ᠬᠦᠬᠡᠬᠤᠲᠠ᠎ᠶᠢᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠱᠢᠰᠲ᠋ᠧᠮ ᠭᠤᠴᠢᠨ ᠳᠦᠷᠪᠡᠳᠡᠬᠢ ᠣᠯᠠᠨ ᠤᠯᠤᠰ᠎ᠤᠨ ᠵᠡᠮᠳᠡᠭ᠌ᠴᠦᠳ᠎ᠦᠨ ᠡᠳᠦᠷ ᠤ᠋ᠨ ᠱᠢᠷᠢᠰ ᠠᠵᠢᠯᠯᠠᠭ᠎ᠠ ᠥᠷᠨᠢᠭᠦᠯᠵᠠᠢ
2025-12-29 11:02:53
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠬᠦᠬᠡᠬᠤᠲᠠ᠎ᠶᠢᠨ ᠵᠡᠮᠳᠡᠭᠴᠤᠳ᠎ᠤᠨ ᠬᠤᠯᠪᠤᠭ᠎ᠠ᠎ᠶᠢᠨ ᠰᠢᠰᠲᠸᠮ ᠭᠤᠴᠢᠨ ᠳᠥᠷᠪᠡᠳᠡᠬᠢ ᠤᠯᠠᠨ ᠤᠯᠤᠰ᠎ᠤᠨ ᠵᠡᠮᠳᠡᠭ᠌ᠴᠦᠳ᠎ᠦᠨ ᠡᠳᠦᠷ᠎ᠤᠨ ᠭᠤᠤᠯ ᠰᠡᠳᠦᠪ — 《ᠵᠡᠮᠳᠡᠭ᠌ᠴᠦᠳ᠎ᠦᠨ ᠪᠠᠭ᠍ᠲᠠᠭᠠᠮᠵᠢᠲᠤ ᠨᠡᠢᠭᠡᠮ᠎ᠢ ᠴᠤᠬᠴᠠᠯᠠᠵᠦ᠂ ᠨᠡᠢᠭᠡᠮ᠎ᠦᠨ ᠳᠠᠪᠱᠢᠯᠲᠠ᠎ᠶ᠋ᠢ ᠠᠬᠢᠭᠤᠯᠬᠤ》 ᠵᠢᠨ ᠲᠣᠭᠣᠷᠢᠨ᠎ᠳᠤ ᠣᠯᠠᠨ ᠶᠠᠩᠵᠤ ᠬᠡᠯᠪᠡᠷᠢ᠎ᠶ᠋ᠢᠨ ᠠᠵᠢᠯᠯᠠᠭ᠎ᠠ ᠥᠷᠨᠢᠭᠦᠯᠪᠡ᠃

ᠱᠢᠨ᠎ᠡ ᠬᠣᠲᠠ ᠲᠣᠭᠣᠷᠢᠭ᠎ᠤᠨ ᠬᠣᠶᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠰᠣᠶᠣᠯ ᠤᠷᠠᠯᠢᠭ᠎ᠤᠨ ᠨᠠᠢᠷ ᠵᠢᠴᠢ ᠣᠯᠠᠨ ᠤᠯᠤᠰ᠎ᠤᠨ ᠵᠡᠮᠳᠡᠭ᠌ᠴᠦᠳ᠎ᠦᠨ ᠡᠳᠦᠷ᠎ᠦᠨ 《ᠵᠡᠮᠳᠡᠭ᠌ᠴᠦᠳ᠎ᠦᠨ ᠪᠠᠭ᠍ᠲᠠᠭᠠᠮᠵᠢᠲᠤ ᠨᠡᠢᠭᠡᠮ᠎ᠢ ᠴᠤᠬᠴᠠᠯᠠᠵᠦ᠂ ᠨᠡᠢᠭᠡᠮ᠎ᠦᠨ ᠳᠠᠪᠱᠢᠯᠲᠠ᠎ᠶ᠋ᠢ ᠠᠬᠢᠭᠤᠯᠬᠤ》 ᠭᠤᠤᠯ ᠰᠡᠳᠦᠪᠲᠦ ᠤᠷᠠᠨ ᠰᠠᠢᠬᠠᠨ᠎ᠤ ᠲᠣᠭ᠍ᠯᠠᠯᠲᠠ ᠬᠥᠬᠡᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠲᠥᠪ᠎ᠲᠦ ᠶᠠᠪᠤᠭ᠍ᠳᠠᠪᠠ᠃ ᠲᠣᠭ᠍ᠯᠠᠯᠲᠠ᠎ᠶ᠋ᠢᠨ ᠠᠬᠤᠶ ᠲᠠᠯᠠᠪᠠᠶ᠎ᠳᠤ ᠵᠡᠮᠳᠡᠭᠴᠤᠳ ᠪᠠ ᠡᠷᠡᠬᠦᠯ ᠬᠦᠮᠦᠰ᠎ᠤ᠋ᠨ᠌ ᠰᠡᠳᠭᠢᠯ᠎ᠢ ᠳᠤᠯᠠᠭᠠᠴᠠᠭᠤᠯᠤᠮ᠎ᠠ ᠵᠢᠷᠤᠭ ᠳᠦᠷᠰᠦ ᠬᠣᠢᠨ᠎ᠠ ᠬᠣᠢᠨ᠎ᠠ᠎ᠠᠴᠠ᠎ᠪᠠᠨ ᠳᠡᠯᠭᠡᠭ᠌ᠳᠡᠵᠦ᠂ ᠳᠠᠭᠤᠤ᠎ᠶ᠋ᠢᠨ ᠠᠶᠠᠰ᠂ ᠬᠥᠭ᠌ᠵᠢᠮ᠎ᠦᠨ ᠠᠶᠠᠰ᠂ ᠠᠯᠠᠭ᠎ᠠ ᠲᠠᠱᠢᠯᠳᠠ᠎ᠶ᠋ᠢᠨ ᠲᠠᠭᠤᠨ ᠲᠠᠰᠤᠷᠠᠯᠳᠠ ᠦᠬᠡᠢ ᠦᠷᠭᠦᠯᠵᠢᠯᠡᠵᠦ᠍᠂ ᠦᠵᠡᠭ᠌ᠴᠢᠳ᠎ᠲᠦ ᠦᠪᠡᠳᠡᠭ᠌ᠰᠢ ᠶᠡᠬᠡ ᠳᠠᠢᠯᠠᠯᠭ᠎ᠠ ᠠᠪᠴᠢᠷᠠᠪᠠ᠃ ᠢᠦᠢᠴᠢᠤᠸᠠᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ 《ᠵᠡᠮᠳᠡᠭᠴᠤᠳ ᠪᠠ ᠡᠷᠡᠬᠦᠯ ᠬᠦᠮᠦᠰ ᠰᠡᠳᠭᠢᠯ᠎ᠨᠢᠭᠡᠲᠦᠨ᠂ ᠭᠡᠷᠡᠯ ᠭᠢᠯᠪᠠᠭ᠎ᠠ᠎ᠪᠠᠨ ᠰᠠᠴᠤᠷᠠᠭᠤᠯᠬᠤ》 ᠪᠡᠷ ᠭᠣᠣᠯ ᠰᠡᠳᠦᠪ ᠪᠣᠯᠭᠠᠵᠤ᠂ ᠢᠦᠢᠴᠢᠤᠸᠠᠨ ᠲᠣᠭᠣᠷᠢᠭ᠎ᠤᠨ ᠠᠩᠬᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠤᠷᠠᠨ ᠪᠢᠴᠢᠯᠭᠡ ᠤᠷᠠᠨ ᠵᠢᠷᠤᠭ᠎ᠤᠨ ᠦᠵᠡᠬᠦᠯᠭᠡ᠎ᠵᠢ ᠡᠷᠬᠢᠯᠡᠵᠦ᠍᠂ ᠬᠡᠦᠬᠡᠳ᠎ᠦᠨ ᠲᠤᠰᠤᠨ ᠪᠤᠳᠤᠭ᠎ᠤᠨ ᠵᠢᠷᠤᠭ᠂ ᠤᠰᠤᠨ ᠪᠤᠳᠤᠭ᠎ᠤᠨ ᠵᠢᠷᠤᠭ᠂ ᠤᠷᠠᠨ ᠪᠢᠴᠢᠯᠭᠡ᠂ ᠠᠭᠤᠯᠠ ᠤᠰᠤᠨ᠎ᠤ ᠵᠢᠷᠤᠭ᠎ᠢ ᠳᠡᠯᠭᠡᠨ ᠦᠵᠡᠭᠦᠯᠵᠦ᠍᠂ ᠪᠢᠷ ᠪᠡᠬᠡᠰ᠎ᠢᠶᠡᠷ ᠵᠡᠮᠳᠡᠭᠴᠤᠳ ᠪᠠ ᠡᠷᠡᠬᠦᠯ ᠬᠦᠮᠦᠰ᠎ᠤᠨ ᠠᠭᠤᠰᠤᠯᠴᠠᠯ᠎ᠤᠨ ᠬᠥᠭᠥᠷᠭᠡ᠎ᠶ᠋ᠢ ᠴᠣᠭ᠍ᠴᠠᠯᠠᠵᠤ᠂ ᠠᠮᠢ ᠨᠠᠰᠤᠨ᠎ᠤ ᠬᠦᠴᠦᠨ ᠴᠢᠳᠠᠯ᠎ᠢ ᠤᠷᠠᠯᠢᠭ᠎ᠤᠨ ᠳᠤᠮᠳᠠ ᠭᠢᠯᠠᠯᠵᠠᠭᠤᠯᠪᠠ᠃ ᠰᠠᠢᠬᠠᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ 《ᠵᠡᠮᠳᠡᠭ᠌ᠴᠦᠳ ᠪᠠ ᠡᠷᠡᠭᠦᠯ ᠬᠦᠮᠦᠰ ᠬᠠᠮᠲᠦ ᠪᠡᠷ ᠤᠷᠤᠬᠰᠢᠯᠠᠵᠦ᠂ ᠰᠣᠶᠣᠯ᠎ᠤᠨ ᠰᠤᠳᠠᠰᠤ᠎ᠶᠢ ᠬᠠᠮᠲᠤ ᠪᠡᠷ ᠦᠷᠬᠦᠯᠵᠢᠯᠡᠬᠦᠯᠬᠦ》 ᠪᠠᠷ ᠭᠤᠤᠯ ᠰᠡᠳᠦᠪ ᠪᠣᠯᠭᠠᠵᠤ᠂ 30 ᠭᠠᠷᠤᠶ ᠵᠡᠮᠳᠡᠭ ᠨᠠᠢᠵᠠ᠎ᠨᠠᠷ᠎ᠢ ᠵᠣᠬᠢᠶᠠᠨ ᠪᠠᠢᠭᠤᠯᠵᠤ ᠥᠪᠥᠷ ᠮᠣᠩᠭᠣᠯ᠎ᠤᠨ ᠮᠦᠽᠧᠶ᠎ᠳᠦ ᠬᠦᠷᠴᠦ ᠲᠣᠭᠣᠷᠢᠨ ᠦᠵᠡᠬᠦ᠌ ᠠᠵᠢᠯᠯᠠᠭ᠎ᠠ ᠥᠷᠨᠢᠭᠦᠯᠵᠦ᠍᠂ ᠬᠡᠰᠡᠭ ᠬᠠᠷᠠᠭ᠎ᠠ᠎ᠠᠯᠳᠠᠬᠰᠠᠳ ᠰᠠᠢᠨ ᠲᠤᠷᠠᠴᠤᠳ᠎ᠤᠨ ᠬᠠᠪᠰᠤᠷᠤᠯᠭ᠎ᠠ ᠳᠤᠤᠷ᠎ᠠ ᠳᠠᠭᠤᠷᠢᠶᠠᠮᠠᠯ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠲᠡᠮᠲᠡᠷᠢᠵᠦ᠍᠂ ᠰᠣᠨᠣᠷ ᠠᠯᠳᠠᠬᠰᠠᠳ ᠳᠣᠬᠢᠶᠠᠨ᠎ᠤ ᠬᠡᠯᠡ᠎ᠶᠢᠨ ᠣᠷᠴᠢᠭᠤᠯᠭ᠎ᠠ ᠪᠡᠷ ᠲᠠᠢᠯᠪᠤᠷᠢᠯᠠᠯᠲᠠ᠎ᠶᠢᠨ ᠠᠭᠤᠯᠭ᠎ᠠ᠎ᠶ᠋ᠢ ᠣᠢᠯᠠᠭᠠᠵᠤ᠂ ᠲᠥᠷᠥᠭ᠌ᠳᠡᠯ᠎ᠢᠶᠡᠨ ᠰᠣᠯᠢᠯᠴᠠᠵᠤ᠂ ᠬᠠᠷᠢᠯᠴᠠᠨ ᠣᠢᠯᠠᠭᠠᠯᠴᠠᠬᠤ ᠳᠤᠮᠳᠠ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ ᠪᠠ ᠥᠪᠡᠷᠮᠢᠴᠡ ᠷᠢᠳᠢ ᠱᠢᠳᠢ᠎ᠶ᠋ᠢ ᠣᠢᠯᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号