《ᠤᠷ᠎ᠠ ᠮᠡᠷᠬᠡᠵᠢᠯᠲᠤ ᠥᠪᠥᠷ ᠮᠣᠩᠭᠣᠯ᠎ᠤᠨ ᠠᠶᠠᠯᠠᠯ — ᠬᠥᠬᠡᠬᠣᠲᠠ᠎ᠳᠡᠬᠢ ᠱᠢᠷᠢᠰ ᠠᠵᠢᠯᠯᠠᠭ᠎ᠠ》 ᠶᠠᠪᠤᠭ᠍ᠳᠠᠵᠠᠢ
2025-12-29 11:07:23
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠳᠠᠭᠠᠭᠠᠴᠢᠯᠠᠨ ᠡᠷᠭᠢᠯᠡᠭ᠌ᠰᠡᠨ 《ᠤᠷ᠎ᠠ ᠮᠡᠷᠬᠡᠵᠢᠯᠲᠤ ᠥᠪᠥᠷ ᠮᠣᠩᠭᠣᠯ᠎ᠤᠨ ᠠᠶᠠᠯᠠᠯ — ᠬᠥᠬᠡᠬᠣᠲᠠ᠎ᠳᠡᠬᠢ ᠱᠢᠷᠢᠰ ᠠᠵᠢᠯᠯᠠᠭ᠎ᠠ》 ᠶᠠᠪᠤᠭ᠍ᠳᠠᠵᠠᠢ᠃

ᠤᠢᠯᠠᠭᠠᠭᠰᠠᠨ᠎ᠢᠶᠡᠷ᠂ ᠲᠣᠰ ᠤᠳᠠᠭᠠᠨ᠎ᠤ ᠠᠵᠢᠯᠯᠠᠭ᠎ᠠ᠎ᠨᠢ 《ᠤᠷ᠎ᠠ ᠮᠡᠷᠭᠡᠵᠢᠯ᠎ᠢᠶᠡᠷ ᠢᠷᠡᠭᠡᠳᠦᠶ ᠪᠠᠨ ᠬᠡᠷᠠᠯᠲᠤᠬᠦᠯᠬᠦ》 ᠪᠠᠷ ᠭᠤᠤᠯ ᠰᠡᠳᠦᠪ ᠪᠣᠯᠭᠠᠵᠤ᠂ 8 ᠤᠷᠤᠯᠳᠤᠭᠠᠨ᠎ᠤ ᠮᠡᠷᠭᠡᠵᠢᠯ᠎ᠦᠨ ᠲᠤᠰᠭᠠᠶ ᠮᠡᠷᠭᠡᠵᠢᠯᠲᠡᠨ ᠵᠢᠴᠢ ᠱᠢᠯᠢᠳᠡᠭ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠲᠥᠯᠥᠭᠡᠯᠡᠭ᠌ᠴᠢ᠎ᠶ᠋ᠢ ᠤᠷᠢᠵᠤ᠂ ᠴᠠᠬᠢᠯᠭᠠᠨ᠎ᠤ ᠠᠵᠢᠯᠴᠢᠨ᠂ ᠱᠢᠯᠵᠢᠮᠡᠯ ᠬᠡᠷᠡᠭ᠌ᠯᠡᠭᠡᠨ᠎ᠦ ᠨᠡᠭᠡᠭᠡᠯᠲᠡ᠂ ᠬᠠᠮ ᠵᠠᠭᠤᠴᠢᠯᠠᠭᠤᠷ᠎ᠤᠨ ᠡᠵᠡᠩᠨᠡᠯᠲᠡ᠂ ᠨᠠᠰᠤᠵᠢᠯ᠎ᠤᠨ ᠠᠰᠠᠷᠠᠮᠵᠢ ᠪᠠ ᠰᠤᠪᠢᠯᠠᠯᠲᠠ᠂ ᠬᠣᠭᠣᠯᠠ ᠤᠮᠳᠠ᠂ ᠤᠭ᠍ᠰᠠᠷᠠᠬᠤ᠂ ᠭᠠᠩᠨᠠᠬᠤ ᠵᠡᠷᠭᠡ 7 ᠤᠷᠤᠯᠳᠤᠭᠠᠨ᠎ᠤ ᠲᠥᠷᠥᠯ ᠵᠦᠶ᠋ᠯ᠎ᠦᠨ ᠲᠣᠭᠣᠷᠢᠨ᠎ᠳᠤ ᠮᠡᠷᠭᠡᠵᠢᠯ᠎ᠦᠨ ᠵᠢᠯᠣᠭᠣᠳᠣᠯᠭ᠎ᠠ ᠬᠢᠵᠦ᠍᠂ ᠦᠪᠤᠷ ᠮᠤᠡᠭᠭᠤᠯ ᠤ᠋ᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠬᠢᠷᠢ ᠲᠦᠪᠱᠢᠨ᠎ᠢ ᠳᠠᠬᠢᠨ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠪᠠ᠃ ᠡᠭᠦᠨ᠎ᠳᠦ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠶᠠᠳᠤᠭᠠᠷ᠂ ᠭᠤᠷᠪᠠᠳᠤᠭᠠᠷ ᠬᠤᠭᠤᠴᠠᠭᠠᠨ᠎ᠤ ᠠᠵᠢᠯ ᠮᠡᠷᠭᠡᠵᠢᠯ᠎ᠦᠨ ᠤᠷ᠎ᠠ ᠮᠡᠷᠬᠡᠵᠢᠯ ᠤ᠋ᠨ ᠤᠷᠤᠯᠳᠤᠭᠠᠨ᠎ᠤ 5 ᠠᠯᠲᠠᠨ ᠮᠧᠳᠠᠯ ᠬᠦᠷᠳᠡᠭᠴᠢ᠂ ᠱᠢᠯᠢᠳᠡᠭ ᠱᠠᠩᠨᠠᠯ ᠬᠦᠷᠲᠡᠭ᠌ᠴᠢ ᠤᠷ᠎ᠠ ᠮᠡᠷᠬᠡᠵᠢᠯ᠎ᠢᠶᠡᠷ ᠵᠢᠡᠨ ᠴᠢᠳᠠᠪᠤᠷᠢᠲᠠᠨ ᠪᠣᠯᠤᠭ᠍ᠰᠠᠨ᠂ ᠤᠷ᠎ᠠ ᠮᠡᠷᠬᠡᠵᠢᠯ᠎ᠢᠶᠡᠷ ᠵᠢᠡᠨ ᠤᠯᠤᠰ᠎ᠲᠠᠭᠠᠨ ᠠᠴᠢ ᠬᠠᠷᠢᠭᠤᠯᠠᠭ᠍ᠰᠠᠨ᠂ ᠠᠵᠢᠯ ᠵᠢᠡᠨ ᠬᠠᠢᠷᠠᠯᠠᠵᠤ ᠦᠶ᠋ᠯᠡᠰ᠎ᠢᠶᠡᠨ ᠳᠡᠭᠡᠳᠦᠯᠡᠭ᠌ᠰᠡᠨ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶ᠋ᠢ ᠶᠠᠷᠢᠵᠤ᠂ ᠱᠢᠨ᠎ᠡ ᠴᠠᠭ ᠦᠶ᠎ᠡ᠎ᠶ᠋ᠢᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠴᠣᠭ ᠪᠠᠳᠠᠷᠠᠩᠭᠤᠶ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠪᠡ᠃

ᠠᠵᠢᠯᠯᠠᠭ᠎ᠠ ᠨᠢ ᠪᠠᠰᠠ ᠤᠷ᠎ᠠ ᠮᠡᠷᠬᠡᠵᠢᠯ᠎ᠢ ᠳᠡᠯᠭᠡᠨ ᠦᠵᠡᠭᠦᠯᠵᠦ᠍ ᠰᠣᠯᠢᠯᠴᠠᠬᠤ ᠪᠠ ᠲᠣᠭᠣᠷᠢᠨ ᠦᠵᠡᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠣᠲᠠ᠎ᠶ᠋ᠢᠨ ᠤᠷ᠎ᠠ ᠮᠡᠷᠬᠡᠵᠢᠯ ᠤ᠋ᠨ ᠴᠢᠳᠠᠪᠤᠷᠢᠲᠠᠨ᠎ᠤ ᠠᠵᠢᠯ᠎ᠤᠨ ᠡᠯᠪᠡᠭ ᠪᠠᠶᠠᠯᠢᠭ ᠦᠷ᠎ᠡ ᠪᠦᠲᠦᠭᠡᠯ᠎ᠢ ᠪᠥᠬᠥ᠌ ᠲᠠᠯ᠎ᠠ᠎ᠪᠠᠷ ᠢᠯᠡᠷᠡᠭᠦᠯᠵᠦ᠍᠂ ᠤᠷ᠎ᠠ ᠮᠡᠷᠬᠡᠵᠢᠯ ᠬᠢᠭᠡᠳ ᠠᠵᠤ ᠦᠶ᠋ᠯᠡᠰ᠎ᠦᠨ ᠬᠥᠭ᠌ᠵᠢᠯᠲᠡ᠂ ᠣᠷᠣᠨ ᠪᠦᠰᠡ᠎ᠶ᠋ᠢᠨ ᠰᠣᠶᠣᠯ᠎ᠤᠨ ᠭᠦᠨᠵᠡᠭᠡᠶ ᠠᠭᠤᠰᠤᠯᠴᠠᠯ᠎ᠢ ᠭᠦᠶ᠋ᠴᠡᠳ ᠢᠯᠡᠷᠡᠭᠦᠯᠵᠠᠢ᠃ ᠲᠣᠰ ᠤᠳᠠᠭ᠎ᠠ᠎ᠶ᠋ᠢᠨ ᠠᠵᠢᠯᠯᠠᠭ᠎ᠠ᠎ᠨᠢ ᠤᠷ᠎ᠠ ᠮᠡᠷᠬᠡᠵᠢᠯ᠎ᠤᠨ ᠴᠢᠳᠠᠪᠤᠷᠢᠲᠠᠨ᠎ᠳᠤ ᠠᠪᠢᠶᠠᠰ ᠴᠢᠳᠠᠪᠤᠷᠢ᠎ᠪᠠᠨ ᠢᠯᠡᠷᠡᠭᠦᠯᠬᠦ᠌᠂ ᠰᠣᠯᠢᠯᠴᠠᠭ᠎ᠠ ᠬᠢᠵᠦ᠍ ᠬᠠᠷᠢᠯᠴᠠᠨ ᠲᠣᠯᠢᠯᠠᠬᠤ ᠲᠠᠪᠴᠠᠩ᠎ᠬᠠᠩᠭᠠᠵᠦ᠂ ᠪᠥᠬᠥ᠌ ᠣᠷᠣᠨ᠎ᠤ ᠡᠯ᠎ᠡ ᠠᠵᠢᠯ ᠲᠥᠷᠥᠯ᠎ᠦᠨ ᠬᠦᠷᠢᠶᠡᠨ᠎ᠦ ᠤᠷ᠎ᠠ ᠮᠡᠷᠬᠡᠵᠢᠯ᠎ᠢ ᠴᠢᠬᠤᠯᠠᠴᠢᠯᠠᠬᠤ᠂ ᠤᠷ᠎ᠠ ᠮᠡᠷᠬᠡᠵᠢᠯ᠎ᠢ ᠡᠷᠬᠢᠮᠯᠡᠬᠦ᠌ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭ᠍ᠲᠠᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号