ᠦᠪᠦᠷ ᠮᠤᠩᠭᠤᠯ ᠤ᠋ᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠬᠦᠷᠢᠶᠡᠨ ᠳ᠋ᠡᠬᠢ ᠫᠤᠰᠲ ᠳ᠋ᠤᠺᠲ᠋ᠤᠷ ᠤ᠋ᠨ ᠰᠤᠳᠤᠯᠭᠠᠨ ᠤ᠋ ᠠᠩᠬᠠᠳᠠᠭᠴᠢ ᠠᠵᠢᠯᠯᠠᠬᠤ ᠦᠷᠳᠡᠭᠡ ᠪᠠᠢᠭᠤᠯᠤᠭᠳᠠᠯ᠎ᠠ
2025-12-29 10:42:26
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠤᠯᠤᠰ ᠤ᠋ᠨ ᠮᠤᠩᠭᠤᠯ ᠡᠮᠨᠡᠯᠭᠡ ᠵᠢᠨ ᠬᠤᠷᠢᠶ᠎ᠠ ᠵᠢᠨ ᠫᠤᠰᠲ ᠳ᠋ᠤᠺᠲ᠋ᠤᠷ ᠤ᠋ᠨ ᠰᠤᠳᠤᠯᠭᠠᠨ ᠤ᠋ ᠠᠵᠢᠯᠯᠠᠬᠤ ᠦᠷᠳᠡᠭᠡ᠎ᠵᠢᠨ ᠫᠠᠢᠰᠠ ᠡᠯᠬᠦᠬᠦ ᠶᠤᠰᠤᠯᠠᠯ ᠶᠠᠪᠤᠭᠳᠠᠵᠤ᠂ ᠲᠦᠷᠦᠭᠦᠦ ᠪᠦᠯᠦᠭ ᠤ᠋ᠨ 7 ᠫᠤᠰᠲ ᠳ᠋ᠤᠺᠲ᠋ᠤᠷ᠎ᠤᠨ ᠦᠷᠳᠡᠭᠡᠨ ᠳ᠋ᠤ ᠠᠵᠢᠯᠯᠠᠬᠤ ᠦᠨᠡᠮᠯᠡᠯ ᠤ᠋ᠨ ᠪᠢᠴᠢᠭ ᠭᠠᠷᠳᠠᠭᠤᠯᠪᠠ᠃ ᠡᠨᠡ ᠨᠢ ᠦᠪᠦᠷ ᠮᠤᠩᠭᠤᠯ ᠤ᠋ᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠬᠦᠷᠢᠶᠡᠨ ᠳ᠋ᠡᠬᠢ ᠫᠤᠰᠲ ᠳ᠋ᠤᠺᠲ᠋ᠤᠷ ᠤ᠋ᠨ ᠰᠤᠳᠤᠯᠭᠠᠨ ᠤ᠋ ᠠᠩᠬᠠᠳᠠᠭᠴᠢ ᠠᠵᠢᠯᠯᠠᠬᠤ ᠦᠷᠳᠡᠭᠡ ᠪᠠᠢᠭᠤᠯᠤᠭᠳᠠᠭᠰᠠᠨ ᠢ᠋ ᠬᠠᠷᠠᠭᠤᠯᠵᠤ ᠪᠠᠢᠯ᠎ᠠ᠃

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠤᠯᠤᠰ ᠤ᠋ᠨ ᠮᠤᠩᠭᠤᠯ ᠡᠮᠨᠡᠯᠭᠡ ᠵᠢᠨ ᠬᠤᠷᠢᠶ᠎ᠠ ᠵᠢᠨ ᠫᠤᠰᠲ ᠳ᠋ᠤᠺᠲ᠋ᠤᠷ ᠤ᠋ᠨ ᠰᠤᠳᠤᠯᠭᠠᠨ ᠤ᠋ ᠠᠵᠢᠯᠯᠠᠬᠤ ᠦᠷᠳᠡᠭᠡ 2024 ᠤᠨ ᠤ᠋ 5 ᠰᠠᠷ᠎ᠠ ᠳ᠋ᠤ ᠵᠦᠪᠰᠢᠶᠡᠷᠡᠯ᠎ᠤᠯᠵᠤ᠂ ᠤᠳᠤ ᠵᠢᠡᠭᠬᠢᠨᠢ ᠪᠠᠷ ᠪᠠᠢᠭᠤᠯᠤᠭᠳᠠᠭᠰᠠᠨ ᠨᠢ ᠦᠪᠦᠷ ᠮᠤᠩᠭᠤᠯ ᠴᠢᠳᠠᠪᠤᠷᠢᠳᠠᠨ ᠵᠢᠡᠷ ᠤᠯᠤᠰ ᠵᠢᠡᠨ ᠬᠦᠴᠦᠷᠭᠡᠭᠵᠢᠭᠦᠯᠬᠦ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠵᠢᠡᠷ ᠤᠯᠤᠰ ᠵᠢᠡᠨ ᠮᠠᠨᠳᠤᠭᠤᠯᠬᠤ ᠵᠢᠨ ᠪᠠᠢᠯᠳᠤᠬᠤ ᠪᠤᠳᠤᠯᠭ᠎ᠠ ᠵᠢ ᠨᠠᠢᠳᠠᠪᠤᠷᠢᠵᠢᠭᠤᠯᠤᠭᠰᠠᠨ ᠤ᠋ ᠴᠢᠬᠤᠯᠠ ᠠᠷᠭ᠎ᠠ ᠬᠡᠮᠵᠢᠶ᠎ᠡ ᠪᠤᠯᠤᠨ᠎ᠠ᠂ ᠮᠦᠨ ᠴᠦ᠍ 《ᠬᠢᠳᠠᠳ ᠡᠮ ᠡᠮᠨᠡᠯᠭᠡ (ᠮᠤᠩᠭᠤᠯ ᠡᠮ ᠡᠮᠨᠡᠯᠭᠡ) ᠵᠢ ᠤᠯᠠᠮᠵᠢᠯᠠᠨ ᠬᠦᠭᠵᠢᠭᠦᠯᠬᠦ 〈ᠰᠢᠨ᠎ᠠ ᠦᠢᠯᠡᠳᠪᠦᠷᠢᠯᠡᠯ ᠤ᠋ᠨ ᠬᠦᠴᠦᠨ ᠤ᠋ ᠰᠢᠨ᠎ᠡ ᠵᠢ ᠡᠭᠦᠳᠴᠦ᠂ ᠰᠢᠨ᠎ᠡ ᠦᠢᠯᠡᠳᠭᠦᠨ ᠢ᠋ ᠡᠭᠦᠳᠤᠨ ᠪᠦᠳᠦᠭᠡᠭᠦ〉 ᠭᠤᠷᠪᠠᠨ ᠵᠢᠯ ᠤ᠋ᠨ ᠠᠵᠢᠯᠯᠠᠭᠠᠨ》 ᠤ᠋ ᠪᠤᠳᠠᠳᠤ ᠦᠢᠯᠡᠳᠦᠯᠭᠡ ᠪᠤᠯᠬᠤ ᠪᠦᠭᠡᠳ ᠳᠡᠭᠡᠳᠤ ᠳᠡᠰ ᠤ᠋ᠨ ᠴᠢᠳᠠᠪᠤᠷᠢᠳᠠᠨ ᠢ᠋ ᠬᠦᠮᠦᠵᠢᠭᠦᠯᠬᠦ ᠪᠠ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠭᠦ ᠵᠢᠨ ᠵᠠᠩᠬᠢᠯᠠᠭ᠎ᠠ ᠵᠢᠨ ᠠᠴᠢᠶᠠᠯᠠᠪᠤᠷᠢ ᠪᠤᠯᠤᠭᠰᠠᠨ ᠪᠠᠢᠨ᠎ᠠ᠃

ᠳᠤᠰ ᠠᠵᠢᠯᠯᠠᠬᠤ ᠦᠷᠳᠡᠭᠡ ᠨᠢ ᠳᠠᠪᠴᠠᠩ ᠤ᠋ᠨ ᠬᠤᠯᠪᠤᠭᠠᠰᠤ ᠵᠢᠨ ᠦᠢᠯᠡᠳᠦᠯ ᠵᠢᠡᠨ ᠬᠦᠢᠴᠡᠳ ᠪᠠᠳᠠᠷᠠᠭᠤᠯᠵᠤ᠂ ᠡᠮᠴᠢᠯᠡᠭᠡ᠂ ᠵᠢᠭᠠᠨ ᠰᠤᠷᠭᠠᠯᠳᠠ ᠪᠤᠯᠤᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠡᠬᠢ ᠪᠠᠶᠠᠯᠢᠭ ᠢ᠋ ᠤᠷᠭᠠᠨᠢᠭ ᠵᠢᠡᠷ ᠵᠤᠯᠭᠠᠭᠤᠯᠵᠤ᠂ ᠬᠠᠨᠳᠤᠯᠭᠠᠳᠤ ᠴᠢᠨᠠᠷ ᠲᠠᠢ ᠪᠡᠷ ᠨᠡᠩ ᠤᠯᠠᠨ ᠳᠡᠭᠡᠳᠤ ᠳᠡᠰ ᠤ᠋ᠨ ᠴᠢᠳᠠᠪᠤᠷᠢᠳᠠᠨ ᠢ᠋ ᠤᠷᠢᠨ ᠠᠪᠴᠢᠷᠠᠵᠤ᠂ ᠮᠤᠩᠭᠤᠯ ᠡᠮ ᠡᠮᠨᠡᠯᠭᠡ ᠵᠢᠨ ᠰᠤᠳᠤᠯᠭᠠᠨ ᠢ᠋ ᠬᠦᠨᠵᠡᠭᠡᠢᠷᠡᠭᠦᠯᠵᠤ᠂ ᠬᠢᠳᠠᠳ ᠡᠮ ᠡᠮᠨᠡᠯᠭᠡ (ᠮᠤᠩᠭᠤᠯ ᠡᠮ ᠡᠮᠨᠡᠯᠭᠡ) ᠵᠢᠨ ᠦᠢᠯᠡᠴᠢᠯᠡᠭᠡᠨ ᠤ᠋ ᠴᠢᠳᠠᠪᠤᠷᠢ ᠵᠢ ᠪᠦᠬᠦ ᠳᠠᠯ᠎ᠠ ᠪᠡᠷ ᠳᠡᠭᠡᠭᠰᠢᠯᠡᠭᠦᠯᠬᠦ ᠪᠤᠯᠤᠨ᠎ᠠ᠃ ᠡᠭᠦᠨ ᠤ᠋ ᠬᠠᠮᠳᠤ᠂ ᠮᠤᠩᠭᠤᠯ ᠠᠨᠠᠭᠠᠬᠤ ᠤᠬᠠᠭᠠᠨ ᠤ᠋ ᠡᠷᠳᠡᠨ ᠤ᠋ ᠰᠤᠷᠪᠤᠯᠵᠢ ᠪᠢᠴᠢᠭ ᠢ᠋ ᠡᠮᠬᠢᠳᠭᠡᠭᠦ ᠪᠠ ᠠᠭᠤᠳᠠᠯᠬᠤ᠂ ᠦᠪᠡᠷᠮᠢᠴᠡ ᠤᠨᠴᠠᠯᠢᠭᠳᠤ ᠡᠮ ᠤ᠋ᠨ ᠮᠠᠲᠧᠷᠢᠶᠠᠯ ᠢ᠋ ᠰᠤᠳᠤᠯᠤᠨ ᠨᠡᠭᠡᠭᠡᠭᠦ ᠪᠠ ᠠᠵᠦ ᠦᠢᠯᠡᠰᠵᠢᠭᠦᠯᠬᠦ᠂ ᠡᠮᠴᠢᠯᠡᠭᠡᠨ ᠤ᠋ ᠤᠨᠤᠰᠢᠯᠠᠬᠤ ᠮᠡᠷᠭᠡᠵᠢᠯ ᠤ᠋ᠨ ᠰᠢᠨ᠎ᠡ ᠵᠢ ᠡᠭᠦᠳᠭᠦ ᠬᠢᠭᠡᠳ ᠳᠡᠯᠭᠡᠷᠡᠭᠦᠯᠬᠦ ᠵᠡᠷᠭᠡ ᠭᠤᠤᠯ ᠬᠦᠷᠢᠶ᠎ᠡ ᠴᠠᠷᠠᠭ᠎ᠠ ᠳ᠋ᠤ ᠬᠠᠨᠳᠤᠭᠤᠯᠤᠨ ᠨᠢᠭᠡ ᠪᠦᠯᠦᠭ ᠰᠢᠨᠵᠢᠯᠡᠭᠦ ᠤᠬᠠᠭᠠᠨ ᠤ᠋ ᠰᠤᠳᠤᠯᠭᠠᠨ ᠤ᠋ ᠬᠡᠪ ᠪᠤᠯᠪᠠᠰᠤᠷᠠᠯ ᠪᠠ ᠦᠢᠯᠡᠳᠦᠯᠭᠡ ᠵᠢᠨ ᠴᠢᠳᠠᠪᠤᠷᠢ ᠲᠠᠢ ᠳᠡᠭᠡᠳᠤ ᠳᠡᠰ ᠤ᠋ᠨ ᠴᠢᠳᠠᠪᠤᠷᠢᠳᠠᠨ ᠢ᠋ ᠬᠦᠴᠦᠯᠡᠨ ᠬᠦᠮᠦᠵᠢᠭᠦᠯᠵᠤ᠂ ᠬᠢᠳᠠᠳ ᠡᠮ ᠡᠮᠨᠡᠯᠭᠡ (ᠮᠤᠩᠭᠤᠯ ᠡᠮ ᠡᠮᠨᠡᠯᠭᠡ) ᠵᠢᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠪᠦᠬᠦᠢ ᠬᠦᠳᠡᠯᠭᠡᠭᠦ ᠬᠦᠴᠦᠨ ᠨᠡᠮᠡᠷᠢᠯᠡᠬᠦ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号