ᠦᠪᠦᠷ ᠮᠤᠩᠭᠤᠯ ᠤ᠋ᠨ ᠤᠨᠴᠠ ᠲᠦᠷᠦᠯ ᠤ᠋ᠨ ᠴᠠᠬᠳᠠᠭ᠎ᠠ ᠪᠦᠬᠦ ᠤᠯᠤᠰ ᠤ᠋ᠨ ᠪᠠᠢᠯᠳᠤᠭᠠᠨ ᠤ᠋ ᠠᠷᠭ᠎ᠠ ᠵᠢᠨ ᠤᠷᠢᠯᠭ᠎ᠠ ᠵᠢᠨ ᠤᠷᠤᠯᠳᠤᠭᠠᠨ ᠳ᠋ᠸ᠋ ᠰᠢᠯᠢᠳᠡᠭ ᠠᠮᠵᠢᠯᠳᠠ ᠤᠯᠵᠠᠢ
2025-12-29 10:46:43
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ 2025 ᠤᠨ ᠤ᠋ ᠬᠠᠤᠯᠢ ᠬᠡᠷᠡᠭᠵᠢᠬᠦᠯᠦᠭᠴᠢᠳ ᠤ᠋ᠨ ᠪᠠᠢᠯᠳᠤᠭᠠᠨ ᠤ᠋ ᠠᠷᠭ᠎ᠠ ᠵᠢᠨ ᠤᠷᠢᠯᠭ᠎ᠠ ᠵᠢᠨ ᠤᠷᠤᠯᠳᠤᠭᠠᠨ ᠵᠸᠵᠢᠶᠠᠩ ᠮᠤᠵᠢ ᠳ᠋ᠸ᠋ ᠦᠨᠳᠦᠷᠯᠡᠪᠡ᠃ 7 ᠡᠳᠦᠷ ᠤ᠋ᠨ ᠬᠤᠷᠴᠠ ᠰᠢᠷᠦᠬᠦᠨ ᠦᠷᠢᠰᠦᠯᠳᠦᠬᠡᠨ ᠵᠢᠡᠷ ᠲᠠᠮᠵᠢᠨ᠂ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠠᠮᠤᠷ ᠎ᠢ ᠬᠠᠮᠠᠭᠠᠯᠠᠬᠤ ᠬᠠᠮᠢᠶᠠᠷᠤᠯᠳᠠ ᠪᠠ ᠣᠨᠴᠠ ᠲᠦᠷᠦᠯ ᠤ᠋ᠨ ᠵᠢᠵᠢᠬᠦᠷ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠪᠠᠢᠯᠳᠤᠭᠠᠨ ᠤ᠋ ᠬᠠᠷᠴᠠᠭᠠᠢ ᠭᠠᠪᠰᠢᠭᠠᠢ ᠶᠡᠬᠡ ᠠᠩᠬᠢ ᠵᠢᠨ 6 ᠬᠡᠰᠢᠬᠦᠨ ᠵᠢᠡᠷ ᠪᠦᠷᠢᠯᠳᠦᠭᠰᠡᠨ ᠤᠷᠤᠯᠳᠤᠭᠠᠨ᠎ᠤ ᠡᠩᠨᠡᠬᠡ ᠨᠢ ᠯᠠᠪᠳᠠᠭᠤᠨ ᠪᠠᠳᠤᠳᠠᠢ ᠡᠷᠳᠡᠮ ᠴᠢᠳᠠᠪᠤᠷᠢ᠂ ᠡᠷᠡᠰ ᠪᠠᠳᠤ ᠬᠡᠪ ᠰᠤᠷᠳᠠᠯ ᠵᠢᠡᠷ ᠵᠢᠡᠨ ᠪᠦᠬᠦ ᠤᠯᠤᠰ ᠤ᠋ᠨ 50 ᠡᠩᠨᠡᠬᠡᠨ ᠤ᠋ ᠲᠤᠮᠳᠠ ᠡᠴᠨ ᠴᠤᠯᠭᠤᠷᠠᠨ ᠭᠠᠷᠴᠤ᠂ ᠬᠠᠮᠳᠤ ᠨᠡᠢᠳᠡ ᠵᠢᠨ ᠵᠢᠷᠭᠤᠳᠤᠭᠠᠷ ᠲᠦ᠍ ᠤᠷᠤᠵᠤ᠂ ᠦᠪᠤᠷ ᠮᠤᠩᠭᠤᠯ᠎ᠤᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠳ᠋ᠸ᠋ ᠢᠷᠠᠭᠤ ᠠᠯᠳᠠᠷ ᠨᠡᠮᠡᠷᠢᠯᠡᠪᠡ᠃

ᠲᠤᠰ ᠤᠳᠠᠭ᠎ᠠ ᠵᠢᠨ ᠤᠷᠤᠯᠳᠤᠭᠠᠨ ᠨᠢ 《ᠪᠤᠯᠪᠠᠰᠤᠷᠠᠯ ᠤᠷᠤᠯᠳᠤᠭᠠᠨ᠎ᠢ ᠤᠶᠠᠯᠳᠤᠭᠤᠯᠬᠤ᠂ ᠤᠷᠤᠯᠳᠤᠭᠠᠨ ᠵᠢᠡᠷ ᠪᠤᠯᠪᠠᠰᠤᠷᠠᠯ᠎ᠢ ᠠᠬᠢᠭᠤᠯᠬᠤ》 ᠵᠢ ᠪᠠᠷᠢᠮᠳᠠᠯᠠᠵᠤ᠂ ᠬᠡᠰᠢᠬᠦᠳ᠎ᠢ ᠭᠤᠷᠪᠠᠨ ᠵᠢᠯ ᠡᠴᠨ ᠲᠡᠭᠡᠭᠰᠢᠬᠢ ᠴᠠᠬᠳᠠᠭᠠᠨ ᠤ᠋ ᠶᠠᠪᠤᠳᠠᠯ ᠤ᠋ᠨ ᠪᠠᠢᠯᠳᠤᠭᠠᠨ ᠤ᠋ ᠠᠷᠭ᠎ᠠ ᠵᠢᠨ ᠲᠤᠷᠰᠢᠯᠭ᠎ᠠ ᠲᠠᠢ᠂ ᠵᠡᠪᠰᠡᠭ᠎ᠢ ᠬᠡᠷᠡᠭᠯᠡᠬᠦ᠂ ᠪᠠᠢᠯᠳᠤᠨ ᠳᠠᠭᠠᠷᠢᠬᠤ ᠵᠢᠴᠢ ᠵᠢᠯᠤᠭᠤᠴᠢ ᠦᠬᠡᠢ ᠨᠢᠰᠬᠡᠯ ᠵᠡᠷᠬᠡ ᠤᠷ᠎ᠠ ᠮᠡᠷᠬᠡᠵᠢᠯ᠎ᠢ ᠪᠤᠯᠪᠠᠰᠤᠷᠠᠩᠭᠤᠢ ᠬᠡᠷᠡᠭᠯᠡᠭᠰᠡᠨ ᠪᠠᠢᠬᠤ ᠵᠢ ᠱᠠᠭᠠᠷᠳᠠᠵᠤ᠂ ᠪᠦᠬᠦ ᠤᠯᠤᠰ ᠤ᠋ᠨ ᠲᠤᠳᠤᠭᠠᠳᠤ ᠵᠢ ᠬᠠᠮᠠᠭᠠᠯᠠᠬᠤ ᠤᠨᠴᠠ ᠲᠦᠷᠦᠯ ᠤ᠋ᠨ ᠴᠠᠬᠳᠠᠭ᠎ᠠ ᠵᠢᠨ ᠡᠪᠳᠡᠯᠡᠨ ᠠᠷᠢᠯᠭᠠᠵᠤ ᠲᠠᠭᠠᠷᠢᠨ ᠤᠷᠤᠬᠤ ᠬᠦᠷᠢᠶᠡᠨ ᠳ᠋ᠡᠬᠢ ᠬᠠᠮᠤᠬ ᠤ᠋ᠨ ᠦᠨᠳᠦᠷ ᠬᠢᠷᠢ ᠲᠦᠪᠰᠢᠨ ᠪᠦᠬᠦᠢ ᠤᠷᠤᠯᠳᠤᠭᠠᠨ ᠪᠤᠯᠬᠤ ᠶᠤᠮ᠃

ᠤᠢᠯᠠᠭᠠᠬᠰᠠᠨ ᠵᠢᠡᠷ᠂ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠠᠮᠤᠷ ᠎ᠢ ᠬᠠᠮᠠᠭᠠᠯᠠᠬᠤ ᠬᠠᠮᠢᠶᠠᠷᠤᠯᠳᠠ ᠪᠠ ᠣᠨᠴᠠ ᠲᠦᠷᠦᠯ ᠤ᠋ᠨ ᠵᠢᠵᠢᠬᠦᠷ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠨᠢ ᠪᠤᠳᠠᠳᠤ ᠪᠠᠢᠯᠳᠤᠭᠠᠨ ᠤ᠋ ᠬᠡᠷᠡᠭᠴᠡᠬᠡ ᠱᠠᠭᠠᠷᠳᠠᠯᠭ᠎ᠠ ᠳ᠋ᠸ᠋ ᠰᠠᠭᠤᠷᠢᠯᠠᠨ᠂ ᠪᠠᠢᠯᠳᠤᠭᠠᠨ ᠤ᠋ ᠬᠠᠷᠴᠠᠭᠠᠢ ᠭᠠᠪᠰᠢᠭᠠᠢ ᠶᠡᠬᠡ ᠠᠩᠬᠢ ᠳ᠋ᠸ᠋ ᠪᠦᠬᠦ ᠤᠷᠤᠨ ᠤ᠋ ᠠᠩᠬᠠᠳᠠᠬᠴᠢ ᠡᠪᠳᠡᠯᠡᠨ ᠠᠷᠢᠯᠭᠠᠬᠤ ᠠᠵᠢᠯᠯᠠᠬᠤ ᠦᠷᠦᠬᠡ ᠪᠠᠢᠭᠤᠯᠤᠨ᠂ ᠮᠡᠷᠬᠡᠵᠢᠯ᠎ᠢ ᠰᠤᠳᠤᠯᠤᠨ ᠨᠡᠬᠡᠬᠡᠬᠦ᠂ ᠤᠷ᠎ᠠ ᠮᠡᠷᠬᠡᠵᠢᠯ ᠤ᠋ᠨ ᠪᠤᠯᠪᠠᠰᠤᠷᠠᠯ᠂ ᠪᠤᠳᠠᠳᠤ ᠪᠠᠢᠯᠳᠤᠭᠠᠨ ᠤ᠋ ᠬᠡᠷᠡᠭᠯᠡᠬᠡᠨ ᠎ᠢ ᠨᠢᠬᠡ ᠴᠤᠬᠴᠠᠵᠢᠭᠤᠯᠤᠨ ᠠᠬᠢᠭᠤᠯᠪᠠ᠃ ᠠᠵᠢᠯᠯᠠᠬᠤ ᠦᠷᠦᠬᠡ ᠳ᠋ᠸ᠋ ᠤᠯᠤᠰ ᠤ᠋ᠨ ᠲᠤᠳᠤᠭᠠᠳᠤ ᠭᠠᠳᠠᠭᠠᠳᠤ ᠵᠢᠨ ᠲᠡᠷᠢᠬᠦᠨ ᠤ᠋ ᠡᠪᠳᠡᠯᠡᠨ ᠠᠷᠢᠯᠭᠠᠬᠤ ᠲᠦᠬᠦᠬᠡᠷᠦᠮᠵᠢ ᠵᠢ ᠲᠤᠬᠢᠷᠠᠭᠤᠯᠤᠨ᠂ ᠡᠯ᠎ᠡ ᠲᠦᠷᠦᠯ ᠤ᠋ᠨ ᠲᠠᠯᠠᠪᠤᠷ ᠦᠵᠡᠭᠳᠡᠯ ᠤ᠋ᠨ ᠬᠡᠷᠡᠭᠴᠡᠬᠡ ᠱᠠᠭᠠᠷᠳᠠᠯᠭ᠎ᠠ ᠵᠢ ᠬᠠᠮᠤᠷᠴᠠᠢ᠃ ᠤᠯᠠᠨ ᠤᠳᠠᠭ᠎ᠠ ᠵᠢᠨ ᠪᠤᠳᠠᠳᠤ ᠪᠠᠢᠯᠳᠤᠭᠠᠨ ᠤ᠋ ᠡᠬᠦᠷᠬᠡ ᠬᠦᠢᠴᠡᠳᠬᠡᠬᠦ ᠲᠤᠮᠳᠠ᠂ ᠬᠡᠰᠢᠬᠦᠳ ᠡᠪᠳᠡᠯᠡᠨ ᠠᠷᠢᠯᠭᠠᠬᠤ ᠤᠷ᠎ᠠ ᠴᠢᠳᠠᠪᠤᠷᠢ ᠵᠢ ᠴᠢᠳᠠᠮᠠᠭᠠᠢ ᠬᠡᠷᠡᠭᠯᠡᠨ᠂ ᠰᠠᠭᠠᠳ ᠲᠤᠳᠬᠠᠷ᠎ᠢ ᠵᠦᠪ ᠤᠨᠤᠪᠴᠢᠳᠠᠢ ᠦᠨᠳᠦᠷ ᠪᠦᠳᠦᠮᠵᠢᠳᠡᠢ ᠠᠷᠢᠯᠭᠠᠵᠠᠢ᠃ ᠤᠷᠤᠯᠳᠤᠭᠠᠨ ᠳ᠋ᠸ᠋᠂ ᠲᠠᠯᠠᠪᠤᠷ ᠦᠵᠡᠭᠳᠡᠯ ᠪᠤᠳᠤᠯᠢᠶᠠᠨᠳᠠᠢ ᠪᠠᠢᠵᠤ᠂ ᠬᠡᠰᠢᠬᠦᠳ ᠤ᠋ᠨ ᠲᠤᠰᠬᠠᠢ ᠮᠡᠷᠬᠡᠵᠢᠯ ᠬᠢᠬᠡᠳ ᠰᠡᠳᠬᠢᠴᠡ ᠵᠢᠨ ᠬᠡᠪ ᠴᠢᠨᠠᠷ ᠎ᠢ ᠪᠦᠬᠦ ᠲᠠᠯ᠎ᠠ ᠪᠡᠷ ᠰᠢᠯᠭᠠᠨ ᠪᠠᠢᠴᠠᠭᠠᠵᠠᠢ᠃ ᠬᠡᠰᠢᠬᠦᠳ ᠡᠷᠡᠯᠭᠡᠭᠯᠡᠨ ᠴᠢᠷᠮᠠᠢᠵᠤ᠂ ᠪᠤᠯᠪᠠᠰᠤᠷᠠᠯ ᠤ᠋ᠨ ᠦᠷ᠎ᠡ ᠪᠦᠳᠦᠬᠡᠯ ᠵᠢᠡᠨ ᠭᠦᠢᠴᠡᠳ ᠠᠰᠢᠬᠯᠠᠨ᠂ ᠡᠷᠡᠰ ᠲᠠᠰᠤᠷᠬᠠᠢ ᠪᠡᠷ ᠪᠤᠳᠤᠯᠭ᠎ᠠ ᠲᠤᠬᠳᠠᠭᠠᠵᠤ᠂ ᠴᠢᠩᠭ᠎ᠠ ᠲᠤᠰᠬᠠᠢ ᠮᠡᠷᠬᠡᠵᠢᠯ ᠤ᠋ᠨ ᠴᠢᠨᠠᠷ᠎ᠢ ᠢᠯᠡᠷᠡᠬᠦᠯᠵᠦ ᠪᠦᠯᠬᠦᠮᠳᠡᠨ ᠲᠡᠮᠡᠴᠡᠵᠦ᠂ ᠬᠦᠴᠢᠷ᠎ᠢ ᠰᠦᠷᠦᠨ ᠤᠷᠤᠬᠰᠢᠯᠠᠵᠤ᠂ ᠬᠠᠮᠤᠬ ᠤ᠋ᠨ ᠡᠴᠦᠰ ᠲᠦ᠍ ᠰᠢᠯᠢᠳᠡᠭ ᠠᠮᠵᠢᠯᠳᠠ ᠪᠦᠳᠦᠮᠵᠢ ᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号