2026 ᠣᠨ ᠤᠳᠠᠯ ᠦᠭᠡᠢ
ᠬᠦᠷᠴᠦ ᠢᠷᠡᠬᠦ ᠪᠤᠯᠵᠠᠢ᠃ ᠭᠤᠷᠪᠠᠨ ᠡᠳᠦᠷ᠎ᠦᠨ ᠰᠢᠨ᠎ᠡ ᠵᠢᠯ ᠦᠨ ᠠᠮᠠᠷᠠᠯᠲᠠ᠎ᠶᠢᠨ ᠳᠠᠷᠠᠭ᠎ᠠ᠂ ᠪᠢᠳᠡ ᠪᠠᠰᠠ
ᠴᠠᠭᠠᠨ ᠰᠠᠷ᠎ᠠ᠎ᠶᠢᠨ ᠠᠮᠠᠷᠠᠯᠲᠠ᠎ᠪᠠᠨ ᠤᠭᠲᠤᠬᠤ ᠪᠣᠯᠣᠨ᠎ᠠ᠃ ᠴᠠᠭᠠᠨ ᠰᠠᠷ᠎ᠠ ᠨᠡᠢᠲᠡ 9 ᠡᠳᠦᠷ ᠠᠮᠠᠷᠠᠨ᠎ᠠ᠃
2025 ᠤᠨ᠎ᠤ 12 ᠰᠠᠷ᠎ᠠ᠎ᠶᠢᠨ
25 ᠤ ᠡᠳᠦᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠎ᠤᠨ ᠰᠦᠯᠵᠢᠶ᠎ᠡ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ
ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠥᠯᠥᠭᠡᠯᠡᠭᠴᠢᠳ᠎ᠦᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ᠎ᠢ
ᠰᠢᠢᠳᠪᠦᠷᠢᠯᠡᠭᠰᠡᠨ ᠪᠠᠢᠳᠠᠯ᠎ᠤᠨ ᠲᠤᠬᠠᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠎ᠤᠨ
ᠮᠡᠳᠡᠭᠦᠯᠦᠯᠲᠡ》 ᠶᠢ ᠨᠡᠢᠲᠡᠯᠡᠪᠡ᠃
ᠮᠡᠳᠡᠭᠦᠯᠦᠯᠲᠡ᠎ᠳᠦ ᠳᠤᠷᠠᠳᠤᠭᠰᠠᠨ
ᠨᠢ᠂ ᠡᠨᠡ ᠵᠢᠯ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠳᠠᠭᠠᠭᠠᠴᠢᠯᠡᠨ
ᠰᠢᠢᠳᠪᠦᠷᠢᠯᠡᠭᠰᠡᠨ 2933 ᠬᠤᠪᠢ ᠲᠥᠯᠥᠭᠡᠯᠡᠭᠴᠢᠳ᠎ᠦᠨ ᠰᠠᠨᠠᠭᠤᠯᠭ᠎ᠠ ᠨᠢ ᠭᠣᠣᠯᠳᠠᠭᠤ ᠰᠠᠭᠤᠷᠢ ᠲᠥᠬᠦᠭᠡᠷᠦᠮᠵᠢ᠎ᠶᠢᠨ
ᠪᠦᠲᠦᠭᠡᠨ ᠪᠠᠢᠭᠤᠯᠤᠯᠲᠠ᠂ ᠠᠵᠤ ᠦᠢᠯᠡᠰ᠎ᠦᠨ ᠬᠥᠭᠵᠢᠯᠲᠡ᠂ ᠨᠡᠢᠭᠡᠮ ᠠᠷᠠᠳ᠎ᠤᠨ ᠠᠮᠢᠳᠤᠷᠠᠯ᠂ ᠪᠣᠬᠢᠷᠲᠤᠯ ᠦᠭᠡᠢ
ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠬᠦᠳᠡᠭᠡ ᠠᠵᠤ ᠠᠬᠤᠢ ᠬᠦᠳᠡᠭᠡ ᠲᠤᠰᠭᠤᠨ ᠲᠠᠷᠢᠶᠠᠴᠢᠨ᠂
ᠣᠷᠣᠨ ᠪᠦᠰᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠥᠭᠡᠷᠡᠴᠢᠯᠡᠯᠲᠡ ᠨᠡᠭᠡᠭᠡᠯᠲᠡ᠂ ᠴᠢᠬᠤᠯᠠ ᠶᠡᠬᠡ
ᠲᠥᠷᠥᠯ ᠵᠦᠢᠯ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠡᠢ᠃
ᠤᠯᠤᠰ ᠤᠨ ᠬᠥᠭᠵᠢᠭᠦᠯᠦᠯᠲᠡ
ᠪᠠ ᠥᠭᠡᠷᠡᠴᠢᠯᠡᠯᠲᠡ ᠶᠢᠨ ᠵᠦᠪᠯᠡᠯ ᠤᠨ ᠭᠡᠰᠢᠭᠦᠳ ᠡᠴᠡ ᠲᠥᠯᠥᠭᠡᠯᠡᠭᠴᠢᠳ᠎ᠦᠨ ᠠᠩᠬᠠᠷᠤᠯ ᠲᠠᠯᠪᠢᠵᠤ ᠪᠠᠢᠭ᠎ᠠ
ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠬᠦ᠎ᠪᠡᠷ ᠲᠤᠰᠤᠯᠲᠠ ᠪᠣᠯᠭᠠᠵᠤ᠂ ᠰᠢᠢᠳᠪᠦᠷᠢᠯᠡᠬᠦ ᠪᠣᠳᠠᠲᠤ ᠦᠷ᠎ᠡ
ᠪᠦᠲᠦᠮᠵᠢ᠎ᠶᠢ ᠬᠦᠴᠦᠯᠡᠨ ᠳᠡᠭᠡᠭᠰᠢᠯᠡᠬᠦᠯᠪᠡ᠃ ᠵᠢᠱ᠌ᠢᠶᠡᠯᠡᠪᠡᠯ᠂ ᠮᠠᠰᠢ ᠣᠯᠠᠨ ᠲᠥᠯᠥᠭᠡᠯᠡᠭᠴᠢ ᠴᠠᠭᠠᠨ ᠰᠠᠷ᠎ᠠ᠎ᠶᠢᠨ
ᠠᠮᠠᠷᠠᠯᠲᠠ᠎ᠶᠢᠨ ᠬᠤᠭᠤᠴᠠᠭ᠎ᠠ᠎ᠶᠢ ᠤᠷᠲᠤᠳᠬᠠᠬᠤ ᠲᠤᠬᠠᠢ ᠰᠠᠨᠠᠭᠤᠯᠭ᠎ᠠ ᠭᠠᠷᠭᠠᠵᠤ᠂ ᠤᠯᠤᠰ᠎ᠤᠨ ᠬᠥᠭᠵᠢᠭᠦᠯᠦᠯᠲᠡ
ᠪᠠ ᠥᠭᠡᠷᠡᠴᠢᠯᠡᠯᠲᠡ᠎ᠶᠢᠨ ᠵᠦᠪᠯᠡᠯ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠨ᠂ ᠪᠠᠶᠠᠷ ᠳᠤᠷᠠᠰᠬᠠᠯ᠎ᠤᠨ
ᠡᠳᠦᠷ᠎ᠦᠨ ᠲᠣᠬᠢᠷᠠᠭᠤᠯᠤᠯᠲᠠ᠎ᠪᠠᠨ ᠰᠢᠯᠢᠳᠡᠭᠵᠢᠭᠦᠯᠬᠦ᠎ᠶᠢ ᠢᠳᠡᠪᠬᠢᠲᠡᠢ ᠠᠬᠢᠭᠤᠯᠵᠤ᠂ 2026 ᠣᠨ᠎ᠤ ᠴᠠᠭᠠᠨ
ᠰᠠᠷ᠎ᠠ ᠳᠤ 9 ᠡᠳᠦᠷ ᠠᠮᠠᠷᠠᠬᠤ ᠪᠥᠭᠡᠳ ᠲᠣᠬᠢᠷᠠᠭᠤᠯᠤᠨ ᠠᠮᠠᠷᠠᠬᠤ᠎ᠵᠢ ᠪᠠᠭᠠᠰᠬᠠᠵᠤ᠂ ᠨᠡᠢᠭᠡᠮ᠎ᠦᠨ ᠬᠦᠰᠡᠯ
ᠡᠷᠡᠮᠡᠯᠵᠡᠯ᠎ᠳᠦ ᠬᠠᠷᠢᠭᠤᠯᠲᠠ ᠥᠭᠴᠦ᠂ ᠠᠷᠠᠳ ᠣᠯᠠᠨ᠎ᠤ ᠪᠠᠶᠠᠷ᠎ᠤᠨ ᠡᠳᠦᠷ ᠦᠨ ᠬᠦᠷᠲᠡᠮᠵᠢ ᠵᠢᠨ ᠲᠥᠷᠥᠭᠳᠡᠯ
ᠪᠠ ᠵᠣᠯ ᠵᠢᠷᠭᠠᠯᠲᠤ ᠲᠥᠷᠥᠭᠳᠡᠯ᠎ᠢ ᠨᠡᠮᠡᠭᠳᠡᠭᠦᠯᠪᠡ᠃
ᠢᠷᠡᠯᠲᠡ ᠄ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠠᠯᠪᠠᠨ ᠰᠦᠯᠵᠢᠶ᠎ᠡ