ᠪᠢᠴᠢᠯ ᠱᠢᠭᠦᠮᠵᠢ
2025-12-29 12:06:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

◆ ᠨᠢᠭᠤᠴᠠ ᠨᠣᠮᠸᠷ ᠣᠷᠣᠭᠣᠯᠬᠣ ᠦᠬᠡᠢ ᠪᠡᠷ ᠲᠣᠭᠠᠴᠠᠭ᠎ᠠ ᠬᠢᠬᠦ ᠴᠢᠳᠠᠮᠵᠢ ᠵᠢ ᠬᠠᠭᠠᠬᠣ᠎ᠳᠦ ᠬᠦᠴᠢᠷᠳᠡᠢ ᠪᠠᠢᠬᠣ᠂ ᠮᠡᠳᠡᠭᠳᠡᠬᠦ ᠦᠬᠡᠢ ᠪᠡᠷ ᠵᠣᠭᠣᠰ ᠰᠠᠭᠤᠯᠭᠠᠨ ᠠᠪᠬᠤ ᠵᠡᠷᠭᠡ ᠠᠰᠠᠭᠤᠳᠠᠯ᠎ᠢ ᠰᠢᠢᠳᠪᠦᠷᠢᠯᠡᠬᠦ ᠪᠣᠯᠣᠮᠵᠢ ᠲᠠᠢ ᠪᠣᠯᠵᠦ ᠪᠠᠢᠨ᠎ᠠ᠃ ᠣᠢᠷ᠎ᠠ᠎ᠳᠤ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠬᠠᠮᠲᠤᠷᠠᠨ 《ᠢᠨᠲᠧᠷ ᠰᠦᠯᠵᠢᠶᠡᠨ᠎ᠦ ᠲᠠᠪᠴᠠᠩ᠎ᠤᠨ ᠦᠨ᠎ᠡ ᠬᠠᠩᠰᠢ᠎ᠶᠢᠨ ᠠᠵᠢᠯᠯᠠᠭᠠᠨ᠎ᠤ ᠳᠦᠷᠢᠮ》᠎ᠢ ᠨᠡᠢᠲᠡᠯᠡᠪᠡ᠃ ᠲᠣᠰ ᠳᠦᠷᠢᠮ᠎ᠢ ᠦᠨᠳᠦᠰᠦᠯᠡᠪᠡᠯ᠂ ᠲᠠᠪᠴᠠᠩ᠎ᠤᠨ ᠡᠵᠡᠩᠨᠡᠭᠴᠢ ᠨᠢᠭᠤᠴᠠ᠎ᠨᠣᠮᠸᠷ ᠣᠷᠣᠭᠣᠯᠬᠣ ᠦᠬᠡᠢ ᠪᠡᠷ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠵᠤ᠂ ᠠᠶᠠᠨᠳᠠᠭᠠᠨ ᠵᠣᠭᠣᠰ ᠰᠠᠭᠤᠯᠭᠠᠨ ᠠᠪᠬᠤ ᠦᠶ᠎ᠡ᠎ᠳᠦ᠂ ᠬᠠᠮᠢᠶ᠎ᠠ ᠪᠦᠬᠦᠢ ᠰᠣᠩᠭᠣᠬᠣ ᠴᠢᠳᠠᠮᠵᠢ ᠪᠡᠨ ᠬᠡᠷᠡᠭᠯᠡᠭᠴᠢᠳ᠎ᠲᠦ ᠢᠯᠡ ᠲᠣᠳᠣ ᠪᠡᠷ ᠮᠡᠳᠡᠭᠳᠡᠵᠦ᠂ ᠬᠦᠴᠦᠨ ᠦᠭᠡᠢ ᠪᠣᠯᠭᠠᠬᠤ ᠳᠥᠭᠥᠮ ᠳᠥᠲᠡ ᠠᠷᠭ᠎ᠠ ᠵᠠᠮ᠎ᠢ ᠬᠠᠩᠭᠠᠬᠤ ᠬᠡᠷᠡᠭᠲᠡᠢ᠃

                                — 《ᠰᠢᠨ ᠵᠢᠩ ᠰᠣᠨᠢᠨ》 ᠡᠴᠡ

ᠦᠨᠡᠯᠡᠯᠳᠡ᠄ ᠵᠢᠷᠤᠮᠵᠢᠭ᠍ᠰᠠᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ ᠪᠣᠯ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯ᠎ᠦᠨ ᠰᠠᠭᠤᠷᠢ ᠮᠥᠨ᠃ ᠭᠤᠷᠪᠠᠨ ᠰᠠᠯᠠᠭ᠎ᠠ ᠮᠥᠴᠢᠷ ᠬᠠᠮᠳᠣᠷᠠᠨ ᠲᠠᠪᠴᠠᠩ᠎ᠤᠨ ᠠᠶᠠᠨᠳᠠᠭᠠᠨ ᠵᠣᠭᠣᠰ ᠰᠠᠭᠤᠯᠭᠠᠨ ᠠᠪᠬᠤ 《ᠬᠤᠯᠠᠭᠠᠢ ᠰᠣᠮᠣ》᠎ᠵᠢ ᠲᠠᠰᠤᠯᠵᠤ᠂ ᠲᠠᠪᠴᠠᠩ᠎ᠤᠨ ᠠᠵᠤ ᠠᠬᠤᠢ᠎ᠶᠢ ᠵᠢᠷᠤᠮᠵᠢᠭᠤᠯᠬᠤ ᠳᠤᠮᠳᠠ ᠨᠠᠩ ᠯᠠᠪᠳᠠᠭᠤᠨ ᠣᠷᠣᠭᠰᠢᠳᠠᠢ ᠬᠦᠭᠵᠢᠬᠦ᠎ᠶᠢ ᠦᠨᠡᠨ ᠬᠦ᠌ ᠪᠠᠲᠤᠯᠠᠪᠠ᠃


◆ ᠵᠠᠷᠢᠮ ᠰᠤᠳᠤᠯᠭᠠᠨ᠎ᠤ ᠪᠠᠢᠭᠤᠯᠤᠮᠵᠢ᠎ᠶᠢᠨ ᠨᠡᠢᠲᠡᠯᠡᠭᠰᠡᠨ ᠮᠡᠳᠡᠭᠦᠯᠦᠯᠲᠡ᠎ᠡᠴᠡ ᠦᠵᠡᠪᠡᠯ᠂ ᠰᠤᠷᠭᠠᠨ ᠬᠥᠮᠦᠵᠢᠯ᠎ᠦᠨ ᠠᠵᠢᠯ ᠲᠥᠷᠥᠯ᠎ᠳᠦ ᠲᠤᠯᠭᠠᠷᠠᠵᠤ ᠪᠠᠢᠭ᠎ᠠ ᠬᠡᠪᠯᠡᠯ᠎ᠦᠨ ᠡᠷᠬᠡ᠎ᠳᠦ ᠬᠠᠯᠳᠠᠭᠰᠠᠨ ᠠᠰᠠᠭᠤᠳᠠᠯ᠎ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ᠎ᠶᠢᠨ ᠬᠢᠴᠢᠶᠡᠯ᠎ᠦᠨ ᠡᠷᠬᠡ᠎ᠳᠦ ᠬᠠᠯᠳᠠᠭᠰᠠᠨ ᠬᠠᠷᠢᠴᠠᠯ 79% ᠳ᠋ᠥ ᠬᠦᠷᠴᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠣᠯᠣᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠪᠠᠢᠭᠤᠯᠤᠮᠵᠢ ᠬᠦᠨᠳᠦ ᠭᠠᠮᠰᠢᠭ᠍ᠳᠠᠭᠰᠠᠨ ᠣᠷᠣᠨ ᠪᠣᠯᠵᠠᠢ᠃ ᠣᠳᠣᠬᠠᠨ᠎ᠳᠤ ᠰᠦᠯᠵᠢᠶᠡᠨ᠎ᠦ ᠪᠤᠳᠤᠩᠭᠤᠢ ᠠᠵᠦ ᠦᠢᠯᠡᠰ ᠨᠢᠭᠡᠨᠲᠡ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ ᠪᠣᠯᠵᠤ ᠪᠦᠷᠢᠯᠳᠦᠵᠡᠢ᠄ ᠳᠡᠭᠡᠳᠦ ᠤᠷᠤᠰᠬᠠᠯ᠎ᠳᠦ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠬᠤᠯᠠᠭᠠᠢᠯᠠᠨ ᠠᠪᠴᠤ᠂ ᠳᠤᠮᠳᠠ ᠤᠷᠤᠰᠬᠠᠯ᠎ᠳᠤ ᠰᠢᠩᠭᠡᠬᠡᠨ ᠠᠪᠴᠤ ᠬᠠᠢᠴᠢᠯᠠᠨ᠎ᠡ᠃ ᠳᠣᠣᠷᠠᠳᠤ ᠤᠷᠤᠰᠬᠠᠯ ᠳ᠋ᠤ ᠡᠯᠧᠺᠲᠷᠣᠨ ᠬᠤᠳᠠᠯᠳᠤᠭ᠎ᠠ᠂ ᠨᠡᠢᠭᠡᠮ᠎ᠦᠨ ᠬᠠᠷᠢᠯᠴᠠᠭᠠᠨ᠎ᠤ ᠲᠠᠪᠴᠠᠩ᠂ᠸᠢᠳᠢᠣ᠋ ᠲᠠᠪᠴᠠᠩ ᠳᠡᠭᠡᠷ᠎ᠡ ᠣᠷᠣᠭᠤᠯᠵᠤ ᠪᠣᠷᠣᠯᠠᠭᠤᠯᠤᠨ᠎ᠠ᠃

                          — 《ᠠᠵᠤ ᠠᠬᠤᠢ᠎ᠶᠢᠨ ᠡᠳᠦᠷ᠎ᠦᠨ ᠰᠣᠨᠢᠨ》 ᠡᠴᠡ

ᠦᠨᠡᠯᠡᠯᠳᠡ᠄ ᠬᠤᠯᠠᠭᠠᠢᠯᠠᠨ ᠬᠡᠪᠯᠡᠭᠰᠡᠨ ᠬᠢᠴᠢᠶᠡᠯ ᠨᠢ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠰᠠᠮᠠᠭᠤᠷᠠᠭᠤᠯᠵᠤ᠂ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠪᠣᠭᠣᠮᠢᠯᠠᠵᠤ᠂ ᠠᠵᠢᠯ ᠲᠦᠷᠦᠯ᠎ᠦᠨ ᠬᠥᠭᠵᠢᠯᠲᠡ᠎ᠳᠦ ᠠᠰᠢᠭ᠋ ᠦᠭᠡᠢ ᠶᠤᠮ᠃ ᠡᠷᠬᠡᠪᠰᠢ ᠬᠦᠴᠦᠲᠡᠢ ᠠᠷᠭ᠎ᠠ ᠬᠡᠮᠵᠢᠶ᠎ᠡ ᠠᠪᠴᠤ᠂ ᠰᠡᠷᠭᠡᠢᠯᠡᠨ ᠬᠠᠮᠠᠭᠠᠯᠠᠬᠤ ᠪᠡᠬᠢᠯᠡᠯᠲᠡ᠎ᠶᠢ ᠪᠡᠬᠢᠵᠢᠭᠦᠯᠵᠦ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠎ᠶᠢ ᠴᠢᠩᠭᠠᠳᠬᠠᠬᠤ ᠬᠡᠷᠡᠭᠲᠡᠢ᠃


◆ ᠰᠢᠳᠦᠨ ᠱᠤᠸᠠᠰᠠ᠎ᠶᠢ 《ᠰᠢᠳᠦᠨ᠎ᠦ ᠰᠠᠯᠠᠭᠠᠨ᠎ᠳᠤ ᠬᠡᠷᠡᠭᠯᠡᠬᠦ ᠱᠤᠸᠠᠰᠠ》᠂ ᠨᠢᠭᠤᠷ᠎ᠤᠨ ᠨᠠᠭᠠᠯᠳᠠ ᠵᠢ 《ᠡᠮᠨᠡᠯᠭᠡ᠎ᠳᠦ ᠬᠡᠷᠡᠭᠯᠡᠬᠦ ᠨᠠᠭᠠᠯᠲᠠ》᠂ ᠨᠠᠷᠠᠨ᠎ᠳᠦ ᠰᠢᠷᠠᠭᠳᠠᠬᠤ᠎ᠠᠴᠠ ᠰᠡᠷᠭᠡᠢᠯᠡᠬᠦ ᠠᠮᠠᠪᠴᠢ᠎ᠶᠢ 《ᠡᠮᠴᠢᠯᠡᠭᠡᠨ᠎ᠳᠦ ᠬᠡᠷᠡᠭᠯᠡᠬᠦ ᠲᠤᠰᠠᠭᠠᠷᠯᠠᠬᠤ ᠳᠡᠪᠢᠰᠬᠡᠷ》 ᠁ ᠬᠡᠮᠡᠵᠦ ᠡᠮᠴᠢᠯᠡᠬᠡᠨ᠎ᠦ ᠺᠠᠷᠲ ᠬᠡᠷᠡᠭᠯᠡᠨ ᠬᠣᠳᠠᠯᠳᠣᠨ ᠠᠪᠴᠤ ᠪᠣᠢ᠃ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭᠰᠡᠯ᠎ᠦᠨ ᠨᠡᠷ᠎ᠡ ᠵᠢ ᠨᠢ ᠪᠠᠭ᠎ᠠ ᠬᠤᠪᠢᠷᠠᠭᠤᠯᠴᠢᠬᠠᠪᠠᠯ ᠡᠮ᠎ᠦᠨ ᠳᠡᠯᠭᠡᠭᠦᠷ᠎ᠲᠦ ᠣᠷᠣᠵᠤ᠂ ᠡᠮᠴᠢᠯᠡᠭᠡᠨ᠎ᠦ ᠳᠠᠭᠠᠳᠬᠠᠯ᠎ᠤᠨ ᠺᠠᠷᠲ᠎ᠢᠶᠠᠷ ᠲᠡᠰᠦᠯᠦᠨ ᠪᠤᠳᠤᠬᠤ 《ᠡᠮᠴᠢᠯᠡᠭᠡᠨ᠎ᠦ ᠪᠠᠭᠠᠵᠢ ᠬᠡᠷᠡᠭᠰᠡᠯ》 ᠪᠣᠯᠴᠢᠬᠠᠳᠠᠭ᠃ 《ᠡᠮ ᠡᠮᠨᠡᠯᠭᠡ᠎ᠶᠢᠨ ᠳᠠᠭᠠᠳᠬᠠᠯ᠎ᠤᠨ ᠺᠠᠷᠲ᠎ᠢᠶᠠᠷ ᠪᠠᠷᠠᠭ᠎ᠠ ᠬᠤᠳᠠᠯᠳᠤᠨ ᠠᠪᠬᠤ》 ᠰᠢᠨ᠎ᠡ ᠬᠤᠪᠢᠷᠠᠯᠲᠠ ᠨᠢ ᠡᠮ ᠡᠮᠨᠡᠯᠭᠡ᠎ᠶᠢᠨ ᠳᠠᠭᠠᠳᠬᠠᠯ᠎ᠤᠨ ᠬᠤᠪᠢ ᠬᠥᠮᠥᠨ᠎ᠦ ᠲᠠᠩᠰᠠᠨ ᠡᠷᠦᠬᠡ᠎ᠶᠢᠨ ᠪᠡᠯᠡ ᠮᠥᠩᠭᠥ᠎ᠶᠢ ᠬᠣᠬᠢᠷᠠᠭᠤᠯᠵᠤ ᠪᠣᠢ᠃

                          — ᠰᠢᠨᠬᠣᠸᠠ ᠬᠣᠷᠢᠶ᠎ᠠ ᠵᠢᠨ ᠮᠡᠳᠡᠭᠡ ᠡᠴᠡ

ᠦᠨᠡᠯᠡᠯᠳᠡ᠄ ᠠᠮᠢ ᠠᠪᠤᠷᠠᠬᠤ ᠵᠣᠭᠣᠰ ᠪᠤᠯ ᠰᠤᠯᠠ ᠵᠠᠷᠤᠬᠤ ᠵᠣᠭᠣᠰ ᠪᠢᠰᠢ᠂ ᠡᠮ ᠡᠮᠨᠡᠯᠭᠡ᠎ᠶᠢᠨ ᠳᠠᠭᠠᠳᠬᠠᠯ᠎ᠤᠨ ᠪᠡᠯᠡ ᠮᠥᠩᠭᠥ᠎ᠶᠢ ᠴᠥᠭᠡᠨ ᠲᠣᠭᠠᠨ᠎ᠤ ᠬᠥᠮᠥᠰ᠎ᠦᠨ 《ᠵᠣᠭᠣᠰ ᠭᠠᠷᠭᠠᠵᠤ ᠠᠪᠬᠤ ᠮᠠᠰᠢᠨ》 ᠪᠣᠯᠭᠠᠵᠤ ᠪᠣᠯᠬᠤ ᠦᠭᠡᠢ᠃ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠠᠮᠤᠷ ᠲᠦᠪᠰᠢᠨ᠎ᠦ ᠲᠣᠣᠷ᠎ᠢ ᠤᠯᠠᠮ ᠨᠢᠭᠡ ᠠᠯᠬᠤᠮ ᠨᠢᠭ᠍ᠲᠠ ᠰᠦᠯᠵᠢᠵᠦ᠂ ᠡᠮ ᠡᠮᠨᠡᠯᠭᠡ᠎ᠶᠢᠨ ᠳᠠᠭᠠᠳᠬᠠᠯ᠎ᠢ ᠬᠠᠮᠣᠭ᠎ᠦᠨ ᠬᠡᠷᠡᠭᠴᠡᠭᠡ ᠲᠠᠢ ᠭᠠᠵᠠᠷ᠎ᠲᠦᠨᠢ ᠬᠡᠷᠡᠭᠯᠡᠪᠡᠯ ᠵᠣᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号