ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠮᠡᠳᠡᠭ᠌ᠳᠡᠯ ᠪᠠᠭᠤᠯᠭᠠᠵᠤ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠮᠢᠳᠤᠷᠠᠯ ᠨᠢ ᠬᠦᠴᠢᠷᠳᠡᠯᠲᠡᠢ ᠨᠠᠮ᠎ᠤᠨ ᠭᠡᠱᠢᠭᠦᠨ ᠠᠬᠠᠮᠠᠳ ᠨᠠᠮ᠎ᠤᠨ ᠭᠡᠱᠢᠭᠦᠨ ᠠᠬᠠᠮᠠᠳ ᠺᠠᠳ᠋ᠷ᠎ᠢ ᠡᠷᠬᠢᠨ ᠦᠵᠡᠵᠦ᠍ ᠲᠣᠬᠣᠨᠢᠭᠤᠯᠬᠤ ᠠᠵᠢᠯᠯᠠᠭ᠎ᠠ ᠥᠷᠨᠢᠭᠦᠯᠬᠦ᠌ ᠵᠢ ᠱᠠᠭᠠᠷᠳᠠᠪᠠ
2025-12-29 15:33:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠣᠢᠷ᠎ᠠ᠎ᠳᠤ ᠮᠡᠳᠡᠭ᠌ᠳᠡᠯ ᠪᠠᠭᠤᠯᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠮᠢᠳᠤᠷᠠᠯ᠎ᠨᠢ ᠬᠦᠴᠢᠷᠳᠡᠯᠲᠡᠶ ᠨᠠᠮ᠎ᠤᠨ ᠭᠡᠱᠢᠭᠦᠨ᠂ ᠠᠬᠠᠮᠠᠳ ᠨᠠᠮ᠎ᠤᠨ ᠭᠡᠱᠢᠭᠦᠨ᠂ ᠠᠬᠠᠮᠠᠳ ᠺᠠᠳ᠋ᠷ᠎ᠢ ᠡᠷᠬᠢᠨ ᠦᠵᠡᠵᠦ᠍ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ ᠪᠣᠯᠤᠨ ᠠᠷᠠᠳ ᠣᠯᠠᠨ᠎ᠳᠤ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠬᠠᠢᠷ᠎ᠠ ᠬᠠᠯᠠᠮᠵᠢ᠎ᠶ᠋ᠢ ᠭᠦᠨᠵᠡᠭᠡᠶ ᠮᠡᠳᠡᠷᠡᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ ᠪᠣᠯᠤᠨ ᠣᠯᠠᠨ ᠲᠦᠮᠡᠨ᠎ᠢ ᠬᠦᠴᠦ ᠪᠠᠨ ᠬᠠᠮᠳᠤᠳᠬᠠᠨ  ᠰᠡᠳᠭᠢᠯ ᠨᠢᠭᠡᠳᠴᠤ᠂ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠳᠤᠮᠳᠠ ᠢᠳᠡᠪᠬᠢᠳᠠᠢ ᠦᠶ᠋ᠯᠡᠳᠦᠯ  ᠪᠠᠳᠠᠷᠠᠭᠤᠯᠬᠤ ᠵᠢ ᠤᠯᠠᠮ ᠨᠢᠭᠡ ᠠᠯᠬᠤᠮ ᠵᠤᠷᠢᠭᠵᠢᠭᠤᠯᠬᠤ ᠭᠡᠷᠡᠭᠲᠡᠢ ᠭᠡᠵᠦ᠍ ᠱᠠᠭᠠᠷᠳᠠᠪᠠ᠃

ᠮᠡᠳᠡᠭ᠌ᠳᠡᠯ᠎ᠳᠦ᠂ ᠡᠷᠭᠢᠨ ᠦᠵᠡᠵᠤ ᠲᠣᠬᠣᠨᠢᠭᠤᠯᠬᠤ ᠠᠵᠢᠯ ᠢ᠋ ᠰᠡᠳᠭᠢᠯ ᠲᠠᠯᠪᠢᠨ ᠬᠠᠢᠷ᠎ᠠ ᠬᠠᠯᠠᠮᠵᠢ ᠲᠠᠢ ᠦᠷᠨᠢᠭᠦᠯᠬᠦ ᠬᠡᠷᠡᠭᠳᠠᠢ᠃ ᠠᠮᠢᠳᠤᠷᠠᠯ ᠨᠢ ᠬᠦᠴᠢᠷᠳᠡᠯᠲᠡᠢ ᠨᠠᠮ᠎ᠤᠨ ᠭᠡᠱᠢᠭᠦᠨ᠂ ᠠᠬᠠᠮᠠᠳ ᠨᠠᠮ᠎ᠤᠨ ᠭᠡᠱᠢᠭᠦᠨ᠂ ᠠᠬᠠᠮᠠᠳ ᠺᠠᠳ᠋ᠷ᠎ᠤᠨ ᠦᠨᠳᠦᠰᠦᠨ ᠪᠠᠢᠳᠠᠯ᠎ᠢ ᠪᠦᠬᠦ᠌ ᠲᠠᠯ᠎ᠠ᠎ᠪᠠᠷ ᠣᠨᠣᠪᠴᠢᠲᠠᠢ ᠡᠵᠡᠮᠱᠢᠵᠦ᠍᠂ ᠡᠷᠬᠢᠨ ᠦᠵᠡᠵᠦ᠍ ᠲᠣᠬᠣᠨᠢᠭᠤᠯᠬᠤ ᠠᠵᠢᠯ᠎ᠢ ᠥᠷᠭᠡᠨ᠎ᠢᠶᠡᠷ ᠥᠷᠨᠢᠭᠦᠯᠬᠦ ᠬᠡᠷᠡᠭᠳᠠᠢ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ ᠡᠴᠡ ᠡᠮᠦᠨ᠎ᠡ ᠨᠠᠮ᠎ᠳᠤ ᠤᠷᠤᠬ᠍ᠰᠠᠨ ᠠᠬᠠᠮᠠᠳ ᠨᠠᠮ᠎ᠤᠨ ᠭᠡᠱᠢᠭᠦᠨ᠎ᠢ ᠨᠡᠢᠳᠡᠮ᠎ᠳᠦᠨᠢ ᠡᠷᠬᠢᠨ ᠦᠵᠡᠵᠦ᠍ ᠲᠣᠬᠣᠨᠢᠭᠤᠯᠬᠤ ᠬᠡᠷᠡᠭ᠌ᠲᠡᠢ᠃ ᠦᠨᠳᠦᠰᠦᠨ ᠱᠠᠲᠤᠨ᠎ᠤ ᠺᠠᠳ᠋ᠷ᠂ ᠢᠯᠠᠩᠭᠤᠶ᠎ᠠ ᠨᠥᠬᠥᠴᠡᠯ ᠬᠠᠲᠠᠭᠤᠵᠢᠯᠲᠠᠢ ᠭᠠᠵᠠᠷ ᠣᠷᠣᠨ ᠪᠣᠯᠤᠨ ᠪᠠᠴᠢᠮ ᠬᠦᠴᠢᠷ ᠠᠶᠤᠯᠲᠠᠢ ᠬᠦᠨᠳᠦ ᠡᠭᠦᠷᠭᠡ᠎ᠶ᠋ᠢᠨ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠨᠥᠬᠥᠳ᠎ᠢ ᠬᠠᠯᠠᠮᠵᠢᠯᠠᠨ ᠬᠠᠢᠷᠠᠯᠠᠬᠤ ᠬᠡᠷᠡᠭ᠌ᠲᠡᠢ᠃ 《ᠪᠥᠬᠥᠳᠡ ᠨᠠᠢᠷᠠᠮᠳᠠᠬᠤ ᠤᠯᠤᠰ᠎ᠤᠨ ᠭᠠᠪᠢᠶᠠᠨ ᠲᠡᠮᠳᠡᠭ》᠂ 《7·1 ᠤ᠋ ᠭᠠᠪᠢᠶᠠᠨ ᠲᠡᠮᠳᠡᠭ》᠂ ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠲᠡᠭ᠌ᠰᠡᠳ ᠪᠠ ᠪᠥᠬᠥ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠪᠥᠬᠥ᠌ ᠤᠯᠤᠰ᠎ᠤᠨ ᠱᠢᠯᠢᠳᠡᠭ ᠨᠠᠮ᠎ᠤᠨ ᠠᠵᠢᠯᠲᠠᠨ᠎ᠤ ᠬᠣᠯᠪᠣᠭ᠍ᠳᠠᠯ ᠪᠥᠬᠥᠶ ᠬᠠᠷᠠᠭᠠᠯᠵᠠᠯ᠎ᠢ ᠨᠠᠢᠳᠠᠪᠤᠷᠢᠵᠢᠭᠤᠯᠬᠤ ᠪᠠ ᠡᠷᠬᠢᠨ ᠦᠵᠡᠵᠦ᠍ ᠲᠣᠬᠣᠨᠢᠭᠤᠯᠬᠤ ᠠᠵᠢᠯ᠎ᠢ ᠰᠠᠢᠲᠤᠷ ᠬᠢᠬᠦ ᠬᠡᠷᠡᠭᠳᠠᠢ᠃ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠭ᠌ᠰᠡᠨ ᠨᠠᠮ᠎ᠤᠨ ᠭᠡᠱᠢᠭᠦᠨ ᠺᠠᠳ᠋ᠷ᠎ᠤᠨ ᠬᠡᠷ ᠪᠦᠯᠢ᠎ᠶ᠋ᠢ ᠡᠷᠬᠢᠨ ᠦᠵᠡᠵᠦ᠍ ᠲᠣᠬᠣᠨᠢᠭᠤᠯᠬᠤ᠂ ᠬᠠᠷᠠᠭᠠᠯᠵᠠᠵᠤ ᠠᠪᠤᠷᠠᠨ ᠲᠤᠰᠠᠯᠠᠬᠤ ᠪᠠ ᠣᠷᠳᠣ ᠬᠤᠭᠤᠴᠠᠭ᠎ᠠ᠎ᠪᠠᠷ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠬᠦ ᠬᠡᠷᠡᠭᠳᠠᠢ᠃ ᠡᠷᠬᠢᠨ ᠦᠵᠡᠵᠦ᠍ ᠲᠣᠬᠣᠨᠢᠭᠤᠯᠬᠤ ᠬᠦᠷᠢᠶ᠎ᠡ ᠬᠡᠪᠴᠢᠶ᠎ᠡ᠎ᠶ᠋ᠢ ᠵᠣᠬᠢᠰᠲᠠᠶ ᠥᠷᠭᠡᠳᠭᠡᠵᠦ᠍᠂ ᠬᠡᠪ ᠤ᠋ᠨ ᠶᠤᠰᠤ ᠪᠡᠷ ᠲᠤᠰᠢᠶᠠᠯ ᠡᠴᠡ ᠪᠠᠨ ᠪᠠᠭᠤᠭᠰᠠᠨ ᠲᠣᠰᠭᠣᠨ ( ᠨᠡᠢᠭᠡᠮ ᠲᠣᠭᠣᠷᠢᠭ) ᠤ᠋ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠂ ᠲᠣᠰᠭᠣᠨ (ᠰᠠᠭᠤᠭᠠᠯᠢ ᠠᠷᠠᠳ) ᠤ᠋ ᠠᠷᠠᠳ᠎ᠤᠨ ᠵᠥᠪᠯᠡᠯ᠎ᠦᠨ ᠡᠷᠬᠢᠯᠡᠭ᠌ᠴᠢ ᠵᠢᠴᠢ ᠡᠪᠡᠳᠴᠢᠨ᠎ᠡᠴᠡ ᠪᠣᠯᠵᠣ ᠶᠠᠳᠠᠭᠤᠷᠠᠭ᠍ᠰᠠᠨ ᠣᠨᠴᠠ ᠬᠦᠴᠢᠷᠳᠡᠯᠲᠡᠶ ᠣᠯᠠᠨ ᠲᠦᠮᠡᠨ ᠵᠡᠷᠭᠡ᠎ᠶ᠋ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠵᠦ᠍᠂ ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠦᠨ ᠳᠣᠲᠣᠷᠠᠬᠢ ᠠᠮᠢᠳᠤᠷᠠᠯ᠎ᠨᠢ ᠬᠦᠴᠢᠷᠳᠡᠯᠲᠡᠶ ᠨᠠᠮ᠎ᠤᠨ ᠭᠡᠱᠢᠭᠦᠨ᠎ᠢ ᠡᠷᠭᠢᠨ ᠦᠵᠡᠵᠤ ᠲᠣᠬᠣᠨᠢᠭᠤᠯᠵᠤ᠂ ᠦᠨᠡᠨ ᠬᠦ᠌ ᠬᠦᠴᠢᠷᠳᠡᠯᠲᠡᠶ ᠪᠠᠢᠭ᠎ᠠ ᠦᠨᠳᠦᠰᠦᠨ ᠱᠠᠲᠤᠨ᠎ᠤ ᠨᠠᠮ᠎ᠤᠨ ᠠᠵᠢᠯᠲᠠᠳ᠎ᠢ ᠴᠤ᠌ ᠡᠷᠬᠢᠨ ᠦᠵᠡᠵᠦ᠍ ᠲᠣᠬᠣᠨᠢᠭᠤᠯᠵᠤ ᠪᠣᠯᠤᠨ᠎ᠠ᠃ ᠲᠥᠪ᠎ᠤᠨ ᠵᠣᠬᠢᠶᠠᠨ ᠪᠠᠢᠭᠤᠯᠬᠤ ᠬᠡᠯᠲᠡᠰ ᠲᠥᠪ ᠬᠣᠷᠢᠶ᠎ᠠ᠎ᠶ᠋ᠢ ᠣᠷᠣᠯᠠᠨ ᠬᠠᠮᠢᠶᠠᠷᠴᠤ᠌ ᠪᠠᠢᠭ᠎ᠠ ᠨᠠᠮ᠎ᠤᠨ ᠰᠦᠢᠳᠭᠡᠯ᠎ᠡᠴᠡ ᠲᠣᠬᠣᠨᠢᠭᠤᠯᠬᠤ ᠪᠡᠯᠡ ᠮᠥᠩᠭᠥ᠎ᠶ᠋ᠢ ᠱᠢᠯᠵᠢᠭᠦᠯᠦᠨ ᠥᠭ᠌ᠴᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ (ᠱᠢᠰᠲ᠋ᠧᠮ) ᠢᠵᠢ ᠪᠦᠷᠢᠳᠦᠬᠦᠯᠬᠦ᠌ ᠪᠡᠯᠡ ᠮᠥᠩᠭᠥ᠎ᠶ᠋ᠢ ᠲᠦᠷᠭᠡᠬᠡᠨ ᠨᠠᠢᠳᠠᠪᠤᠷᠢᠵᠢᠭᠤᠯᠵᠤ᠂ ᠴᠠᠭᠠᠨ ᠰᠠᠷ᠎ᠠ᠎ᠡᠴᠡ ᠡᠮᠦᠨ᠎ᠡ ᠲᠣᠬᠣᠨᠢᠭᠤᠯᠬᠤ ᠡᠲᠡᠭᠡᠳ᠎ᠲᠦ ᠣᠯᠭᠣᠬᠤ᠎ᠵᠢ ᠦᠨᠡᠨ᠎ᠬᠦ ᠪᠠᠲᠤᠯᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠮᠡᠳᠡᠭ᠌ᠳᠡᠯ᠎ᠳᠦ᠂ ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠣᠯᠭᠣᠮᠵᠢ ᠪᠣᠯᠤᠨ ᠠᠬᠠᠮᠠᠳ ᠨᠠᠮ᠎ᠤᠨ ᠭᠡᠱᠢᠭᠦᠨ᠎ᠦ ᠠᠮᠢᠳᠤᠷᠠᠯ᠎ᠤᠨ ᠨᠥᠬᠥᠪᠥᠷᠢ᠎ᠶ᠋ᠢ ᠰᠠᠢᠲᠤᠷ ᠨᠠᠢᠳᠠᠪᠤᠷᠢᠵᠢᠭᠤᠯᠵᠤ᠂ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠢ ᠨᠠᠷᠢᠨ ᠬᠢᠨᠠᠮᠠᠭᠠᠶ ᠬᠡᠷᠡᠭ᠌ᠵᠢᠭᠦᠯᠵᠦ᠍᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠡᠴᠡ ᠡᠮᠦᠨ᠎ᠡ ᠨᠠᠮ᠎ᠳᠤ ᠣᠷᠣᠭᠰᠠᠨ ᠬᠥᠳᠡᠭᠡ ᠲᠣᠰᠭᠣᠨ᠎ᠤ ᠠᠬᠠᠮᠠᠳ ᠨᠠᠮ᠎ᠤᠨ ᠭᠡᠱᠢᠭᠦᠨ ᠪᠣᠯᠤᠨ ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠤᠯᠭᠤᠮᠵᠢ ᠭᠥᠷᠳᠡᠭᠡ ᠥᠬᠡᠶ ᠬᠣᠲᠠ ᠪᠠᠯᠭᠠᠰᠤᠨ᠎ᠤ ᠠᠬᠠᠮᠠᠳ ᠨᠠᠮ᠎ᠤᠨ ᠭᠡᠱᠢᠭᠦᠨ᠎ᠦ ᠠᠮᠢᠳᠤᠷᠠᠯ᠎ᠤᠨ ᠨᠥᠬᠥᠪᠥᠷᠢ᠎ᠶ᠋ᠢ ᠣᠯᠭᠣᠬᠤ ᠠᠵᠢᠯ᠎ᠢ ᠨᠠᠷᠢᠨ ᠨᠢᠮᠪᠠᠶ ᠰᠠᠢᠲᠤᠷ ᠬᠢᠬᠦ᠌ ᠬᠡᠷᠡᠭ᠌ᠲᠡᠶ ᠭᠡᠵᠦ ᠱᠠᠭᠠᠷᠳᠠᠪᠠ᠃

ᠮᠡᠳᠡᠭ᠌ᠳᠡᠯ᠎ᠳᠦ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠡᠷᠬᠢᠨ ᠦᠵᠡᠵᠦ ᠲᠣᠬᠣᠨᠢᠭᠤᠯᠬᠤ ᠠᠵᠢᠯᠯᠠᠭ᠎ᠠ ᠥᠷᠨᠢᠭᠦᠯᠬᠦ᠌᠎ᠶ᠋ᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠤᠬᠠᠭᠠᠯᠠᠨ ᠲᠥᠯᠥᠪᠯᠡᠬᠦ ᠲᠡᠶ ᠤᠶᠠᠯᠳᠤᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠪᠠᠢᠭᠠᠳ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠭᠤᠯᠵᠤ᠂ 《ᠳᠥᠷᠪᠡᠨ ᠤᠬᠠᠮᠰᠠᠷ》 ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》 ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠶ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠨᠠᠮ᠎ᠤᠨ ᠱᠢᠯᠢᠳᠡᠭ ᠤᠯᠠᠮᠵᠢᠯᠠᠯ ᠪᠠ ᠰᠤᠷᠲᠠᠯ᠎ᠢ ᠲᠦᠷᠦᠭᠦᠯᠡᠨ ᠪᠠᠳᠠᠷᠠᠭᠤᠯᠵᠤ᠂ ᠦᠨᠳᠦᠰᠦᠨ ᠱᠠᠲᠤᠨ᠎ᠳᠤ ᠪᠠᠭᠤᠵᠤ᠂ ᠭᠡᠷ᠎ᠲᠦᠨᠢ ᠣᠷᠣᠵᠤ᠂ ᠡᠷᠬᠢᠨ ᠦᠵᠡᠵᠦ ᠲᠣᠬᠣᠨᠢᠭᠤᠯᠬᠤ ᠡᠲᠡᠭᠡᠳ᠎ᠲᠦ ᠨᠠᠮ᠎ᠤᠨ ᠲᠥᠪ ᠬᠣᠷᠢᠶ᠎ᠠ᠎ᠶᠢᠨ ᠬᠠᠢᠷ᠎ᠠ ᠬᠠᠯᠠᠮᠵᠢ᠎ᠶ᠋ᠢ ᠳᠠᠮᠵᠢᠭᠤᠯᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠡᠯᠪᠡᠷᠢᠴᠢ ᠦᠵᠡᠯ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠦᠨᠳᠦᠷᠡᠭᠦᠯᠬᠦ᠌᠎ᠵᠢ ᠰᠡᠷᠭᠡᠢᠯᠡᠬᠦ ᠬᠡᠷᠡᠭ᠌ᠲᠡᠢ᠃ ᠡᠷᠬᠢᠨ ᠦᠵᠡᠵᠦ ᠲᠣᠬᠣᠨᠢᠭᠤᠯᠬᠤ ᠪᠡᠯᠡ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠤᠰᠭᠠᠢ ᠵᠣᠭᠣᠰ᠎ᠢ ᠲᠤᠰᠭᠠᠢ ᠵᠦᠢᠯ᠎ᠳᠦ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠡᠷᠬᠢᠨ ᠦᠵᠡᠵᠦ᠍ ᠲᠣᠬᠣᠨᠢᠭᠤᠯᠬᠤ ᠪᠠ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠠᠷᠠᠳ ᠣᠯᠠᠨ᠎ᠤ ᠪᠠᠶᠠᠷ ᠬᠥᠷ᠎ᠲᠡᠶ ᠠᠮᠤᠷ ᠠᠮᠤᠭᠤᠯᠠᠩ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌᠎ᠶ᠋ᠢ ᠦᠨᠡᠨ᠎ᠬᠦ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号