ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠢᠬᠤ ᠪᠣᠯ ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ᠎ᠶᠢᠨ ᠠᠵᠢᠯᠯᠠᠭᠠᠨ᠎ᠳᠤ ᠲᠤᠯᠭᠠᠷᠠᠵᠤ ᠪᠠᠢᠭ᠎ᠠ ᠨᠢᠭᠡᠨ ᠭᠣᠣᠯ ᠠᠰᠠᠭᠤᠳᠠᠯ ᠮᠥᠨ᠃ ᠥᠩᠭᠡᠷᠡᠭᠰᠡᠨ ᠲᠠᠪᠤᠨ ᠵᠢᠯ᠎ᠳᠦ ᠬᠡᠳᠦᠢᠪᠡᠷ ᠳᠣᠲᠣᠭᠠᠳᠤ ᠬᠡᠷᠡᠭᠴᠡᠭᠡ᠎ᠶᠢ ᠦᠷᠭᠦᠯᠵᠢᠯᠡᠨ ᠬᠦᠴᠦᠯᠡᠨ ᠥᠷᠭᠡᠳᠬᠡᠵᠦ᠂ ᠬᠠᠩᠭᠠᠯᠭ᠎ᠠ ᠬᠡᠷᠡᠭᠴᠡᠭᠡ᠎ᠶᠢᠨ ᠣᠷᠴᠢᠯ᠎ᠢ ᠬᠦᠴᠦᠯᠡᠨ ᠰᠢᠯᠤᠭᠤᠳᠬᠠᠭᠰᠠᠨ ᠪᠣᠯᠪᠠᠴᠤ ᠤᠯᠤᠰ᠎ᠤᠨ ᠳᠣᠲᠣᠭᠠᠳᠤ᠎ᠶᠢᠨ ᠬᠡᠷᠡᠭᠯᠡᠭᠡ ᠬᠢᠭᠡᠳ ᠪᠡᠯᠡ ᠣᠷᠣᠭᠤᠯᠤᠯᠲᠠ᠎ᠶᠢᠨ ᠨᠡᠮᠡᠭᠳᠡᠯ ᠮᠥᠨ ᠯᠡ ᠪᠠᠭᠤᠷᠠᠢ ᠪᠠᠢᠳᠠᠯ᠎ᠳᠤ ᠣᠷᠣᠰᠢᠵᠤ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠪᠠᠢᠯᠳᠤᠬᠤ ᠪᠣᠳᠣᠯᠭ᠎ᠠ᠎ᠶᠢᠨ ᠰᠠᠭᠤᠷᠢ ᠪᠣᠯᠬᠤ ᠦᠢᠯᠡᠳᠦᠯ᠎ᠢ ᠬᠠᠷᠠᠬᠠᠨ ᠭᠦᠢᠴᠡᠳ ᠪᠠᠳᠠᠷᠠᠭᠤᠯᠤᠭᠠᠳᠤᠢ ᠪᠠᠢᠭᠰᠠᠭᠠᠷ᠃
ᠨᠠᠮ᠎ᠤᠨ ᠲᠥᠪ ᠬᠣᠷᠢᠶ᠎ᠠ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠡᠨᠡ ᠬᠦ᠌ ᠪᠠᠢᠯᠳᠤᠬᠤ ᠪᠣᠳᠣᠯᠭ᠎ᠠ᠎ᠶᠢᠨ ᠰᠠᠭᠤᠷᠢ ᠴᠡᠭ᠎ᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠢᠷ᠎ᠠ᠎ᠳᠤ ᠬᠤᠷᠠᠯᠳᠤᠭᠰᠠᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠠᠴᠠ 《ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠪᠠᠶ᠋ᠢᠭᠤᠯᠬᠤ》 ᠵᠢ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠤᠨ 8 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢᠨ ᠲᠡᠷᠢᠭᠦᠨ᠎ᠳᠦ ᠣᠷᠣᠭᠤᠯᠪᠠ᠃ ᠡᠳᠡᠭᠡᠷ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠨᠢ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠶᠢᠨ ᠴᠢᠬᠤᠯᠠ ᠴᠢᠨᠠᠷ ᠪᠠ ᠲᠤᠯᠭᠠᠮ ᠴᠢᠨᠠᠷ᠎ᠢ ᠤᠯᠠᠮ ᠨᠢᠭᠡ ᠠᠯᠬᠤᠮ ᠲᠤᠪᠤᠢ᠍ᠢᠯᠭᠠᠪᠠ᠃
ᠦᠨᠡᠨ᠎ᠳᠡᠭᠡᠨ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠨᠢ ᠠᠵᠤ ᠠᠬᠤᠢ᠎ᠶᠢᠨ ᠲᠣᠭᠲᠠᠭᠤᠨ ᠪᠠᠢᠳᠠᠯ᠎ᠳᠤ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠠᠵᠤ ᠠᠬᠤᠢ᠎ᠶᠢᠨ ᠠᠮᠤᠷ ᠲᠦᠪᠰᠢᠨ᠎ᠳᠦ ᠬᠣᠯᠪᠣᠭᠳᠠᠨ᠎ᠠ᠃ ᠣᠳᠣᠬᠠᠨ᠎ᠳᠤ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠦᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠭᠠᠵᠠᠷ ᠣᠷᠣᠨ᠎ᠤ ᠮᠥᠷᠭᠥᠯᠳᠦᠭᠡᠨ ᠤᠯᠠᠨ ᠡᠭᠦᠰᠴᠦ ᠪᠠᠢᠨ᠎ᠠ᠃ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶᠢᠨ ᠵᠢᠱ᠌ᠢᠯᠲᠡ᠎ᠪᠡᠷ 2026 ᠣᠨ᠎ᠤ ᠪᠦᠬᠦ ᠪᠥᠮᠪᠥᠷᠴᠡᠭ᠎ᠦᠨ ᠡᠳ᠋ ᠪᠠᠷᠠᠭᠠᠨ᠎ᠤ ᠠᠷᠠᠯᠵᠢᠶᠠᠨ᠎ᠤ ᠬᠡᠮᠵᠢᠶᠡᠨ᠎ᠦ ᠨᠡᠮᠡᠭᠳᠡᠯ᠎ᠦᠨ ᠬᠤᠷᠳᠤᠴᠠ 0.5% ᠪᠠᠢᠵᠤ᠂ ᠲᠡᠦᠬᠡ᠎ᠶᠢᠨ ᠳᠤᠮᠳᠠᠴᠢ ᠲᠦᠪᠰᠢᠨ᠎ᠡᠴᠡ ᠶᠡᠬᠡ ᠳᠣᠣᠷ᠎ᠠ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶᠢᠨ ᠲᠣᠭᠲᠠᠭᠤᠨ ᠠᠵᠢᠯᠯᠠᠭᠠᠨ ᠨᠡᠩ ᠤᠯᠠᠨ ᠲᠣᠭᠲᠠᠭᠠᠯᠲᠤ ᠪᠤᠰᠤ ᠴᠢᠨᠠᠷ᠎ᠲᠤ ᠲᠤᠯᠭᠠᠷᠠᠬᠤ ᠪᠣᠯᠣᠨ᠎ᠠ᠂ ᠭᠠᠭᠴᠠ ᠬᠦ᠌ ᠲᠣᠭᠲᠠᠭᠤᠨ ᠳᠣᠲᠣᠭᠠᠳᠤ ᠬᠡᠷᠡᠭᠴᠡᠭᠡ᠎ᠶᠢᠨ ᠨᠡᠮᠡᠭᠳᠡᠯ ᠨᠢ ᠰᠠᠶᠢ ᠭᠠᠳᠠᠭᠠᠳᠤ ᠬᠡᠷᠡᠭᠴᠡᠭᠡ᠎ᠶᠢᠨ ᠬᠤᠪᠢᠷᠠᠯᠲᠠ᠎ᠶᠢ ᠪᠦᠲᠦᠮᠵᠢᠲᠡᠢ ᠠᠷᠭᠠᠴᠠᠭᠠᠵᠤ ᠴᠢᠳᠠᠨ᠎ᠠ᠃ ᠡᠨᠡ ᠨᠢ ᠳᠣᠲᠣᠭᠠᠳᠤ ᠬᠡᠷᠡᠭᠴᠡᠭᠡ᠎ᠶᠢ ᠪᠦᠬᠦ ᠲᠠᠯ᠎ᠠ᠎ᠪᠠᠷ ᠥᠷᠭᠡᠳᠬᠡᠬᠦ ᠪᠣᠯ ᠲᠦᠷ ᠴᠠᠭ᠎ᠤᠨ ᠠᠷᠭᠠᠴᠠᠭᠠᠬᠤ ᠠᠷᠭ᠎ᠠ ᠪᠢᠰᠢ᠂ ᠬᠠᠷᠢᠨ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠮᠥᠨ᠂ ᠡᠷᠬᠡᠪᠰᠢ ᠬᠤᠯᠠ᠎ᠶᠢ ᠪᠣᠳᠣᠯᠬᠢᠯᠠᠨ᠂ ᠰᠢᠰᠲᠧᠮ᠎ᠲᠠᠢ᠎ᠪᠡᠷ ᠲᠥᠯᠥᠪᠯᠡᠵᠦ᠂ ᠨᠡᠩ ᠠᠮᠢᠳᠤᠯᠢᠭ᠋ ᠪᠥᠭᠡᠳ ᠪᠦᠲᠦᠮᠵᠢᠲᠡᠢ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ ᠪᠡᠷ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠢᠬᠤ ᠠᠰᠠᠭᠤᠳᠠᠯ᠎ᠢ ᠦᠨᠳᠦᠰᠦᠨ᠎ᠡᠴᠡ ᠨᠢ ᠰᠢᠢᠳᠪᠦᠷᠢᠯᠡᠬᠦ ᠬᠡᠷᠡᠭᠲᠡᠢ ᠭᠡᠳᠡᠭ᠎ᠢ ᠬᠠᠷᠠᠭᠤᠯᠵᠤ ᠪᠠᠢᠨ᠎ᠠ᠃
ᠰᠠᠭᠤᠭᠠᠯᠢ ᠠᠷᠠᠳ᠎ᠤᠨ ᠬᠡᠷᠡᠭᠯᠡᠭᠡ ᠵᠢᠨ ᠨᠤᠷᠮ᠎ᠠ ᠳᠣᠣᠷ᠎ᠠ ᠪᠠᠢᠬᠤ ᠪᠣᠯ ᠮᠠᠨ᠎ᠤ ᠤᠯᠤᠰ᠎ᠤᠨ ᠳᠣᠲᠣᠭᠠᠳᠤ ᠬᠡᠷᠡᠭᠴᠡᠭᠡ ᠭᠦᠢᠴᠡᠳ ᠦᠭᠡᠢ ᠪᠠᠢᠬᠤ᠎ᠶᠢᠨ ᠲᠣᠪᠣᠢᠮ᠎ᠠ ᠢᠯᠡᠷᠡᠯ᠎ᠦᠨ ᠨᠢᠭᠡ ᠮᠥᠨ᠃ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2024 ᠣᠨ᠎ᠳᠤ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠡᠷᠡᠭᠯᠡᠭᠡ ᠵᠢᠨ ᠨᠣᠷᠮ᠎ᠠ 39.9% ᠪᠠᠢᠵᠤ᠂ ᠬᠥᠭᠵᠢᠭᠰᠡᠨ ᠤᠯᠤᠰ᠎ᠲᠠᠢ ᠬᠠᠷᠢᠴᠠᠭᠤᠯᠪᠠᠯ ᠵᠠᠭᠣᠨᠦ ᠬᠠᠷᠢᠴᠠᠯ ᠵᠢᠡᠷ 10 ᠡᠴᠡ 30 ᠬᠣᠪᠢ ᠵᠢᠨ ᠵᠥᠷᠢᠶ᠎ᠡ ᠣᠷᠣᠰᠢᠵᠤ ᠪᠠᠢᠨ᠎ᠠ᠃ ᠵᠥᠷᠢᠶ᠎ᠡ ᠪᠣᠯ ᠪᠠᠰᠠ ᠴᠤ᠌ ᠲᠠᠯᠳᠠ ᠬᠦᠴᠦᠨ ᠮᠥᠨ᠂ ᠵᠥᠷᠢᠶ᠎ᠡ᠎ᠶᠢ ᠪᠠᠭᠠᠰᠬᠠᠵᠤ᠂ ᠲᠠᠯᠳᠠ ᠬᠦᠴᠦᠨ᠎ᠢ ᠪᠠᠳᠠᠷᠠᠭᠤᠯᠬᠤ᠎ᠳᠤ ᠶᠡᠷᠦᠩᠬᠡᠢ᠎ᠳᠡᠭᠡᠨ ᠠᠰᠢᠭ᠍ᠲᠠᠢ ᠬᠦᠴᠦᠨ ᠵᠦᠢᠯ ᠨᠢ ᠠᠰᠢᠭ᠋ ᠦᠭᠡᠢ ᠬᠦᠴᠦᠨ ᠵᠦᠢᠯ᠎ᠡᠴᠡ ᠢᠯᠡᠭᠦᠦ ᠪᠠᠢᠵᠤ᠂ ᠠᠵᠠ ᠲᠣᠬᠢᠶᠠᠯ ᠨᠢ ᠮᠥᠨ ᠯᠡ ᠥᠷᠢᠰᠦᠯᠳᠦᠭᠡᠨ᠎ᠡᠴᠡ ᠶᠡᠬᠡ ᠪᠠᠢᠨ᠎ᠠ᠃
ᠬᠡᠷᠡᠭᠯᠡᠭᠡ ᠵᠢᠨ ᠳᠡᠰ ᠳᠡᠪᠰᠢᠬᠦ ᠳᠠᠯᠳᠠ ᠬᠦᠴᠦᠨ ᠯᠤᠲᠤ ᠶᠡᠬᠡ ᠪᠠᠢᠨ᠎ᠠ᠃ ᠮᠠᠨ᠎ᠤ ᠤᠯᠤᠰ ᠶᠠᠭ ᠪᠦᠬᠦ ᠪᠥᠮᠪᠥᠷᠴᠡᠭ᠎ᠦᠨ ᠬᠠᠮᠤᠭ᠎ᠤᠨ ᠶᠡᠬᠡ ᠬᠡᠪᠴᠢᠶ᠎ᠡ᠎ᠲᠠᠢ ᠳᠤᠮᠳᠠ ᠵᠡᠷᠭᠡ᠎ᠶᠢᠨ ᠣᠷᠣᠯᠭ᠎ᠠ᠎ᠲᠠᠢ ᠬᠦᠮᠦᠰ᠎ᠢ ᠪᠤᠢᠵᠢᠭᠤᠯᠵᠦ ᠪᠠᠢᠨ᠎ᠠ᠂ ᠬᠥᠮᠥᠨ ᠳᠤᠮᠳᠠᠴᠢ᠎ᠶᠢᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠦᠬᠦ ᠦᠷᠳᠡᠭ ᠲᠦᠮᠡᠨ ᠳ᠋ᠣᠯᠯᠠᠷ᠎ᠢ ᠳᠠᠪᠠᠭᠰᠠᠨ᠎ᠤ ᠲᠠᠷᠠᠭ᠎ᠠ᠂ ᠰᠠᠭᠤᠭᠠᠯᠢ ᠠᠷᠠᠳ᠎ᠤᠨ ᠬᠡᠷᠡᠭᠯᠡᠭᠡ 《ᠵᠠᠪᠠᠯ ᠬᠡᠷᠡᠭᠰᠡᠬᠦ ᠬᠡᠷᠡᠭᠴᠡᠭᠡ》᠎ᠳᠡᠭᠡᠨ ᠰᠡᠳᠬᠢᠯ ᠬᠠᠩᠬᠤ ᠦᠭᠡᠢ ᠪᠣᠯᠵᠤ᠂ ᠦᠢᠯᠡᠴᠢᠯᠡᠭᠡᠨ᠎ᠦ ᠬᠡᠷᠡᠭᠯᠡᠭᠡ ᠲᠦᠷᠭᠡᠨ᠎ᠢᠶᠡᠷ ᠨᠡᠮᠡᠭᠳᠡᠬᠦ ᠪᠣᠯᠣᠨ᠎ᠠ᠃ ᠡᠭᠦᠨ᠎ᠡᠴᠡ ᠭᠠᠳᠠᠨ᠎ᠠ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠬᠡᠷᠡᠭᠯᠡᠭᠡ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠬᠡᠪ ᠵᠠᠭᠪᠤᠷ ᠰᠢᠨ᠎ᠡ ᠪᠠᠢᠳᠠᠯ ᠲᠦᠷᠭᠡᠨ ᠬᠥᠭᠵᠢᠵᠦ᠂ ᠬᠡᠷᠡᠭᠯᠡᠭᠡ᠎ᠵᠢᠨ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠬᠤ᠎ᠶᠢ ᠠᠬᠢᠭᠤᠯᠬᠤ ᠪᠣᠯᠣᠨ᠎ᠠ᠃
ᠪᠦᠲᠦᠮᠵᠢᠲᠡᠶ ᠪᠡᠯᠡ ᠣᠷᠣᠭᠤᠯᠤᠯᠲᠠ᠎ᠶᠢᠨ ᠣᠷᠣᠨ ᠵᠠᠢ ᠥᠷᠭᠡᠨ ᠠᠭᠤᠳᠠᠮ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶᠢᠨ ᠰᠠᠭᠤᠷᠢ ᠲᠣᠭᠲᠠᠭᠤᠨ᠂ ᠳᠠᠪᠠᠭᠤᠯᠢᠭ᠋ ᠣᠯᠠᠨ᠂ ᠤᠶᠠᠨ ᠬᠠᠳᠠᠨ ᠴᠢᠨᠠᠷ᠎ᠢᠶᠠᠷ ᠴᠢᠩᠭ᠎ᠠ ᠪᠠᠢᠳᠠᠭ ᠪᠣᠯᠪᠠᠴᠤ ᠬᠥᠮᠥᠨ ᠳᠤᠮᠳᠠᠴᠢ᠎ᠶᠢᠨ ᠬᠥᠷᠥᠩᠭᠡ᠎ᠶᠢᠨ ᠬᠠᠳᠠᠭᠠᠯᠠᠯᠲᠠ ᠵᠢᠨ ᠬᠡᠮᠵᠢᠶ᠎ᠡ ᠬᠥᠭᠵᠢᠭᠰᠡᠨ ᠠᠵᠤ ᠠᠬᠤᠢ᠎ᠶᠢᠨ ᠴᠣᠭᠴᠠ᠎ᠠᠴᠠ ᠢᠯᠡᠳᠲᠡ ᠳᠣᠣᠷ᠎ᠠ ᠪᠠᠢᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠪᠠᠰᠠ ᠮᠠᠰᠢ ᠣᠯᠠᠨ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠢᠭ᠎ᠠ ᠪᠣᠯᠬᠣᠷ ᠨᠥᠬᠥᠪᠦᠷᠢᠯᠡᠬᠦ ᠴᠢᠬᠤᠯᠠᠲᠠᠢ ᠪᠠᠢᠨ᠎ᠠ ᠂ ᠰᠢᠨ᠎ᠡ ᠬᠡᠯᠪᠡᠷᠢ᠎ᠶᠢᠨ ᠬᠣᠲᠠ ᠪᠠᠯᠭᠠᠰᠤᠵᠢᠯᠲᠠ᠎ᠳᠤ ᠪᠠᠰᠠ ᠨᠡᠯᠢᠶᠡᠳ ᠶᠡᠬᠡ ᠳᠠᠯᠳᠠ ᠬᠦᠴᠦᠨ᠎ᠢ ᠠᠭᠤᠳᠠᠯᠵᠤ ᠪᠣᠯᠣᠨ᠎ᠠ᠃ ᠡᠭᠦᠨ᠎ᠡᠴᠡ ᠭᠠᠳᠠᠨ᠎ᠠ ᠮᠠᠨ᠎ᠤ ᠤᠯᠤᠰ᠎ᠤᠨ ᠶᠡᠷᠦᠩᠬᠡᠢ ᠬᠠᠳᠠᠭᠠᠯᠠᠮᠵᠢ᠎ᠶᠢᠨ ᠨᠤᠷᠮ᠎ᠠ ᠶᠡᠷᠦᠩᠬᠡᠢ᠎ᠳᠡᠭᠡᠨ ᠥᠨᠳᠥᠷ ᠰᠢᠭ ᠪᠠᠢᠵᠤ᠂ ᠬᠣᠷᠸ᠎ᠠ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢᠨ ᠨᠥᠭᠡᠴᠡ ᠨᠡᠯᠢᠶᠡᠳ ᠭᠦᠢᠴᠡᠳ ᠪᠠᠢᠵᠤ᠂ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠬᠦ᠎ᠳᠦ ᠮᠥᠨ ᠥᠷᠭᠡᠨ ᠠᠭᠤᠳᠠᠮ ᠣᠷᠣᠨ ᠵᠠᠢ ᠪᠠᠢᠨ᠎ᠠ᠃
ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠵᠤ ᠳᠠᠯᠳᠠ ᠬᠦᠴᠦᠨ᠎ᠢᠶᠡᠨ ᠥᠷᠭᠡᠳᠬᠡᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠢᠯᠠᠭᠠᠭᠳᠠᠬᠤᠨ ᠬᠥᠮᠥᠰ᠎ᠦᠨ ᠰᠡᠳᠬᠢᠯ᠎ᠳᠦ ᠭᠦᠨ ᠬᠠᠳᠠᠩᠰᠢᠵᠤ᠂ ᠪᠣᠬᠢᠷᠲᠤᠯ ᠦᠭᠡᠢ ᠬᠡᠷᠡᠭᠯᠡᠭᠡ ᠡᠳᠦᠷ ᠲᠤᠳᠤᠮ᠎ᠤᠨ ᠠᠮᠢᠳᠤᠷᠠᠯ᠎ᠳᠤ ᠲᠦᠷᠭᠡᠨ ᠠᠭᠤᠰᠴᠤ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠪᠣᠬᠢᠷᠲᠤᠯ ᠦᠭᠡᠢ ᠬᠡᠷᠡᠭᠯᠡᠭᠡ ᠵᠡᠷᠭᠡ ᠰᠢᠨ᠎ᠡ ᠵᠠᠬ᠎ᠠ ᠳᠡᠯᠭᠡᠭᠦᠷ᠎ᠢ ᠲᠦᠷᠭᠡᠨ ᠨᠡᠭᠡᠭᠡᠪᠡ᠃ ᠡᠨᠧᠷᠭᠢ᠎ᠶᠢᠨ ᠰᠤᠷᠪᠤᠯᠵᠢ᠂ ᠵᠠᠮ ᠬᠠᠷᠢᠯᠴᠠᠭ᠎ᠠ᠂ ᠪᠠᠷᠢᠯᠭ᠎ᠠ ᠵᠡᠷᠭᠡ ᠤᠯᠠᠮᠵᠢᠯᠠᠯᠲᠤ ᠠᠵᠤ ᠦᠢᠯᠡᠰ ᠨᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠪᠡᠨ ᠬᠤᠪᠢᠷᠠᠭᠤᠯᠬᠤ ᠶᠠᠪᠤᠴᠠ᠎ᠳᠤ ᠪᠠᠰᠠ ᠯᠤᠲᠤ ᠶᠡᠬᠡ ᠪᠡᠯᠡ ᠣᠷᠣᠭᠤᠯᠤᠯᠲᠠ᠎ᠶᠢᠨ ᠠᠵᠠ ᠲᠣᠬᠢᠶᠠᠯ ᠢ ᠡᠭᠦᠳᠬᠦ ᠪᠣᠯᠣᠨ᠎ᠠ᠃
ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ ᠶᠠᠭ ᠤᠷᠢᠳ ᠡᠮᠦᠨ᠎ᠡ ᠪᠠᠢᠭ᠎ᠠ ᠦᠭᠡᠢ ᠪᠤᠳᠤᠯᠢᠶᠠᠨᠲᠠᠢ ᠪᠠᠢᠳᠠᠯ᠎ᠳᠤ ᠲᠤᠯᠭᠠᠷᠠᠵᠤ ᠪᠠᠢᠨ᠎ᠠ᠃ ᠡᠨᠡ ᠨᠢ ᠳᠣᠲᠣᠭᠠᠳᠤ ᠬᠡᠷᠡᠭᠴᠡᠭᠡ᠎ᠶᠢ ᠪᠦᠬᠦ ᠲᠠᠯ᠎ᠠ᠎ᠪᠠᠷ ᠥᠷᠭᠡᠳᠬᠡᠬᠦ᠎ᠳᠦ ᠵᠥᠪᠬᠡᠨ ᠳᠥᠭᠥᠮᠬᠡᠨ ᠰᠡᠳᠡᠯᠲᠡ ᠥᠭᠬᠦ ᠲᠦᠷᠦ᠎ᠶᠢᠨ ᠪᠣᠳᠣᠯᠭ᠎ᠠ᠎ᠶᠢᠨ ᠨᠡᠮᠡᠭᠳᠡᠯ ᠲᠣᠭ᠎ᠠ ᠪᠠᠢᠵᠤ ᠪᠣᠯᠬᠤ ᠦᠭᠡᠢ᠂ ᠬᠠᠷᠢᠨ ᠰᠢᠰᠲᠧᠮᠲᠦ ᠴᠢᠨᠠᠷᠲᠠᠢ ᠪᠦᠲᠦᠴᠡ᠎ᠶᠢᠨ ᠥᠭᠡᠷᠡᠴᠢᠯᠡᠯᠲᠡ ᠪᠠᠢᠬᠤ ᠬᠡᠷᠡᠭᠲᠡᠢ ᠭᠡᠳᠡᠭ᠎ᠢ ᠬᠠᠷᠠᠭᠤᠯᠵᠤ ᠪᠠᠢᠨ᠎ᠠ᠃ ᠵᠢᠱ᠌ᠢᠶᠡᠯᠡᠪᠡᠯ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠶᠢᠨ ᠠᠩᠬᠠᠨ᠎ᠦ ᠠᠯᠬᠣᠮ ᠨᠢ ᠰᠠᠭᠤᠭᠠᠯᠢ ᠠᠷᠠᠳ᠎ᠤᠨ 《ᠵᠠᠷᠤᠬᠤ ᠵᠣᠭᠣᠰ᠎ᠲᠠᠢ᠂ ᠵᠠᠷᠤᠬᠤ ᠵᠣᠷᠢᠭ᠋᠎ᠲᠠᠢ ᠪᠠᠢᠬᠤ᠎ᠳᠤ ᠪᠠᠢᠨ᠎ᠠ》᠂ ᠡᠨᠡ ᠨᠢ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠥᠭᠡᠷᠡᠴᠢᠯᠡᠯᠲᠡ ᠪᠣᠯ ᠵᠠᠩᠭᠢᠯᠠᠭ᠎ᠠ ᠪᠣᠯᠣᠨ᠎ᠠ᠃ ᠳᠤᠮᠳᠠ ᠳᠣᠣᠷ᠎ᠠ ᠣᠷᠣᠯᠭ᠎ᠠ᠎ᠲᠠᠢ ᠬᠥᠮᠥᠰ ᠨᠠᠩ ᠣᠯᠠᠨ ᠡᠳ᠋ ᠪᠠᠶᠠᠯᠢᠭ᠋ ᠲᠠᠢ ᠪᠣᠯᠪᠠᠯ ᠬᠡᠷᠡᠭᠯᠡᠭᠡ ᠵᠢᠨ ᠬᠥᠳᠡᠯᠭᠡᠭᠦᠷ ᠰᠠᠶᠢ ᠵᠢᠩᠬᠢᠨᠢ᠎ᠪᠡᠷ ᠨᠡᠭᠡᠭᠡᠭᠳᠡᠵᠦ ᠴᠢᠳᠠᠨ᠎ᠠ᠃ ᠪᠠᠰᠠ ᠵᠢᠱ᠌ᠢᠶᠡᠯᠡᠪᠡᠯ ᠪᠦᠲᠦᠮᠵᠢᠲᠡᠢ ᠬᠠᠩᠭᠠᠯᠭ᠎ᠠ ᠬᠦᠷᠦᠯᠴᠡᠬᠦ ᠦᠭᠡᠢ ᠪᠠᠢᠬᠤ ᠨᠢ ᠬᠡᠷᠡᠭᠯᠡᠭᠡ ᠵᠢᠨ ᠲᠠᠯᠳᠠ ᠬᠦᠴᠦᠨ᠎ᠢ ᠪᠠᠳᠠᠷᠠᠭᠤᠯᠬᠤ᠎ᠶᠢ ᠬᠣᠷᠢᠭ᠍ᠯᠠᠵᠤ᠂ ᠬᠠᠩᠭᠠᠯᠭ᠎ᠠ᠎ᠶᠢᠨ ᠰᠢᠰᠲᠧᠮ᠎ᠢ ᠲᠠᠬᠢᠨ ᠪᠠᠶ᠋ᠢᠭᠤᠯᠬᠤ᠎ᠪᠠᠷ ᠪᠦᠲᠦᠮᠵᠢᠲᠡᠢ ᠬᠡᠷᠡᠭᠴᠡᠭᠡ᠎ᠶᠢ ᠪᠤᠢ ᠪᠣᠯᠭᠠᠵᠦ᠂ ᠳᠤᠮᠳᠠᠳᠤ ᠤᠯᠤᠰ᠎ᠤᠨ ᠦᠢᠯᠡᠳᠬᠦ ᠦᠢᠯᠡᠰ᠎ᠦᠨ ᠰᠢᠨ᠎ᠡ ᠡᠭᠦᠷᠭᠡ ᠪᠣᠯᠤᠭᠰᠠᠨ ᠪᠠᠢᠨ᠎ᠠ᠃
ᠨᠠᠩ ᠴᠢᠬᠤᠯᠠ ᠨᠢ ᠢᠲᠡᠭᠡᠯ ᠪᠠ ᠵᠢᠱ᠌ᠢᠯᠲᠡ᠎ᠶᠢ ᠳᠠᠬᠢᠨ ᠪᠦᠲᠦᠭᠡᠬᠦ᠎ᠳᠦ ᠪᠤᠢ᠃ ᠣᠳᠣᠬᠠᠨ᠎ᠳᠤ ᠵᠢᠱ᠌ᠢᠯᠲᠡ ᠪᠠᠭᠤᠷᠠᠢ ᠪᠠᠢᠬᠤ ᠪᠣᠯ ᠳᠣᠲᠣᠭᠠᠳᠤ ᠬᠡᠷᠡᠭᠴᠡᠭᠡ᠎ᠶᠢᠨ ᠥᠷᠭᠡᠳᠬᠦ᠎ᠶᠢ ᠬᠢᠵᠠᠭᠠᠷᠯᠠᠵᠤ ᠪᠠᠢᠭ᠎ᠠ ᠭᠦᠨ ᠳᠠᠪᠬᠤᠷᠭ᠎ᠠ᠎ᠶᠢᠨ ᠬᠠᠷᠰᠢ ᠰᠠᠭᠠᠳ ᠮᠥᠨ᠂ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠣᠭᠲᠠᠭᠤᠨ ᠣᠷᠣᠯᠭ᠎ᠠ᠎ᠶᠢᠨ ᠵᠢᠱ᠌ᠢᠯᠲᠡ᠎ᠪᠡᠷ ᠬᠡᠷᠡᠭᠯᠡᠭᠡ᠎ᠶᠢ ᠠᠬᠢᠭᠤᠯᠤᠨ᠂ ᠲᠣᠭᠲᠠᠭᠤᠨ ᠵᠠᠬ᠎ᠠ ᠳᠡᠯᠭᠡᠭᠦᠷ᠎ᠦᠨ ᠢᠲᠡᠭᠡᠯ᠎ᠢᠶᠡᠷ ᠪᠡᠯᠡ ᠣᠷᠣᠭᠤᠯᠤᠯᠲᠠ᠎ᠶᠢ ᠠᠬᠢᠭᠤᠯᠵᠤ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠦᠨᠡᠨ ᠬᠦ᠌ ᠪᠠᠶ᠋ᠢᠭᠤᠯᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠦᠯᠦᠪᠵᠢᠬᠦᠯᠬᠡ᠎ᠳᠦ ᠬᠠᠨᠳᠤᠭᠤᠯᠤᠨ᠂ ᠪᠠᠰᠠ ᠪᠦᠷᠢᠨ ᠪᠦᠲᠦᠨ ᠳᠣᠲᠣᠭᠠᠳᠤ ᠬᠡᠷᠡᠭᠴᠡᠭᠡ᠎ᠶᠢᠨ ᠰᠢᠰᠲᠧᠮ᠎ᠢ ᠲᠦᠷᠭᠡᠯᠡᠨ ᠪᠠᠢᠭᠤᠯᠵᠤ᠂ ᠰᠢᠨ᠎ᠡ ᠬᠡᠷᠡᠭᠴᠡᠭᠡ᠎ᠪᠡᠷ ᠰᠢᠨ᠎ᠡ ᠬᠠᠩᠭᠠᠯᠭ᠎ᠠ᠎ᠶᠢ ᠬᠥᠲᠥᠯᠥᠨ ᠳᠠᠭᠠᠭᠤᠯᠵᠤ᠂ ᠰᠢᠨ᠎ᠡ ᠬᠠᠩᠭᠠᠯᠭ᠎ᠠ᠎ᠪᠠᠷ ᠰᠢᠨ᠎ᠡ ᠬᠡᠷᠡᠭᠴᠡᠭᠡ᠎ᠶᠢ ᠡᠭᠦᠳᠦᠨ ᠪᠦᠲᠦᠭᠡᠵᠦ᠂ ᠬᠡᠷᠡᠭᠯᠡᠭᠡ ᠬᠢᠭᠡᠳ ᠪᠡᠯᠡ ᠣᠷᠣᠭᠤᠯᠤᠯᠲᠠ᠂ ᠬᠠᠩᠭᠠᠯᠭ᠎ᠠ ᠬᠢᠭᠡᠳ ᠬᠡᠷᠡᠭᠴᠡᠭᠡ᠎ᠶᠢᠨ ᠰᠠᠢᠨ ᠨᠥᠬᠥᠴᠡᠯᠳᠦᠯ᠎ᠢ ᠠᠬᠢᠭᠤᠯᠤᠨ᠂ ᠤᠶᠠᠨ ᠬᠠᠳᠠᠨ ᠴᠢᠨᠠᠷ᠎ᠢᠶᠠᠷ ᠭᠦᠢᠴᠡᠳ᠂ ᠠᠮᠢᠳᠤᠯᠢᠭ᠋ ᠬᠦᠴᠦᠨ᠎ᠢᠶᠡᠷ ᠪᠢᠯᠬᠠᠮ᠎ᠠ ᠳᠤᠮᠳᠠᠳᠤ ᠤᠯᠤᠰ᠎ᠤᠨ ᠲᠣᠮᠣ᠌ ᠵᠠᠬ᠎ᠠ ᠳᠡᠯᠭᠡᠭᠦᠷ᠎ᠢ ᠪᠠᠢᠭᠤᠯᠤᠨ᠎ᠠ᠃
ᠳᠣᠲᠣᠭᠠᠳᠤ ᠬᠡᠷᠡᠭᠴᠡᠭᠡ᠎ᠶᠢ ᠪᠦᠬᠦ ᠲᠠᠯ᠎ᠠ᠎ᠪᠠᠷ ᠥᠷᠭᠡᠳᠬᠡᠬᠦ ᠪᠣᠯ ᠮᠥᠨ ᠴᠢᠨᠠᠷ ᠳᠡᠭᠡᠷ᠎ᠡ᠎ᠪᠡᠨ ᠭᠠᠳᠠᠭᠠᠳᠤ ᠲᠦᠰᠢᠭᠯᠡᠯ᠎ᠡᠴᠡ ᠳᠣᠲᠣᠭᠠᠳᠤ ᠬᠥᠳᠡᠯᠭᠡᠬᠦ ᠬᠦᠴᠦᠨ ᠲᠡᠢᠰᠢ ᠰᠢᠯᠵᠢᠬᠦ ᠭᠦᠨᠵᠡᠭᠡᠢ ᠬᠤᠪᠢᠰᠤᠯᠲᠠ ᠪᠣᠯᠣᠨ᠎ᠠ᠃ ᠳᠣᠲᠣᠭᠠᠳᠤ ᠬᠡᠷᠡᠭᠴᠡᠭᠡ᠎ᠪᠡᠷ ᠭᠣᠣᠯᠯᠠᠭᠰᠠᠨ᠂ ᠬᠡᠷᠡᠭᠯᠡᠭᠡ᠎ᠪᠡᠷ ᠳᠠᠢᠴᠢᠯᠠᠭᠰᠠᠨ᠂ ᠳᠣᠲᠣᠭᠠᠳᠤ ᠨᠡᠮᠡᠭᠳᠡᠯ᠎ᠲᠠᠢ ᠠᠵᠤ ᠠᠬᠤᠢ᠎ᠶᠢᠨ ᠬᠥᠭᠵᠢᠯᠲᠡ᠎ᠶᠢᠨ ᠨᠡᠩ ᠤᠯᠠᠨ ᠬᠡᠪ ᠵᠠᠭᠪᠤᠷ᠎ᠢ ᠪᠤᠢ ᠪᠣᠯᠭᠠᠬᠤ᠎ᠶᠢ ᠠᠬᠢᠭᠤᠯᠬᠤ ᠪᠣᠯ ᠳᠤᠮᠳᠠᠳᠤ ᠤᠯᠤᠰ᠎ᠤᠨ ᠠᠵᠤ ᠠᠬᠤᠢ᠎ᠶᠢᠨ ᠪᠣᠯᠪᠠᠰᠤᠷᠠᠩᠭᠤᠢ ᠪᠣᠯᠬᠤ ᠲᠡᠢᠰᠢ ᠤᠷᠤᠭᠰᠢᠯᠠᠬᠤ᠎ᠶᠢᠨ ᠵᠠᠢᠯᠠᠰᠢ ᠦᠭᠡᠢ ᠰᠣᠩᠭᠣᠯᠲᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠠᠵᠤ ᠠᠬᠤᠢ᠎ᠶᠢᠨ ᠰᠠᠯᠬᠢ ᠳᠠᠪᠠᠯᠭᠠᠨ᠎ᠢ ᠰᠦᠷᠦᠨ ᠣᠷᠣᠭᠰᠢᠯᠠᠵᠦ᠂ ᠰᠠᠨᠠᠭᠠᠴᠢᠯᠠᠭᠠᠲᠤ ᠡᠷᠬᠡ᠎ᠶᠢ ᠣᠯᠬᠤ᠎ᠶᠢᠨ ᠦᠨᠳᠦᠰᠦᠨ ᠲᠦᠰᠢᠭ ᠲᠣᠯᠭᠠᠭᠣᠷᠢ ᠮᠦᠨ᠃
—︽ᠠᠵᠦ ᠠᠬᠤᠢ ᠵᠢᠨ ᠡᠳᠦᠷ᠎ᠦᠨ ᠰᠣᠨᠢᠨ︾ ᠡᠴᠡ