ᠥᠪᠥᠷ ᠮᠣᠩᠭᠣᠯ ᠰᠢᠥᠳᠠᠨ᠎ᠤ ᠠᠵᠢᠯ ᠲᠥᠷᠥᠯ᠎ᠦᠨ ᠠᠮᠤᠷ ᠲᠦᠪᠱᠢᠨ ᠲᠣᠭ᠍ᠲᠠᠭᠤᠨ ᠠᠵᠢᠯᠯᠠᠭ᠎ᠠ ᠵᠢ ᠠᠬᠢᠭᠤᠯᠤᠨ᠎ᠠ
2025-12-29 10:50:24
ᠵᠣᠬᠢᠶᠠᠭ᠍ᠴᠢ᠄
​ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠠᠶᠤᠯᠭᠦᠶ ᠦᠶ᠋ᠯᠡᠳᠪᠦᠷᠢᠯᠡᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂  ᠰᠢᠥᠳᠠᠨ᠎ᠤ ᠠᠵᠢᠯ ᠲᠥᠷᠥᠯ᠎ᠦᠨ ᠠᠮᠤᠷ ᠲᠦᠪᠱᠢᠨ ᠲᠣᠭ᠍ᠲᠠᠭᠤᠨ ᠠᠵᠢᠯᠯᠠᠭ᠎ᠠ ᠵᠢ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ ᠤᠢᠷ᠎ᠠ᠎ᠳᠤ ᠪᠥᠬᠥ᠌ ᠣᠷᠣᠨ᠎ᠤ ᠰᠢᠤᠳᠠᠨ᠎ᠤ ᠠᠵᠢᠯ ᠲᠥᠷᠥᠯ᠎ᠦᠨ ᠠᠮᠤᠷ ᠲᠦᠪᠱᠢᠨ ᠲᠣᠭ᠍ᠲᠠᠭᠤᠨ᠎ᠤ ᠠᠵᠢᠯ᠎ᠢ ᠪᠠᠢᠷᠢᠯᠠᠭᠤᠯᠤᠨ ᠠᠬᠢᠭᠤᠯᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃

ᠬᠤᠷᠠᠯ᠎ᠠᠴᠠ ᠡᠯ᠎ᠡ ᠠᠢᠮᠠᠭ ᠬᠣᠲᠠ᠎ᠶ᠋ᠢᠨ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠂ ᠡᠯ᠎ᠡ ᠭᠤᠪᠢᠭᠤᠯᠤᠨ ᠬᠦᠷᠭᠡᠬᠦ ᠠᠵᠤ ᠠᠬᠤᠢᠯᠠᠯ᠎ᠤᠨ ᠣᠷᠣᠨ ᠪᠦᠰᠡ᠎ᠶ᠋ᠢᠨ ᠶᠡᠷᠦᠩᠬᠡᠶ ᠬᠡᠯᠲᠡᠰ᠎ᠦᠨ ᠠᠮᠤᠷ ᠲᠦᠪᠱᠢᠨ ᠲᠣᠭ᠍ᠲᠠᠭᠤᠨ᠎ᠤ ᠠᠵᠢᠯ᠎ᠤᠨ ᠪᠠᠢᠳᠠᠯ᠎ᠢ ᠰᠣᠨᠣᠰᠴᠤ᠌᠂ 2025 ᠣᠨ᠎ᠤ ᠲᠥᠪ᠎ᠦᠨ ᠠᠶᠤᠯᠭᠦᠶ ᠦᠶ᠋ᠯᠡᠳᠪᠦᠷᠢᠯᠡᠯ᠎ᠦᠨ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠢ ᠵᠠᠷᠯᠠᠨ ᠮᠡᠳᠡᠭ᠌ᠳᠡᠵᠦ᠍᠂ ᠣᠳᠣᠬᠠᠨ᠎ᠤ ᠠᠶᠤᠯᠭᠦᠶ ᠦᠶ᠋ᠯᠡᠳᠪᠦᠷᠢᠯᠡᠯ᠎ᠦᠨ ᠪᠠᠢᠳᠠᠯ᠎ᠢ ᠭᠦᠨᠵᠡᠭᠡᠶ ᠵᠠᠳᠠᠯᠤᠭ᠍ᠰᠠᠨ ᠪᠥᠭᠡᠳ ᠪᠥᠬᠥ᠌ ᠣᠷᠣᠨ᠎ᠤ ᠠᠵᠢᠯ ᠲᠥᠷᠥᠯ᠎ᠦᠨ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠵᠢᠴᠢ ᠠᠮᠤᠷ ᠲᠦᠪᠱᠢᠨ᠎ᠦ ᠰᠡᠷᠭᠡᠢᠯᠡᠯᠲᠡ᠎ᠶ᠋ᠢ ᠭᠦᠨᠵᠡᠭᠡᠶ ᠥᠷᠨᠢᠭᠦᠯᠵᠦ᠍᠂ ᠲᠥᠪ᠎ᠦᠨ ᠠᠶᠤᠯᠬᠦᠢ ᠦᠶ᠋ᠯᠡᠳᠪᠦᠷᠢᠯᠡᠯ᠎ᠦᠨ ᠬᠢᠨᠠᠨ ᠱᠢᠯᠭᠠᠵᠤ ᠲᠣᠭᠣᠷᠢᠨ ᠪᠠᠢᠴᠠᠭᠠᠬᠤ᠎ᠳᠤ ᠢᠯᠡᠷᠡᠭᠦᠯᠦᠭ᠌ᠰᠡᠨ ᠠᠰᠠᠭᠤᠳᠠᠯ᠎ᠢ ᠪᠠᠷᠢᠮᠵᠢᠶᠠᠯᠠᠨ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠰᠠᠢᠲᠤᠷ ᠬᠢᠵᠦ᠍᠂ ᠠᠮᠤᠷ ᠠᠮᠤᠭᠤᠯᠠᠩ᠎ᠤᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ ᠪᠣᠯᠤᠨ ᠮᠡᠳᠡᠭᠡ ᠵᠠᠩᠬᠢᠵᠢᠯᠳᠡ᠎ᠶ᠋ᠢᠨ ᠬᠠᠮᠢᠶᠠᠷᠤᠯᠲᠠ᠎ᠶ᠋ᠢ ᠲᠣᠪᠣᠢᠮ᠎ᠠ ᠰᠠᠢᠲᠤᠷ ᠠᠳᠭᠤᠵᠤ᠂ ᠬᠦᠨᠳᠦ ᠶᠡᠬᠡ ᠡᠨᠳᠡᠯ᠎ᠦᠨ ᠬᠡᠮ ᠰᠣᠭᠣᠭ᠎ᠢ ᠪᠠᠢᠴᠠᠭᠠᠨ ᠰᠡᠷᠭᠡᠢᠯᠡᠬᠦ ᠵᠢ ᠪᠠᠢᠩᠭᠤ ᠠᠬᠢᠭᠤᠯᠵᠤ᠂ ᠲᠤᠬᠠᠢᠯᠠᠭ᠍ᠰᠠᠨ ᠠᠵᠢᠯ᠎ᠤᠨ ᠬᠥᠭ᠌ᠵᠢᠶᠡᠨᠲᠦ ᠤᠯᠠᠷᠢᠯ᠎ᠤᠨ ᠠᠮᠤᠷ ᠲᠦᠪᠱᠢᠨ ᠪᠣᠯᠤᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠭᠤᠪᠢᠭᠤᠯᠤᠨ ᠬᠦᠷᠬᠡᠬᠦ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠶᠡᠬᠡ ᠭᠠᠯ᠎ᠤᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠲᠥᠪᠯᠡᠷᠡᠭᠦᠯᠦᠨ ᠥᠷᠨᠢᠭᠦᠯᠵᠦ᠍᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠵᠤ᠂ ᠠᠵᠢᠯ ᠲᠥᠷᠥᠯ᠎ᠦᠨ ᠠᠮᠤᠷ ᠲᠦᠪᠱᠢᠨ ᠲᠤᠬᠳᠠᠭᠤᠨ᠎ᠢ ᠪᠠᠲᠤᠯᠠᠬᠤ ᠬᠡᠷᠡᠭᠳᠡᠢ ᠬᠡᠵᠦ ᠱᠠᠭᠠᠷᠳᠠᠵᠠᠢ᠃

ᠱᠢᠤᠳᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠠᠵᠤ ᠠᠬᠤᠢᠯᠠᠯ ᠣᠷᠣᠨ ᠪᠦᠰᠡ᠎ᠶ᠋ᠢᠨ ᠶᠡᠷᠦᠩᠬᠡᠶ ᠬᠡᠯᠲᠡᠰ ᠬᠠᠮᠵᠢᠯᠴᠠᠨ ᠵᠠᠰᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠠᠳᠠᠯᠢ ᠰᠡᠳᠦᠪ᠎ᠲᠦ ᠬᠠᠮᠲᠤ᠎ᠪᠠᠷ ᠬᠠᠷᠢᠭᠤᠯᠲᠠ ᠥᠭ᠌ᠬᠦ᠂ ᠠᠰᠠᠭᠤᠳᠠᠯ᠎ᠢ ᠬᠠᠮᠲᠤ᠎ᠪᠠᠷ ᠱᠢᠶ᠋ᠳᠪᠦᠷᠢᠯᠡᠬᠦ᠌ ᠰᠢᠥᠳᠠᠨ᠎ᠤ ᠠᠵᠢᠯ ᠲᠥᠷᠥᠯ᠎ᠦᠨ ᠠᠮᠤᠷ ᠲᠦᠪᠱᠢᠨ᠎ᠦ ᠵᠠᠰᠠᠯᠲᠠ᠎ᠶ᠋ᠢᠨ ᠠᠵᠢᠯ᠎ᠤᠨ ᠱᠢᠨ᠎ᠡ ᠪᠠᠢᠷᠢᠱᠢᠯ᠎ᠢ ᠪᠦᠷᠢᠯᠳᠦᠭᠦᠯᠵᠦ᠍᠂ ᠠᠵᠢᠯ ᠲᠥᠷᠥᠯ᠎ᠳᠦ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠴᠠᠭ ᠲᠤᠬᠠᠶ᠎ᠳᠤᠨᠢ ᠱᠢᠶ᠋ᠳᠪᠦᠷᠢᠯᠡᠵᠦ᠂ ᠡᠯ᠎ᠡ ᠠᠵᠤ ᠠᠬᠤᠢᠯᠠᠯ᠎ᠤᠨ ᠣᠷᠣᠨ ᠪᠦᠰᠡ᠎ᠶ᠋ᠢᠨ ᠶᠡᠷᠦᠩᠬᠡᠶ ᠬᠡᠯᠲᠡᠰ ᠨᠢᠭᠡᠳᠦᠯᠲᠡᠶ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠤᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠵᠤ᠂ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ ᠠᠶᠤᠯᠭᠦᠢ ᠦᠢᠯᠡᠳᠪᠦᠷᠢᠯᠡᠯ᠎ᠦᠨ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠤᠷᠢᠭᠯᠠᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号