᠣᠯᠣᠨ᠎ᠠ᠃ ᠳᠣᠲᠣᠭᠠᠳᠤ ᠬᠡᠷᠡᠭᠴᠡᠭᠡ᠎ᠶᠢᠨ ᠵᠠᠬ᠎ᠠ ᠳᠡᠯᠭᠡᠭᠦᠷ᠎ᠦᠨ ᠲᠠᠯᠳᠠ ᠬᠦᠴᠦᠨ᠎ᠢ ᠬᠥᠭᠵᠢᠭᠡᠬᠦ ᠪᠣᠯ ᠠᠵᠤ ᠠᠬᠤᠢ᠎ᠶᠢᠨ ᠲᠠᠯᠳᠠ ᠬᠦᠴᠦᠨ᠎ᠢ ᠠᠭᠤᠳᠠᠯᠬᠤ ᠲᠡᠷᠢᠭᠦᠨ ᠴᠢᠬᠤᠯᠠ ᠬᠦᠴᠦᠯᠡᠬᠦ ᠴᠡᠭ ᠮᠥᠨ᠃ ᠤᠯᠤᠰ᠎ᠤᠨ ᠳᠣᠲᠣᠭᠠᠳᠤ᠎ᠶᠢᠨ ᠬᠡᠷᠡᠭᠴᠡᠭᠡ ᠪᠣᠯ ᠮᠠᠨ᠎ᠤ ᠤᠯᠤᠰ᠎ᠤᠨ ᠠᠵᠤ ᠠᠬᠤᠢ᠎ᠶᠢᠨ ᠨᠡᠮᠡᠭᠳᠡᠯ᠎ᠦᠨ ᠦᠨᠳᠦᠰᠦᠨ ᠬᠥᠳᠡᠯᠭᠡᠭᠴᠢ ᠬᠦᠴᠦᠨ ᠮᠥᠨ᠂ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ ᠪᠠᠢᠯᠳᠤᠬᠤ ᠪᠣᠳᠣᠯᠭ᠎ᠠ᠎ᠶᠢᠨ ᠰᠠᠭᠤᠷᠢ ᠴᠡᠭ ᠮᠥᠨ᠂ ᠬᠡᠷᠡᠭᠯᠡᠭᠡ ᠵᠢᠨ ᠵᠠᠬ᠎ᠠ ᠳᠡᠯᠭᠡᠭᠦᠷ᠎ᠦᠨ ᠠᠮᠢᠳᠤᠯᠢᠭ᠋ ᠬᠦᠴᠦᠨ᠎ᠢ ᠬᠦᠴᠦᠯᠡᠨ ᠬᠥᠭᠵᠢᠭᠡᠵᠦ᠂ ᠰᠠᠭᠤᠭᠠᠯᠢ ᠠᠷᠠᠳ᠎ᠤᠨ ᠬᠡᠷᠡᠭᠯᠡᠭᠡ ᠵᠢᠨ ᠲᠡᠰ ᠳᠡᠪᠰᠢᠬᠦ ᠬᠠᠨᠳᠤᠰᠢ᠎ᠳᠤ ᠵᠣᠬᠢᠴᠠᠭᠤᠯᠤᠨ᠂ ᠰᠢᠨ᠎ᠡ ᠮᠠᠶᠢᠭ᠋᠎ᠤᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠵᠡᠷᠭᠡ ᠨᠡᠮᠡᠭᠳᠡᠯ᠎ᠦᠨ ᠴᠡᠭ᠎ᠢ ᠪᠣᠢᠵᠢᠭᠤᠯᠵᠤ᠂ ᠬᠡᠷᠡᠭᠯᠡᠭᠡ ᠵᠢᠨ ᠲᠠᠯᠳᠠ ᠬᠦᠴᠦᠨ᠎ᠢ ᠦᠨᠡᠨ ᠪᠣᠳᠠᠲᠠᠢ ᠨᠡᠮᠡᠭᠳᠡᠯ᠎ᠦᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠬᠤ ᠬᠡᠷᠡᠭᠲᠡᠢ; ᠪᠠᠰᠠ ᠦᠷ᠎ᠡ ᠠᠰᠢᠭ᠋ ᠲᠠᠢ ᠪᠡᠯᠡ ᠣᠷᠣᠭᠤᠯᠤᠯᠲᠠ᠎ᠶᠢᠨ ᠬᠡᠪᠴᠢᠶ᠎ᠡ᠎ᠶᠢ ᠥᠷᠭᠡᠳᠬᠡᠵᠦ᠂ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠵᠡᠷᠭᠡ ᠵᠠᠩᠭᠢᠯᠠᠭ᠎ᠠ᠎ᠶᠢᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠬᠦ ᠬᠡᠷᠡᠭᠲᠡᠢ᠃
ᠡᠷᠬᠡᠪᠰᠢ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠪᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠠᠵᠤ ᠠᠬᠤᠢ᠎ᠶᠢᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠬᠤ ᠬᠥᠳᠡᠯᠭᠡᠬᠦ ᠬᠦᠴᠦᠨ᠎ᠦ ᠢᠷᠡᠯᠲᠡ᠎ᠶᠢ ᠲᠣᠳᠣᠷᠬᠠᠢᠯᠠᠪᠠ᠃ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠦᠵᠡᠭᠦᠯᠬᠦ ᠭᠣᠣᠯᠯᠠᠬᠤ ᠴᠢᠳᠠᠮᠵᠢ ᠪᠣᠯ 《ᠲᠣᠭᠳᠠᠭᠣᠨ》 ᠬᠦᠭᠵᠢᠯᠳᠡ ᠵᠢ ᠪᠠᠷᠢᠮᠳᠠᠯᠠᠵᠦ᠂ ᠬᠠᠨᠳᠤᠯᠭᠠᠲᠤ ᠴᠢᠨᠠᠷᠲᠠᠢ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ ᠪᠠ ᠵᠣᠭᠣᠰᠤᠨ᠎ᠤ ᠲᠥᠷᠥ᠎ᠶᠢᠨ ᠪᠣᠳᠣᠯᠭ᠎ᠠ᠎ᠪᠠᠷ ᠳᠠᠮᠵᠢᠨ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶᠢ ᠲᠣᠭᠲᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤᠯᠠᠨ᠂ ᠭᠠᠳᠠᠭᠠᠳᠤ ᠲᠦᠭᠰᠢᠭᠦᠷᠢ᠎ᠶᠢ ᠠᠷᠢᠯᠭᠠᠵᠤ᠂ ᠠᠵᠤ ᠠᠬᠤᠢ᠎ᠶᠢᠨ ᠠᠵᠢᠯᠯᠠᠭᠠᠨ᠎ᠳᠤ ᠲᠣᠭᠲᠠᠭᠤᠨ ᠬᠣᠷᠸ᠎ᠠ ᠣᠷᠴᠢᠨ ᠨᠥᠬᠥᠴᠡᠯ᠎ᠢ ᠪᠣᠶ ᠪᠣᠯᠭᠠᠵᠤ ᠴᠢᠳᠠᠨ᠎ᠠ᠃ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢᠨ ᠦᠨ᠎ᠡ ᠦᠷᠳᠡᠭ ᠨᠢ 《ᠤᠷᠤᠭᠰᠢᠯᠠᠬᠤ》᠎ᠳᠤ ᠪᠠᠢᠨ᠎ᠠ᠂ ᠤᠨᠤᠯ᠎ᠤᠨ ᠰᠢᠨ᠎ᠡ ᠡᠭᠦᠳᠦᠯᠲᠡ᠂ ᠦᠢᠯᠡᠳᠦᠯᠭᠡ᠎ᠶᠢᠨ ᠰᠢᠨ᠎ᠡ ᠡᠭᠦᠳᠦᠯᠲᠡ᠂ ᠳᠦᠷᠢᠮ᠎ᠦᠨ ᠰᠢᠨ᠎ᠡ ᠡᠭᠦᠳᠦᠯᠲᠡ ᠵᠡᠷᠭᠡ ᠡᠯ᠎ᠡ ᠲᠠᠯ᠎ᠠ᠎ᠶᠢᠨ ᠰᠢᠨ᠎ᠡ ᠡᠭᠦᠳᠦᠯᠲᠡ᠎ᠪᠡᠷ ᠳᠠᠮᠵᠢᠨ ᠬᠥᠭᠵᠢᠯᠲᠡ᠎ᠶᠢᠨ ᠪᠣᠭᠣᠮᠢ᠎ᠶᠢ ᠰᠢᠪᠲᠤᠯᠵᠤ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ᠎ᠦ ᠵᠦᠢ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ᠎ᠶᠢ ᠠᠬᠢᠭᠤᠯᠤᠨ᠎ᠠ᠃ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠦᠵᠡᠭᠦᠯᠬᠦ ᠲᠠᠯ᠎ᠠ᠎ᠪᠠᠷ᠂ ᠬᠤᠷᠠᠯ ᠠᠴᠠ ᠢᠷᠡᠬᠦ ᠵᠢᠯ᠎ᠳᠦ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠡᠳ᠋᠎ᠦᠨ ᠵᠠᠰᠠᠭ᠎ᠤᠨ ᠢᠳᠡᠪᠬᠢᠲᠡᠢ ᠲᠥᠷᠥ᠎ᠶᠢᠨ ᠪᠣᠳᠣᠯᠭ᠎ᠠ ᠨᠢ 《ᠣᠨᠢᠨ ᠳᠡᠭᠡᠷ᠎ᠡ ᠨᠢ ᠳᠤᠰᠤᠯᠠᠭᠠᠨ ᠤᠰᠤᠯᠠᠬᠤ》 ᠪᠠᠷ 《ᠨᠠᠯᠠᠢᠲᠠᠯᠠ ᠤᠰᠤᠯᠠᠬᠤ》᠎ᠶᠢ ᠣᠷᠣᠯᠠᠭᠤᠯᠵᠤ᠂ ᠡᠬᠢ ᠪᠠᠶᠠᠯᠢᠭ᠋᠎ᠢ ᠦᠨᠳᠦᠰᠦᠨ ᠱᠠᠲᠤᠨ᠎ᠤ 《ᠭᠤᠷᠪᠠ᠎ᠶᠢ ᠪᠠᠲᠤᠯᠠᠬᠤ》᠎ᠳᠦ ᠣᠷᠢᠳ ᠵᠢᠡᠷ ᠲᠤᠬᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠬᠦᠷᠢᠶ᠎ᠡ ᠴᠠᠷᠠᠭ᠎ᠠ᠎ᠳᠤ ᠭᠣᠣᠯᠳᠠᠯᠭ᠎ᠠ᠎ᠲᠠᠢ ᠣᠷᠣᠭᠤᠯᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ ᠮᠥᠷᠲᠡᠭᠡᠨ ᠪᠠᠰᠠ ᠦᠢᠯᠡᠳᠪᠦᠷᠢᠯᠡᠯ᠎ᠦᠨ ᠬᠦᠴᠦᠨ᠎ᠦ ᠲᠠᠰ ᠳᠡᠪᠰᠢᠬᠦ ᠬᠥᠳᠡᠯᠭᠡᠬᠦ ᠡᠨᠧᠷᠭᠢ᠎ᠶᠢ ᠬᠤᠷᠠᠮᠳᠤᠭᠤᠯᠤᠨ᠎ᠠ; ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠲᠥᠷᠥ᠎ᠶᠢᠨ ᠪᠣᠳᠣᠯᠭ᠎ᠠ ᠨᠢ 《ᠨᠡᠮᠡᠭᠳᠡᠯ᠎ᠢ ᠲᠣᠭᠲᠠᠪᠤᠷᠢᠵᠢᠭᠤᠯᠬᠤ᠂ ᠳᠡᠭᠡᠭᠰᠢᠯᠡᠯᠲᠡ᠎ᠶᠢ ᠠᠬᠢᠭᠤᠯᠬᠤ》᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠳᠠᠭᠠᠯᠠᠮᠵᠢ᠎ᠶᠢᠨ ᠪᠡᠯᠡᠳᠬᠡᠯ ᠮᠥᠩᠭᠥ᠎ᠶᠢ ᠪᠠᠭᠤᠷᠠᠭᠤᠯᠵᠤ ᠬᠦᠦ ᠮᠥᠩᠭᠥ᠎ᠶᠢ ᠪᠠᠭᠤᠷᠠᠭᠤᠯᠬᠤ ᠵᠡᠷᠭᠡ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠪᠠᠷ ᠳᠠᠮᠵᠢᠨ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢᠨ ᠳᠠᠮᠵᠢᠭᠤᠯᠬᠤ ᠲᠣᠭᠲᠠᠴᠠ᠎ᠶᠢ ᠰᠢᠯᠤᠭᠤᠳᠬᠠᠵᠤ᠂ ᠮᠥᠩᠭᠥᠨ ᠭᠦᠢᠯᠭᠡᠭᠡ ᠬᠢᠭᠡᠳ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠢᠨ ᠣᠷᠴᠢᠯ᠎ᠢ ᠪᠡᠶᠡᠯᠡᠭᠦᠯᠬᠦ᠎ᠶᠢᠨ ᠤᠯᠠᠮ᠎ᠠᠴᠠ ᠮᠠᠨ᠎ᠤ ᠤᠯᠤᠰ᠎ᠤᠨ ᠠᠵᠤ ᠠᠬᠤᠢ᠎ᠶᠢᠨ ᠲᠣᠭᠲᠠᠭᠤᠨ᠎ᠢᠶᠠᠷ ᠠᠵᠢᠯᠯᠠᠬᠤ ᠬᠣᠷᠸ᠎ᠠ ᠲᠠᠯ᠎ᠠ ᠵᠢᠨ ᠰᠠᠭᠤᠷᠢ᠎ᠶᠢ ᠪᠡᠬᠢᠵᠢᠭᠦᠯᠦᠨ᠎ᠡ᠃
ᠡᠷᠬᠡᠪᠰᠢ 《ᠠᠮᠢᠳᠤᠯᠢᠬ ᠪᠣᠯᠭᠠᠬᠤ》 ᠮᠥᠷᠲᠡᠭᠡᠨ ᠪᠠᠰᠠ 《ᠰᠠᠢᠲᠤᠷ ᠬᠠᠮᠢᠶᠠᠷᠬᠤ》 ᠵᠢ ᠪᠡᠶᠡᠯᠡᠭᠦᠯᠵᠦ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠦᠨ ᠬᠠᠷᠢᠯᠴᠠᠨ ᠦᠢᠯᠡᠳᠦᠯᠴᠡᠬᠦ ᠠᠵᠢᠯᠯᠠᠭ᠎ᠠ᠎ᠶᠢᠨ ᠪᠠᠷᠢᠮᠵᠢᠶ᠎ᠠ᠎ᠶᠢ ᠲᠣᠭᠲᠠᠭᠠᠪᠠ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠢᠯᠭ᠎ᠠ᠎ᠲᠠᠢ ᠵᠠᠰᠠᠭ᠎ᠤᠨ ᠣᠷᠳᠣᠨ᠎ᠤ ᠬᠠᠷᠢᠴᠠᠭ᠎ᠠ᠎ᠶᠢ ᠰᠠᠢᠲᠤᠷ ᠨᠢᠭᠡᠳᠦᠯᠲᠡᠢ ᠲᠥᠯᠥᠪᠵᠢᠭᠦᠯᠬᠦ ᠪᠣᠯ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ᠎ᠶᠢ ᠪᠠᠷᠢᠮᠲᠠᠯᠠᠨ ᠲᠡᠭᠦᠯᠳᠡᠷᠵᠢᠭᠦᠯᠬᠦ᠂ ᠴᠢᠨᠠᠷ ᠰᠠᠢᠲᠠᠢ ᠬᠥᠭᠵᠢᠯᠲᠡ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠬᠤ ᠵᠠᠢᠯᠠᠰᠢ ᠦᠭᠡᠢ ᠱᠠᠭᠠᠷᠳᠠᠯᠭ᠎ᠠ ᠮᠥᠨ᠃ 《ᠠᠮᠢᠳᠤᠯᠢᠭ᠋ ᠪᠣᠯᠭᠠᠬᠤ》 ᠭᠡᠳᠡᠭ ᠪᠣᠯ ᠳᠠᠷᠤᠢ ᠡᠬᠢ ᠪᠠᠶᠠᠯᠢᠭ᠋᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠰᠢᠰᠲᠧᠮ᠎ᠢ ᠲᠦᠷᠭᠡᠨ ᠪᠠᠢᠭᠤᠯᠵᠤ᠂ ᠵᠠᠬ᠎ᠠ ᠳᠡᠯᠭᠡᠭᠦᠷ᠎ᠦᠨ ᠲᠣᠭᠲᠠᠴᠠ᠎ᠶᠢᠨ ᠪᠦᠲᠦᠮᠵᠢᠲᠡᠢ᠎ᠪᠡᠷ ᠲᠣᠬᠢᠷᠠᠭᠤᠯᠵᠤ ᠴᠢᠳᠠᠬᠤ ᠠᠵᠤ ᠠᠬᠤᠢ᠎ᠶᠢᠨ ᠠᠵᠢᠯᠯᠠᠭ᠎ᠠ᠎ᠶᠢ ᠵᠠᠬ᠎ᠠ ᠳᠡᠯᠭᠡᠭᠦᠷ᠎ᠲᠦ ᠲᠤᠰᠢᠶᠠᠵᠤ᠂ ᠨᠡᠢᠭᠡᠮ ᠳᠠᠶᠠᠭᠠᠷ᠎ᠲᠤ ᠨᠡᠩ ᠴᠢᠩᠭ᠎ᠠ ᠠᠮᠢᠵᠢᠷᠠᠯ᠎ᠤᠨ ᠬᠦᠴᠦᠨ ᠪᠠ ᠨᠡᠩ ᠶᠡᠬᠡ ᠣᠷᠣᠨ ᠵᠠᠢᠲᠠᠢ ᠪᠣᠯᠭᠠᠵᠤ ᠠᠵᠤ ᠠᠬᠤᠢ᠎ᠶᠢ ᠬᠥᠭᠵᠢᠭᠦᠯᠦᠨ᠂ ᠡᠳ᠋ ᠪᠠᠶᠠᠯᠢᠭ᠋᠎ᠢ ᠡᠭᠦᠳᠦᠨ ᠪᠦᠲᠦᠭᠡᠬᠦ ᠶᠠᠪᠤᠳᠠᠯ ᠪᠣᠯᠣᠨ᠎ᠠ᠃ 《ᠰᠠᠢᠲᠤᠷ ᠬᠠᠮᠢᠶᠠᠷᠬᠤ》 ᠭᠡᠳᠡᠭ ᠨᠢ ᠳᠠᠷᠤᠢ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠬᠠᠤᠯᠢ ᠪᠡᠷ ᠵᠠᠰᠠᠬᠤ ᠠᠵᠤ ᠠᠬᠤᠢ᠂ ᠢᠲᠡᠭᠡᠮᠵᠢᠲᠦ ᠠᠵᠤ ᠠᠬᠤᠢ᠎ᠶᠢ ᠲᠠᠰᠤᠷᠠᠯᠳᠠ ᠦᠭᠡᠢ ᠪᠠᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠵᠢᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠦᠨᠡᠨ ᠬᠦ᠌ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠡᠷᠬᠡ ᠲᠡᠭᠰᠢ ᠥᠷᠢᠰᠦᠯᠳᠦᠭᠡᠨ᠎ᠦ ᠥᠷᠭᠡᠨ ᠠᠭᠤᠳᠠᠮ ᠲᠠᠪᠴᠠᠩ ᠪᠣᠯᠭᠠᠬᠤ ᠶᠠᠪᠤᠳᠠᠯ ᠪᠣᠯᠣᠨ᠎ᠠ᠃
ᠡᠷᠬᠡᠪᠰᠢ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠠᠵᠤ ᠠᠬᠤᠢ ᠨᠡᠢᠭᠡᠮ᠎ᠦᠨ ᠪᠦᠬᠦ ᠲᠠᠯ᠎ᠠ᠎ᠶᠢᠨ ᠬᠥᠭᠵᠢᠯᠲᠡ᠎ᠶᠢᠨ ᠦᠷᠲᠡᠭ᠎ᠦᠨ ᠬᠠᠨᠳᠤᠰᠢ᠎ᠶᠢ ᠲᠤᠪᠤᠢ᠍ᠢᠯᠭᠠᠬᠤ ᠬᠡᠷᠡᠭᠲᠡᠢ᠃ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ ᠪᠣᠯ ᠡᠩ᠎ᠦᠨ ᠵᠡᠷᠭᠡᠴᠡᠨ ᠣᠷᠣᠰᠢᠬᠤ ᠬᠠᠷᠢᠴᠠᠭ᠎ᠠ ᠪᠢᠰᠢ᠂ ᠡᠨᠡ ᠬᠣᠶᠠᠷ ᠪᠣᠯ ᠨᠢᠭᠡᠨ ᠬᠥᠳᠡᠯᠦᠩᠭᠦᠢ ᠪᠥᠭᠡᠳ ᠬᠠᠮᠲᠤ ᠣᠷᠣᠰᠢᠬᠤ ᠣᠷᠭᠠᠨᠢᠭ᠋ ᠪᠦᠬᠦᠯᠢ ᠴᠣᠭᠴᠠ ᠮᠥᠨ᠃ ᠪᠣᠳᠠᠰ᠎ᠲᠤ ᠪᠡᠯᠡ ᠣᠷᠣᠭᠤᠯᠬᠤ ᠪᠣᠯ ᠠᠵᠤ ᠠᠬᠤᠢ᠎ᠶᠢᠨ ᠬᠥᠭᠵᠢᠯᠲᠡ᠎ᠶᠢᠨ ᠪᠣᠳᠠᠰ᠎ᠤᠨ ᠰᠠᠭᠤᠷᠢ᠎ᠶᠢ ᠪᠡᠬᠢᠵᠢᠭᠦᠯᠬᠦ᠂ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ᠂ ᠠᠵᠢᠯ ᠣᠯᠭᠣᠯᠲᠠ᠎ᠶᠢ ᠡᠭᠦᠳᠬᠦ ᠵᠡᠷᠭᠡ᠎ᠳᠦ ᠴᠢᠬᠤᠯᠠ ᠦᠢᠯᠡᠳᠦᠯ᠎ᠲᠠᠢ ᠶᠤᠮ᠃ ᠪᠣᠳᠠᠰ᠎ᠤᠨ ᠲᠠᠯ᠎ᠠ᠎ᠪᠠᠷ ᠪᠡᠯᠡ ᠣᠷᠣᠭᠤᠯᠬᠤ ᠨᠢ ᠲᠠᠩ ᠭᠠᠭᠴᠠ ᠦᠨᠳᠦᠰᠦᠨ ᠪᠦᠲᠦᠭᠡᠨ ᠪᠠᠢᠭᠤᠯᠤᠯᠲᠠ ᠬᠢᠬᠦ᠂ ᠲᠦᠷᠦᠯ ᠵᠦᠢᠯ ᠪᠠᠶ᠋ᠢᠭᠤᠯᠬᠤ ᠶᠠᠪᠤᠳᠠᠯ ᠪᠢᠰᠢ᠂ ᠬᠠᠷᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠬᠤᠳᠠ᠎ᠶᠢᠨ ᠰᠢᠨᠡᠴᠢᠯᠡᠯᠲᠡ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠦᠷᠭᠦᠯᠵᠢᠯᠡᠨ ᠪᠡᠯᠡ ᠣᠷᠣᠭᠤᠯᠵᠤ᠂ ᠠᠷᠠᠳ ᠲᠦᠮᠡᠨ᠎ᠳᠦ ᠨᠡᠩ ᠴᠢᠨᠠᠷ ᠰᠠᠢᠲᠠᠢ ᠠᠮᠢᠳᠤᠷᠠᠯ᠎ᠤᠨ ᠨᠥᠬᠥᠴᠡᠯ᠎ᠢ ᠪᠦᠷᠢᠯᠳᠦᠭᠦᠯᠦᠨ ᠥᠭᠴᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠪᠣᠳᠠᠰ᠎ᠤᠨ ᠪᠠ ᠮᠡᠷᠭᠡᠵᠢᠯ᠎ᠦᠨ ᠰᠠᠭᠤᠷᠢ᠎ᠶᠢ ᠪᠡᠬᠢᠵᠢᠭᠦᠯᠬᠦ ᠶᠠᠪᠤᠳᠠᠯ ᠪᠣᠯᠣᠨ᠎ᠠ᠃ ᠬᠥᠮᠥᠨ᠎ᠳᠦ ᠪᠡᠯᠡ ᠣᠷᠣᠭᠤᠯᠬᠤ ᠪᠣᠯ ᠠᠵᠤ ᠠᠬᠤᠢ᠎ᠶᠢᠨ ᠨᠡᠮᠡᠭᠳᠡᠯ᠎ᠢ ᠬᠥᠭᠵᠢᠭᠡᠬᠦ ᠭᠣᠣᠯ ᠬᠥᠳᠡᠯᠭᠡᠭᠦᠷ ᠮᠥᠨ᠃ ᠬᠥᠮᠥᠨ ᠪᠣᠯ ᠦᠢᠯᠡᠳᠪᠦᠷᠢᠯᠡᠯ᠎ᠦᠨ ᠬᠦᠴᠦᠨ᠎ᠦ ᠤᠯᠠᠨ ᠡᠯᠧᠮᠧᠨ᠋ᠲ᠎ᠦᠨ ᠳᠣᠲᠣᠷᠠᠬᠢ ᠬᠠᠮᠤᠭ᠎ᠤᠨ ᠠᠮᠢᠳᠤᠯᠢᠭ᠋᠂ ᠬᠠᠮᠤᠭ᠎ᠤᠨ ᠴᠢᠳᠠᠮᠠᠭᠠᠢ᠂ ᠬᠠᠮᠤᠭ᠎ᠤᠨ ᠰᠢᠢᠳᠪᠦᠷᠢᠯᠡᠭᠴᠢ ᠠᠴᠢ ᠬᠣᠯᠪᠣᠭᠳᠠᠯ᠎ᠲᠠᠢ ᠡᠯᠧᠮᠧᠨ᠋ᠲ ᠮᠥᠨ᠂ ᠬᠥᠭᠵᠢᠯᠲᠡ᠎ᠶᠢᠨ ᠡᠭᠦᠰᠦᠯᠲᠡ ᠪᠠ ᠦᠷ᠎ᠡ ᠳ᠋ᠦᠩ ᠮᠥᠨ᠃ ᠠᠵᠤ ᠠᠬᠤᠢ᠎ᠶᠢᠨ ᠨᠡᠮᠡᠭᠳᠡᠯ᠎ᠦᠨ ᠬᠥᠳᠡᠯᠭᠡᠬᠦ ᠡᠨᠧᠷᠭᠢ᠎ᠶᠢᠨ ᠰᠣᠯᠢᠭ᠍ᠳᠠᠯ᠎ᠢ ᠠᠬᠢᠭᠤᠯᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠂ ᠬᠡᠷᠡᠭᠴᠡᠭᠡ᠎ᠪᠡᠷ ᠳᠠᠢᠴᠢᠯᠠᠬᠤ᠎ᠶᠢ ᠪᠡᠶᠡᠯᠡᠭᠦᠯᠬᠦ᠎ᠳᠦ ᠬᠥᠮᠥᠨ᠎ᠦ ᠪᠡᠯᠡ ᠣᠷᠣᠭᠤᠯᠤᠯᠲᠠ᠎ᠶᠢ ᠨᠡᠮᠡᠭᠳᠡᠭᠦᠯᠵᠦ᠂ ᠬᠥᠮᠥᠨ᠎ᠦ ᠬᠦᠴᠦᠨ᠎ᠦ ᠬᠥᠷᠥᠩᠭᠡ᠎ᠶᠢᠨ ᠬᠤᠷᠠᠮᠳᠤᠭᠤᠯᠤᠯ᠎ᠢ ᠠᠬᠢᠭᠤᠯᠵᠤ᠂ 《ᠬᠥᠮᠥᠨ᠎ᠦ ᠬᠦᠴᠦᠨ᠎ᠦ ᠬᠥᠷᠥᠩᠭᠡ᠎ᠶᠢᠨ ᠴᠡᠪᠡᠷ ᠠᠰᠢᠭ᠋》᠎ᠢ ᠪᠦᠷᠢᠯᠳᠦᠭᠦᠯᠬᠦ ᠴᠢᠬᠤᠯᠠᠲᠠᠢ᠃ ᠬᠥᠮᠥᠨ᠎ᠳᠦ ᠪᠡᠯᠡ ᠣᠷᠣᠭᠤᠯᠬᠤ ᠨᠢ ᠳᠥᠭᠥᠮᠬᠡᠨ᠎ᠢᠶᠡᠷ ᠠᠵᠢᠯ ᠣᠯᠭᠣᠯᠲᠠ᠎ᠶᠢ ᠥᠷᠭᠡᠳᠬᠡᠬᠦ᠂ ᠣᠷᠣᠯᠭ᠎ᠠ᠎ᠶᠢ ᠨᠡᠮᠡᠭᠳᠡᠭᠦᠯᠬᠦ ᠶᠠᠪᠤᠳᠠᠯ ᠪᠢᠰᠢ᠂ ᠬᠠᠷᠢᠨ ᠰᠤᠷᠭᠠᠨ ᠬᠥᠮᠦᠵᠢᠯ᠎ᠦᠨ ᠡᠷᠬᠡ ᠲᠡᠭᠰᠢ᠂ ᠡᠮ ᠡᠮᠨᠡᠯᠭᠡ᠎ᠶᠢᠨ ᠲᠦᠭᠡᠮᠡᠯ ᠬᠠᠷᠠᠭᠠᠯᠵᠠᠯ᠂ ᠨᠡᠢᠭᠡᠮ᠎ᠦᠨ ᠪᠠᠲᠤᠯᠠᠭ᠎ᠠ ᠵᠡᠷᠭᠡ ᠪᠦᠬᠦ ᠲᠠᠯ᠎ᠠ᠎ᠶᠢᠨ ᠣᠷᠣᠭᠤᠯᠤᠯᠲᠠ᠎ᠪᠠᠷ ᠳᠠᠮᠵᠢᠨ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠪᠡᠶᠡᠯᠡᠭᠦᠯᠬᠦ ᠶᠠᠪᠤᠳᠠᠯ ᠪᠣᠯᠣᠨ᠎ᠠ᠃
ᠡᠷᠬᠡᠪᠰᠢ ᠲᠣᠳᠣᠷ ᠲᠠᠮᠢᠷ ᠵᠢᠡᠨ ᠬᠦᠴᠦᠯᠡᠨ ᠴᠢᠩᠭᠠᠷᠠᠭᠣᠯᠬᠣ ᠪᠡᠷ ᠲᠠᠮᠵᠢᠨ ᠭᠠᠳᠠᠭᠠᠳᠣ ᠵᠢᠨ ᠦᠷᠢᠰᠦᠯᠳᠦᠬᠡᠨ᠎ᠢ ᠠᠷᠭᠠᠴᠠᠭᠠᠵᠦ᠂ ᠳᠤᠮᠳᠠᠳᠤ ᠤᠯᠤᠰ᠎ᠤᠨ ᠠᠵᠤ ᠠᠬᠤᠢ᠎ᠶᠢᠨ ᠠᠭᠤᠤ ᠶᠡᠬᠡ ᠲᠡᠮᠡᠴᠡᠯ᠎ᠦᠨ ᠪᠠᠢᠯᠳᠤᠬᠤ ᠪᠣᠳᠣᠯᠭ᠎ᠠ᠎ᠶᠢᠨ ᠰᠥᠰᠥ ᠵᠣᠷᠢᠭ᠋᠎ᠢ ᠢᠯᠡᠷᠡᠭᠦᠯᠦᠭᠰᠡᠨ ᠪᠠᠢᠬᠤ ᠬᠡᠷᠡᠭᠲᠡᠢ᠃ ᠣᠳᠣᠬᠠᠨ᠎ᠳᠤ ᠳᠡᠯᠡᠬᠡᠢ᠎ᠶᠢᠨ ᠠᠵᠤ ᠠᠬᠤᠢ᠎ᠶᠢᠨ ᠰᠡᠷᠭᠦᠯᠲᠡ ᠬᠦᠴᠦᠨ ᠮᠡᠬᠦᠰᠳᠡᠵᠦ᠂ ᠪᠥᠬᠥ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠲᠦᠷᠭᠡᠪᠴᠢᠯᠡᠨ ᠳᠠᠬᠢᠨ ᠪᠠᠢᠭᠤᠯᠵᠤ ᠪᠠᠢᠨ᠎ᠠ᠂ ᠡᠲᠡᠭᠡᠷ ᠭᠠᠳᠠᠭᠠᠳᠤ ᠥᠷᠢᠰᠦᠯᠳᠦᠭᠡᠨ ᠪᠣᠯ ᠠᠵᠤ ᠠᠬᠤᠢ᠎ᠶᠢᠨ ᠬᠥᠭᠵᠢᠯᠲᠡ᠎ᠶᠢ ᠨᠥᠯᠥᠭᠡᠯᠡᠬᠦ 《ᠭᠠᠳᠠᠭᠠᠳᠤ ᠰᠢᠯᠲᠠᠭᠠᠨ》 ᠮᠥᠨ᠂ ᠬᠠᠷᠢᠨ ᠮᠠᠨ᠎ᠤ ᠤᠯᠤᠰ᠎ᠤᠨ ᠠᠵᠤ ᠠᠬᠤᠢ᠎ᠶᠢᠨ ᠲᠣᠰ ᠪᠡᠶ᠎ᠡ᠎ᠶᠢᠨ ᠬᠥᠭᠵᠢᠯᠲᠡ᠎ᠶᠢᠨ ᠰᠠᠭᠤᠷᠢ᠂ ᠠᠵᠤ ᠦᠢᠯᠡᠰ᠎ᠦᠨ ᠤᠶᠠᠨ ᠬᠠᠲᠠᠨ ᠴᠢᠨᠠᠷ᠂ ᠰᠢᠨ᠎ᠡ᠎ᠶᠢ ᠡᠭᠦᠳᠬᠦ ᠴᠢᠳᠠᠪᠤᠷᠢ ᠵᠡᠷᠭᠡ 《ᠳᠣᠲᠣᠭᠠᠳᠤ ᠰᠢᠯᠲᠠᠭᠠᠨ》 ᠪᠣᠯ ᠰᠠᠶᠢ ᠠᠶᠤᠯ ᠲᠦᠭᠰᠢᠭᠦᠷᠢ᠎ᠶᠢ ᠡᠰᠡᠷᠭᠦᠴᠡᠨ ᠬᠣᠷᠢᠭ᠍ᠯᠠᠬᠤ᠂ ᠬᠥᠯ ᠲᠣᠭᠲᠠᠬᠤ᠎ᠶᠢᠨ ᠵᠠᠩᠭᠢᠯᠠᠭ᠎ᠠ ᠮᠥᠨ᠃ ᠭᠠᠭᠴᠠ ᠬᠦ᠌ ᠲᠣᠳᠣᠷ ᠲᠠᠮᠢᠷ ᠵᠢᠡᠨ ᠬᠦᠴᠦᠯᠡᠨ ᠴᠢᠩᠭᠠᠷᠠᠭᠣᠯᠵᠦ᠂ ᠬᠥᠭᠵᠢᠯᠲᠡ᠎ᠶᠢᠨ ᠵᠣᠭᠰᠣᠴᠠ᠎ᠪᠠᠨ ᠤᠯᠤᠰ᠎ᠤᠨ ᠳᠣᠲᠣᠭᠠᠳᠤ᠎ᠳᠤ ᠢᠯᠡᠭᠦᠦ ᠲᠠᠯᠪᠢᠵᠤ᠂ ᠲᠤᠰ ᠪᠡᠶ᠎ᠡ᠎ᠶᠢᠨ ᠬᠥᠭᠵᠢᠯᠲᠡ᠎ᠶᠢᠨ ᠰᠠᠭᠤᠷᠢ᠎ᠪᠠᠨ ᠪᠠᠲᠤᠳᠬᠠᠪᠠᠯ ᠰᠠᠶᠢ ᠭᠠᠳᠠᠭᠠᠳᠤ ᠥᠷᠢᠰᠦᠯᠳᠦᠭᠡᠨ᠎ᠢ ᠥᠭᠡᠷᠡᠴᠢᠯᠡᠯᠲᠡ᠎ᠶᠢ ᠭᠡᠳᠡᠷᠬᠦ ᠰᠢᠬᠠᠮᠳᠠᠭᠤᠯᠬᠤ᠂ ᠲᠠᠯᠳᠠ ᠴᠢᠳᠠᠪᠤᠷᠢ᠎ᠶᠢ ᠬᠥᠭᠵᠢᠭᠡᠬᠦ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠲᠤᠰ ᠪᠡᠶ᠎ᠡ᠎ᠶᠢᠨ ᠬᠥᠭᠵᠢᠯᠲᠡ᠎ᠶᠢᠨ ᠲᠣᠭᠲᠠᠭᠠᠯᠲᠤ ᠴᠢᠨᠠᠷ᠎ᠢᠶᠠᠷ ᠭᠠᠳᠠᠭᠠᠳᠤ ᠣᠷᠴᠢᠨ ᠲᠣᠭᠣᠷᠢᠨ᠎ᠤ ᠲᠣᠭᠲᠠᠭᠠᠯᠲᠤ ᠪᠤᠰᠤ ᠴᠢᠨᠠᠷ᠎ᠲᠤ ᠬᠠᠨᠳᠤᠵᠤ ᠴᠢᠳᠠᠨ᠎ᠠ᠃ ᠳᠣᠲᠣᠷ ᠲᠠᠮᠢᠷ᠎ᠢᠶᠠᠨ ᠴᠢᠩᠭᠠᠷᠠᠭᠣᠯᠬᠣᠳᠤ᠂ ᠶᠡᠬᠡ ᠲᠠᠯ᠎ᠠ᠎ᠠᠴᠠ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠤᠨ ᠵᠠᠩᠭᠢᠯᠠᠭ᠎ᠠ᠎ᠶᠢᠨ ᠬᠦᠴᠦᠯᠡᠬᠦ ᠴᠡᠭ᠎ᠢ ᠡᠵᠡᠮᠳᠡᠵᠦ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠲᠠᠰᠤᠷᠠᠯᠳᠠ ᠦᠭᠡᠢ ᠨᠡᠮᠡᠭᠳᠡᠭᠦᠯᠬᠦ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠲᠣᠭᠣᠷᠢᠨ᠎ᠳᠤ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ ᠂ ᠤᠳᠠᠭᠠᠨ ᠳᠠᠭᠠᠭᠠᠮᠠᠭᠠᠢ᠎ᠪᠠᠷ ᠵᠢᠳᠬᠦᠨ ᠴᠢᠷᠮᠠᠢᠬᠤ ᠬᠡᠷᠡᠭᠲᠡᠢ᠃
— 《 ᠭᠤᠸᠠᠩᠮᠢᠩ ᠡᠳᠦᠷ᠎ᠦᠨ ᠰᠣᠨᠢᠨ》 ᠡᠴᠡ