ᠵᠢᠯ ᠪᠦᠷᠢ ᠵᠢᠨ 9 ᠰᠠᠷ᠎ᠠ᠎ᠶᠢᠨ ᠭᠤᠷᠪᠠᠳᠤᠭᠠᠷ ᠭᠠᠷᠠᠭ ᠎ᠢ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠤᠬᠠᠭᠤᠯᠭ᠎ᠠ ᠎ᠶᠢᠨ ᠭᠠᠷᠠᠭ ᠪᠣᠯᠭᠠᠪᠠ
2025-12-29 11:56:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠠᠷᠪᠠ ᠶᠢᠰᠦᠳᠦᠭᠡᠷ ᠬᠤᠷᠠᠯ᠎ᠠᠴᠠ 12 ᠰᠠᠷ᠎ᠠ᠎ᠶᠢᠨ 27 ᠎ᠤ ᠡᠳᠦᠷ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠦᠨ ᠬᠠᠤᠯᠢ᠎ᠶᠢ ᠪᠠᠲᠤᠯᠠᠵᠤ᠂ ᠵᠢᠯ ᠪᠦᠷᠢ᠎ᠶᠢᠨ 9 ᠰᠠᠷ᠎ᠠ᠎ᠶᠢᠨ ᠭᠤᠷᠪᠠᠳᠤᠭᠠᠷ ᠭᠠᠷᠠᠭ᠎ᠢ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠤᠬᠠᠭᠤᠯᠭ᠎ᠠ᠎ᠶᠢᠨ ᠭᠠᠷᠠᠭ ᠪᠣᠯᠭᠠᠪᠠ᠃ ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠬᠠᠤᠯᠢ ᠴᠠᠭᠠᠵᠠ᠎ᠳᠦ᠂ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠎ᠢ ᠴᠢᠩᠭᠠᠳᠬᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠦᠨ ᠬᠥᠭᠵᠢᠬᠦᠯᠬᠦ᠌᠎ᠶᠢ ᠠᠬᠢᠭᠤᠯᠵᠤ᠂ ᠰᠦᠯᠵᠢᠶᠡᠨ᠎ᠦ ᠣᠷᠣᠨ ᠵᠠᠢ᠎ᠶᠢᠨ ᠬᠡᠷᠡᠭᠯᠡᠭᠡᠨ᠎ᠦ ᠬᠡᠯᠡ ᠬᠡᠷᠡᠭᠯᠡᠭᠡᠨ᠎ᠦ ᠦᠰᠦᠭ᠎ᠦᠨ ᠳᠦᠷᠢᠮᠵᠢᠯ᠎ᠦᠨ ᠱᠠᠭᠠᠷᠳᠠᠯᠭ᠎ᠠ᠎ᠶᠢ 2026 ᠣᠨ᠎ᠤ 1 ᠰᠠᠷ᠎ᠠ᠎ᠶᠢᠨ 1 ᠎ᠦ ᠡᠳᠦᠷ᠎ᠡᠴᠡ ᠡᠬᠢᠯᠡᠵᠦ᠍ ᠬᠡᠷᠡᠭᠵᠢᠭᠦᠯᠦᠨ᠎ᠡ ᠭᠡᠵᠦ᠍ ᠲᠣᠳᠣᠷᠬᠠᠶ᠋ᠢᠯᠠᠪᠠ᠃

 

ᠢᠷᠡᠯᠲᠡ ᠄ ᠰᠢᠨᠬᠤᠸᠠ ᠬᠣᠷᠢᠶ᠎ᠠ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号