ᠬᠠᠲᠤᠨ ᠭᠤᠤᠯ ᠤ᠋ᠨ ᠰᠠᠪᠠ ᠭᠠᠵᠠᠷ᠎ᠤᠨ ᠦᠪᠦᠷ ᠮᠤᠩᠭᠤᠯ᠎ᠤᠨ ᠭᠡᠰᠡᠭ ᠲᠡᠬᠢ ᠣᠶ ᠱᠢᠭᠤᠶ ᠵᠢᠨ ᠬᠦᠨᠦᠭᠡᠯᠲᠤ ᠠᠮᠢᠳᠤ ᠪᠣᠳᠠᠰ ᠢ᠋ ᠰᠡᠷᠬᠡᠢᠯᠡᠨ ᠵᠠᠰᠠᠬᠰᠠᠨ ᠬᠡᠮᠵᠢᠶ᠎ᠡ 226.12 ᠲᠦᠮᠡᠨ ᠮᠥ᠍᠎ᠳᠦ ᠬᠦᠷᠴᠠᠢ
2025-12-29 10:37:43
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 2025 ᠣᠨ᠎ᠳᠤ  ᠬᠠᠲᠤᠨ ᠭᠤᠤᠯ ᠤ᠋ᠨ ᠰᠠᠪᠠ ᠭᠠᠵᠠᠷ᠎ᠤᠨ ᠦᠪᠦᠷ ᠮᠤᠩᠭᠤᠯ᠎ᠤᠨ ᠭᠡᠰᠡᠭ ᠲᠡᠬᠢ ᠣᠶ ᠱᠢᠭᠤᠶ ᠵᠢᠨ ᠬᠦᠨᠦᠭᠡᠯᠲᠤ ᠠᠮᠢᠳᠤ ᠪᠣᠳᠠᠰ ᠢ᠋ ᠰᠡᠷᠬᠡᠢᠯᠡᠨ ᠵᠠᠰᠠᠬᠰᠠᠨ ᠬᠡᠮᠵᠢᠶ᠎ᠡ 226.12 ᠲᠦᠮᠡᠨ ᠮᠥ᠍᠎ᠳᠦ ᠬᠦᠷᠴᠠᠢ᠃

ᠬᠠᠲᠤᠨ ᠭᠤᠤᠯ ᠤ᠋ᠨ ᠰᠠᠪᠠ ᠭᠠᠵᠠᠷ᠎ᠤᠨ ᠦᠪᠦᠷ ᠮᠤᠩᠭᠤᠯ᠎ᠤᠨ ᠭᠡᠰᠡᠭ᠎ᠤᠨ ᠡᠯ᠎ᠡ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠪᠠᠢᠭᠤᠯᠤᠮᠵᠢ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠬᠠᠮᠢᠶ᠎ᠠ ᠪᠥᠬᠥᠶ ᠠᠵᠢᠯ ᠤ᠋ᠨ ᠭᠤᠤᠯᠳᠠᠯᠭ᠎ᠠ ᠶᠣᠰᠣᠭᠠᠷ ᠣᠶ ᠱᠢᠭᠤᠶ ᠵᠢᠨ ᠬᠥᠨᠥᠭᠡᠯᠲᠤ ᠠᠮᠢᠳᠤ ᠪᠣᠳᠠᠰ ᠢ᠋ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠬᠢᠵᠢᠭ ᠪᠠᠢᠴᠠᠭᠠᠵᠤ ᠬᠠᠤᠯᠢ ᠬᠡᠷᠡᠭ᠌ᠵᠢᠭᠦᠯᠬᠦ᠌᠂ ᠱᠢᠨᠵᠢᠯᠡᠬᠦ᠌ ᠤᠬᠠᠭᠠᠨᠴᠢ ᠪᠡᠷ ᠰᠡᠷᠭᠡᠢᠯᠡᠨ ᠡᠵᠡᠮᠳᠡᠬᠦ ᠶ᠋ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠬᠠᠲᠤᠨ ᠭᠤᠤᠯ ᠤ᠋ᠨ ᠰᠠᠪᠠ ᠭᠠᠵᠠᠷ᠎ᠤᠨ ᠦᠪᠦᠷ ᠮᠤᠩᠭᠤᠯ᠎ᠤᠨ ᠭᠡᠰᠡᠭ᠎ᠤᠨ  ᠣᠶ ᠱᠢᠭᠤᠶ ᠵᠢᠨ ᠬᠥᠨᠥᠭᠡᠯᠲᠤ ᠠᠮᠢᠳᠤ ᠪᠣᠳᠠᠰ ᠤ᠋ᠨ ᠤᠯᠤᠰ ᠤ᠋ᠨ ᠲᠠᠰ ᠤ᠋ᠨ ᠲᠥᠪ ᠤ᠋ᠨ 20 ᠬᠡᠮᠵᠢᠨ ᠮᠡᠳᠡᠭᠦᠯᠬᠦ᠌ ᠴᠡᠭ ᠲᠤ᠌ ᠲᠦᠱᠢᠭ᠌ᠯᠡᠨ᠂ ᠬᠥᠨᠥᠭᠡᠯᠲᠤ ᠠᠮᠢᠳᠤ ᠪᠣᠳᠠᠰ ᠤ᠋ᠨ ᠡᠭᠦᠰᠭᠦ ᠪᠠᠢᠳᠠᠯ ᠢ᠋ ᠴᠠᠭ ᠲᠤᠬᠠᠶ᠎ᠳᠤᠨᠢ ᠡᠵᠡᠮᠱᠢᠬᠦ᠌ ᠵᠢᠨ ᠬᠠᠮᠲᠤ ᠰᠡᠷᠡᠮᠵᠢᠯᠡᠭᠦᠯᠬᠦ᠌ ᠮᠡᠳᠡᠭᠡ ᠵᠠᠩᠭᠢ ᠨᠡᠢᠲᠡᠯᠡᠵᠦ᠍᠂ 《ᠵᠢᠯᠤᠭᠤᠴᠢ ᠦᠭᠡᠢ ᠨᠢᠰᠭᠡᠯ ᠵᠢᠡᠷ ᠪᠠᠢᠴᠠᠭᠠᠬᠤ᠂ ᠭᠠᠵᠠᠷ ᠳᠡᠭᠡᠷ᠎ᠡ ᠪᠠᠢᠴᠠᠭᠠᠬᠤ᠂ ᠰᠦᠯᠵᠢᠶᠡᠨ ᠳᠡᠭᠡᠷ᠎ᠡ ᠮᠡᠳᠡᠭᠦᠯᠬᠦ᠌》 ᠪᠣᠰᠣᠭ᠎ᠠ ᠴᠣᠭ᠍ᠴᠠᠲᠤ ᠬᠢᠨᠠᠨ ᠬᠡᠮᠵᠢᠬᠦ᠌ ᠵᠠᠭ᠍ᠪᠤᠷ ᠢ᠋ ᠪᠡᠶᠡᠯᠡᠬᠦᠯᠵᠦ᠂ ᠣᠶ ᠱᠢᠭᠤᠶ ᠵᠢᠨ ᠤᠷᠭᠤᠮᠠᠯ ᠤ᠋ᠨ ᠬᠢᠵᠢᠭ ᠤ᠋ᠨ ᠪᠠᠢᠴᠠᠭᠠᠯᠲᠠ ᠶ᠋ᠢ ᠴᠢᠩᠭ᠎ᠠ ᠬᠡᠷᠡᠭ᠌ᠵᠢᠭᠦᠯᠪᠡ; ᠬᠢᠨᠠᠨ ᠬᠡᠮᠵᠢᠬᠦ᠌ ᠪᠠᠢᠴᠠᠭᠠᠯᠲᠠ ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠷ᠎ᠡ ᠴᠢᠬᠢ ᠵᠢᠨ ᠬᠢᠵᠢᠭ ᠤ᠋ᠨ ᠪᠠᠢᠴᠠᠭᠠᠯᠲᠠ ᠶ᠋ᠢ ᠪᠦᠬᠦ᠌ ᠲᠠᠯ᠎ᠠ ᠪᠡᠷ ᠰᠠᠢᠲᠤᠷ ᠬᠢᠵᠦ᠍᠂ ᠶᠡᠷᠦᠩᠬᠡᠢᠯᠡᠨ ᠰᠡᠷᠭᠡᠢᠯᠡᠨ ᠡᠵᠡᠮᠳᠡᠬᠦ ᠶ᠋ᠢ ᠪᠦᠬᠦ᠌ ᠬᠦᠴᠦᠨ ᠵᠢᠡᠷ ᠠᠬᠢᠭᠤᠯᠪᠠ;  ᠪᠣᠬᠢᠷᠲᠤᠯ ᠥᠬᠡᠶ ᠰᠡᠷᠭᠡᠢᠯᠡᠨ ᠡᠵᠡᠮᠳᠡᠬᠦ ᠶ᠋ᠢ ᠶᠡᠬᠡ ᠪᠡᠷ ᠳᠡᠯᠭᠡᠷᠡᠭᠦᠯᠵᠦ᠍᠂ ᠨᠡᠢᠲᠡ ᠳ᠋ᠤ ᠬᠦᠨᠦᠭᠡᠯ ᠥᠬᠡᠶ ᠰᠡᠷᠭᠡᠢᠯᠡᠨ ᠵᠠᠰᠠᠭᠰᠠᠨ ᠨᠣᠷᠮ᠎ᠠ 99.6%᠎ᠳ᠋ᠤ ᠬᠥᠷᠪᠡ; ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠠᠳᠤᠨ ᠭᠣᠣᠯ ᠤ᠋ᠨ ᠰᠠᠪᠠ ᠭᠠᠵᠠᠷ ᠤ᠋ᠨ ᠤᠢ ᠱᠢᠭᠤᠢ ᠵᠢᠨ ᠡᠬᠢ ᠪᠠᠶᠠᠯᠢᠭ ᠤ᠋ᠨ ᠠᠮᠤᠷ ᠲᠦᠪᠱᠢᠨ᠂ ᠠᠮᠢᠳᠤ ᠪᠣᠳᠠᠰ ᠤ᠋ᠨ ᠠᠮᠤᠷ ᠲᠦᠪᠱᠢᠨ ᠪᠣᠯᠤᠨ ᠠᠮᠢ ᠠᠬᠤᠢ ᠵᠢᠨ ᠠᠮᠤᠷ ᠲᠦᠪᠱᠢᠨ ᠢ᠋ ᠬᠦᠴᠦᠲᠡᠢ ᠬᠠᠮᠠᠭᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号