ᠬᠣᠶᠠᠷ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠠᠮᠢ ᠠᠬᠤᠶ᠎ᠣᠷᠴᠢᠨ ᠲᠤᠭᠤᠷᠢᠨ᠎ᠢ ᠬᠢᠨᠠᠨ ᠬᠡᠮᠵᠢᠬᠦ᠌ ᠪᠠᠢᠭᠤᠯᠤᠮᠵᠢ᠎ᠶᠢᠨ 《ᠣᠷᠣᠬᠤ᠎ᠵᠢ ᠵᠥᠪᠱᠢᠶᠡᠷᠡᠬᠦ ᠪᠣᠭᠣᠮᠲᠠ》᠎ᠶ᠋ᠢ ᠴᠢᠩᠳᠠᠯᠠᠪᠠ
2025-12-29 15:37:40
ᠵᠣᠬᠢᠶᠠᠭ᠍ᠴᠢ᠄
ᠵᠤᠤ ᠸᠸᠨ ᠵᠢᠶᠦ᠋ᠨ
ᠣᠩᠱᠢᠭ᠍ᠰᠠᠨ ᠣᠳᠠᠭ᠎ᠠ᠄
★★★☆☆

ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠡᠴᠡ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠲᠠᠶ ᠬᠠᠮᠲᠤᠷᠠᠨ ᠤᠢ᠍ᠢᠷ᠎ᠠ᠎ᠳᠤ 《ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠪᠠᠢᠭᠤᠯᠤᠮᠵᠢ᠎ᠶ᠋ᠢᠨ ᠬᠢᠷᠢ ᠬᠡᠮ᠎ᠢ ᠨᠤᠲᠠᠯᠠᠨ ᠲᠣᠭ᠍ᠲᠠᠭᠠᠬᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠪᠠᠢᠭᠤᠯᠤᠮᠵᠢ᠎ᠶ᠋ᠢᠨ ᠬᠢᠨᠠᠨ ᠦᠨᠡᠯᠡᠬᠦ᠌ ᠨᠥᠬᠥᠪᠥᠷᠢ ᠱᠠᠭᠠᠷᠳᠠᠯᠭ᠎ᠠ (2025 ᠣᠨ)》 ᠵᠢ ᠨᠡᠢᠲᠡᠯᠡᠵᠦ᠍᠂ ᠪᠠᠢᠭᠤᠯᠤᠮᠵᠢ᠎ᠶ᠋ᠢᠨ ᠬᠢᠷᠢ ᠬᠡᠮ᠎ᠦᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠪᠠᠢᠭᠤᠯᠤᠮᠵᠢ᠎ᠶ᠋ᠢᠨ 《ᠣᠷᠣᠬᠤ᠎ᠵᠢ ᠵᠥᠪᠱᠢᠶᠡᠷᠡᠬᠦ ᠪᠣᠭᠣᠮᠲᠠ》 ᠵᠢ ᠤᠯᠠᠮ ᠨᠢᠭᠡ ᠠᠯᠬᠤᠮ ᠴᠢᠩᠳᠠᠯᠠᠬᠤ᠎ᠪᠠᠷ ᠵᠣᠷᠢᠯᠲᠠ ᠪᠣᠯᠭᠠᠪᠠ᠃

ᠡᠭᠦᠨ᠎ᠢ ᠰᠤᠷᠪᠤᠯᠵᠢᠯᠠᠭ᠍ᠴᠢ ᠤᠢᠷ᠎ᠠ ᠵᠢᠨ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ ᠶᠤᠮ᠃ ᠲᠠᠨᠢᠯᠴᠠᠭᠤᠯᠤᠭ᠍ᠰᠠᠨ᠎ᠢᠶᠠᠷ᠂ ᠠᠮᠢ ᠠᠬᠤᠶ᠎ᠣᠷᠴᠢᠨ ᠲᠣᠭᠣᠷᠢᠨ᠎ᠢ ᠬᠢᠨᠠᠨ ᠬᠡᠮᠵᠢᠬᠦ ᠪᠠᠢᠭᠤᠯᠤᠮᠵᠢ ᠪᠣᠯ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠦᠨ ᠦᠶ᠋ᠯᠡᠴᠢᠯᠡᠭᠡ ᠬᠢᠬᠦ᠌ ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠪᠠᠢᠭᠤᠯᠤᠮᠵᠢ ᠪᠠᠢᠵᠤ᠂ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠵᠣᠬᠢᠶᠠᠨ ᠪᠠᠢᠭᠤᠯᠤᠭ᠍ᠰᠠᠨ ᠣᠯᠠᠨ ᠨᠡᠢᠲᠡ᠎ᠶ᠋ᠢᠨ ᠬᠢᠨᠠᠨ ᠬᠡᠮᠵᠢᠬᠦ ᠪᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ ᠥᠪᠡᠰᠦᠪᠡᠨ ᠬᠢᠨᠠᠨ ᠬᠡᠮᠵᠢᠬᠦ ᠠᠵᠢᠯᠯᠠᠭ᠎ᠠ᠎ᠳᠤ ᠬᠢᠨᠠᠨ ᠬᠡᠮᠵᠢᠭᠰᠡᠨ ᠲᠣᠭ᠎ᠠ ᠪᠠᠷᠢᠮᠲᠠ᠂ ᠦᠷ᠎ᠡ ᠳ᠋ᠦᠩ ᠬᠠᠩᠭᠠᠨ᠎ᠠ᠃ ᠣᠳᠣᠬᠠᠨ᠎ᠳᠤ᠂ ᠪᠦᠬᠦ᠌ ᠤᠯᠤᠰ᠎ᠲᠤ ᠠᠮᠢ ᠠᠬᠤᠢ᠎ᠣᠷᠴᠢᠨ ᠲᠣᠭᠣᠷᠢᠨ᠎ᠢ ᠬᠢᠨᠠᠨ ᠬᠡᠮᠵᠢᠬᠦ᠌ ᠪᠠᠢᠭᠤᠯᠤᠮᠵᠢ 8600 ᠭᠠᠷᠤᠢ ᠪᠤᠢ᠃

ᠠᠵᠢᠯᠲᠠᠨ᠂ ᠲᠥᠬᠥᠭᠡᠷᠦᠮᠵᠢ᠂ ᠲᠠᠯᠠᠪᠤᠷ ᠭᠠᠵᠠᠷ᠂ ᠮᠡᠷᠭᠡᠵᠢᠯ᠎ᠦᠨ ᠴᠢᠳᠠᠪᠤᠷᠢ ᠵᠡᠷᠭᠡ ᠲᠠᠯ᠎ᠠ᠎ᠪᠠᠷ ᠨᠠᠩ ᠴᠢᠩᠭ᠎ᠠ ᠱᠠᠭᠠᠷᠳᠠᠯᠭ᠎ᠠ ᠳᠤᠷᠠᠳᠪᠠ᠃ ᠵᠢᠱ᠌ᠢᠶᠡᠯᠡᠪᠡᠯ᠂ ᠬᠢᠨᠠᠨ ᠬᠡᠮᠵᠢᠬᠦ᠌ ᠠᠵᠢᠯᠲᠠᠨ᠎ᠤ ᠲᠣᠭ᠎ᠠ ᠡᠩ᠎ᠦᠨ ᠪᠠᠢᠳᠠᠯ᠎ᠳᠤ 20 ᠬᠥᠮᠦᠨ᠎ᠡᠴᠡ ᠴᠥᠭᠡᠨ ᠪᠠᠢᠵᠤ ᠪᠣᠯᠬᠤ ᠥᠬᠡᠶ ᠪᠥᠭᠡᠳ ᠲᠡᠭᠦᠨ᠎ᠦ ᠲᠤᠰᠭᠠᠶ ᠮᠡᠷᠭᠡᠵᠢᠯ᠎ᠦᠨ ᠠᠬᠤᠶ ᠪᠠᠢᠳᠠᠯ᠂ ᠠᠵᠢᠯ ᠡᠷᠭᠢᠯᠡᠭ᠌ᠰᠡᠨ ᠥᠩᠭᠡᠷᠡᠯᠲᠡ᠂ ᠠᠵᠢᠯ᠎ᠤᠨ ᠪᠠᠢᠷᠢ᠎ᠳᠤ ᠪᠠᠢᠭ᠍ᠰᠠᠨ ᠴᠠᠭ᠎ᠤᠨ ᠲᠤᠬᠠᠶ ᠲᠣᠳᠣᠷᠬᠠᠶ ᠲᠣᠭ᠍ᠲᠠᠭᠠᠯ ᠭᠠᠷᠭᠠᠵᠠᠶ; ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠲᠥᠷᠥᠯ ᠵᠦᠶ᠋ᠯ᠎ᠢ ᠤᠰᠤ᠂ ᠠᠭᠠᠷ᠂ ᠬᠥᠷᠥᠰᠥ᠍ ᠱᠢᠷᠣᠶ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠵᠡᠷᠭᠡ 13 ᠬᠢᠨᠠᠨ ᠬᠡᠮᠵᠢᠬᠦ ᠲᠥᠷᠥᠯ ᠢᠯᠭᠠᠯ ᠬᠤᠪᠢᠶᠠᠵᠤ᠂ ᠬᠢᠨᠠᠨ ᠬᠡᠮᠵᠢᠬᠦ ᠪᠠᠢᠭᠤᠯᠤᠮᠵᠢ᠎ᠨᠢ ᠳᠤᠷ᠎ᠠ᠎ᠶ᠋ᠢᠨ ᠨᠢᠭᠡ ᠲᠥᠷᠥᠯ ᠢᠯᠭᠠᠯ᠎ᠤᠨ ᠬᠢᠷᠢ ᠬᠡᠮ᠎ᠢ ᠭᠤᠶᠤᠴᠢᠯᠠᠬᠤ᠎ᠳᠤ᠂ ᠲᠣᠰ ᠲᠥᠷᠥᠯ ᠢᠯᠭᠠᠯ᠎ᠤᠨ ᠪᠥᠬᠥ᠌ ᠰᠢᠯᠭᠠᠨ ᠪᠠᠢᠴᠠᠭᠠᠬᠤ ᠴᠢᠳᠠᠪᠤᠷᠢ᠎ᠶ᠋ᠢ ᠪᠦᠷᠢᠯᠳᠦᠭᠦᠯᠦᠭ᠌ᠰᠡᠨ ᠪᠠᠢᠵᠤ᠂ ᠪᠦᠷᠢᠨ ᠪᠦᠲᠦᠨ ᠬᠢᠨᠠᠨ ᠬᠡᠮᠵᠢᠬᠦ ᠴᠢᠳᠠᠪᠤᠷᠢ ᠥᠬᠡᠶ ᠪᠠᠢᠭᠤᠯᠤᠮᠵᠢ᠎ᠨᠢ ᠵᠥᠪᠬᠡᠨ ᠭᠠᠭ᠍ᠴᠠ ᠵᠦᠶ᠋ᠯ᠎ᠦᠨ ᠬᠢᠷᠢ ᠬᠡᠮ᠎ᠢ ᠭᠤᠶᠤᠴᠢᠯᠠᠨ ᠵᠠᠬ᠎ᠠ ᠳᠡᠯᠭᠡᠭᠦᠷ᠎ᠲᠦ ᠬᠣᠯᠢᠯᠳᠤᠨ ᠣᠷᠣᠬᠤ᠎ᠶ᠋ᠢ ᠰᠡᠷᠭᠡᠢᠯᠡᠬᠦ ᠬᠡᠷᠡᠭᠲᠡᠢ ᠭᠡᠵᠦ᠍ ᠲᠣᠭ᠍ᠲᠠᠭᠠᠪᠠ᠃

ᠠᠮᠢ ᠠᠬᠤᠶ᠎ᠣᠷᠴᠢᠨ ᠲᠣᠭᠣᠷᠢᠨ᠎ᠢ ᠬᠢᠨᠠᠨ ᠬᠡᠮᠵᠢᠬᠦ ᠳᠤᠮᠳᠠ ᠥᠯᠢᠭᠡᠷ ᠡᠳ᠋ ᠠᠪᠬᠤ᠂ ᠰᠢᠯᠭᠠᠨ ᠪᠠᠢᠴᠠᠭᠠᠬᠤ ᠶᠠᠪᠤᠴᠠ᠎ᠳᠤ ᠳᠠᠬᠢᠨ ᠢᠯᠡᠷᠡᠬᠦ᠌᠎ᠳᠦ ᠬᠦᠴᠢᠷᠲᠡᠶ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢᠨ ᠬᠦᠴᠢᠷᠳᠡᠯ ᠶᠡᠬᠡ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠨᠦᠬᠦᠪᠦᠷᠢ ᠱᠠᠭᠠᠷᠳᠠᠯᠭ᠎ᠠ᠎ᠳᠤ ᠲᠤᠰᠭᠠᠶ ᠬᠡᠷᠡᠭ᠌ᠯᠡᠬᠦ᠌ ᠬᠡᠮᠵᠢᠭᠦᠷᠯᠢᠭ ᠲᠥᠬᠥᠭᠡᠷᠦᠮᠵᠢ᠎ᠨᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶ᠋ᠢ ᠥᠭᠡᠷᠡᠲᠦᠭᠦᠯᠬᠦ᠌᠂ ᠬᠠᠭᠤᠷᠮᠠᠭ᠎ᠢᠶᠠᠷ ᠵᠣᠬᠢᠶᠠᠬᠤ᠎ᠶ᠋ᠢ ᠰᠡᠷᠭᠡᠢᠯᠡᠬᠦ᠌ ᠴᠢᠳᠠᠮᠵᠢ᠎ᠲᠠᠶ ᠪᠠᠢᠬᠤ ᠭᠡᠷᠡᠭᠲᠡᠢ; ᠬᠢᠨᠠᠨ ᠬᠡᠮᠵᠢᠬᠦ᠌ ᠪᠠᠢᠭᠤᠯᠤᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠬᠡᠷᠡᠭ᠌ᠯᠡᠵᠦ᠍᠂ ᠬᠢᠨᠠᠨ ᠬᠡᠮᠵᠢᠬᠦ᠌ ᠶᠠᠪᠤᠴᠠ᠎ᠳᠠᠬᠢ ᠲᠣᠭ᠎ᠠ ᠪᠠᠷᠢᠮᠲᠠ ᠪᠠ ᠮᠡᠳᠡᠭᠡ ᠵᠠᠩᠭᠢ᠎ᠶ᠋ᠢ ᠪᠦᠬᠦ᠌ ᠶᠠᠪᠤᠴᠠ᠎ᠳᠤ ᠬᠠᠮᠢᠶᠠᠷᠬᠤ᠎ᠶ᠋ᠢ ᠱᠠᠭᠠᠷᠳᠠᠬᠤ ᠭᠡᠷᠡᠭᠲᠡᠢ ᠭᠡᠵᠦ ᠳᠤᠲᠤᠷᠬᠠᠢᠯᠠᠪᠠ᠃

ᠡᠭᠦᠨ᠎ᠡᠴᠡ ᠭᠠᠳᠠᠨ᠎ᠠ᠂ ᠨᠥᠬᠥᠪᠥᠷᠢ ᠱᠠᠭᠠᠷᠳᠠᠯᠭ᠎ᠠ᠎ᠳᠤ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠱᠠᠭᠠᠷᠳᠠᠯᠭ᠎ᠠ᠎ᠯᠤᠭ᠎ᠠ ᠵᠣᠯᠭᠠᠭᠤᠯᠬᠤ᠎ᠶ᠋ᠢ ᠴᠢᠬᠤᠯᠠᠴᠢᠯᠠᠵᠤ᠂ 《ᠱᠢᠨ᠎ᠡ ᠪᠠᠢᠭᠤᠯᠤᠮᠵᠢ᠎ᠶ᠋ᠢ ᠨᠢᠭᠡ ᠯᠡ ᠳᠡᠭᠡᠷ᠎ᠡ ᠪᠣᠳᠠᠲᠠᠢᠵᠢᠭᠤᠯᠵᠤ᠂ ᠬᠠᠭᠤᠴᠢᠨ ᠪᠠᠢᠭᠤᠯᠤᠮᠵᠢ᠎ᠶ᠋ᠢ ᠠᠶᠠᠨᠳᠠᠭᠠᠨ ᠱᠢᠯᠵᠢᠭᠦᠯᠬᠦ᠌》 ᠠᠷᠭ᠎ᠠ ᠮᠠᠶᠢᠭ᠎ᠢᠶᠠᠷ ᠬᠡᠷᠡᠭ᠌ᠵᠢᠭᠦᠯᠦᠨ᠎ᠡ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号