ᠦᠪᠦᠷ ᠮᠤᠨᠭᠭᠤᠯ ᠦᠵᠡᠰᠭᠦᠯᠡᠨᠭᠲᠦ ᠰᠠᠢᠬᠠᠨ ᠤᠷᠤᠰᠢᠨ ᠰᠠᠭᠤᠷᠢᠰᠢᠬᠤ ᠳ᠋ᠤ ᠲᠤᠬᠢᠷᠠᠮᠵᠢᠲᠠᠢ ᠬᠤᠲᠠ ᠪᠠᠯᠭᠠᠰᠤᠨ ᠤ᠋ ᠤᠷᠤᠨ ᠵᠠᠢ ᠵᠢ ᠴᠤᠬᠴᠠᠯᠠᠪᠠ
2025-12-03 09:56:59
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

12 ᠰᠠᠷ᠎ᠠ ᠶ᠋ᠢᠨ 2 ᠤ᠋ᠨ ᠡᠳᠦᠷ᠂ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ  ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ ᠤ᠋ᠨ 《ᠲᠦᠪᠯᠡᠷᠡᠨᠭᠭᠦᠢ ᠡᠷᠴᠢᠮᠵᠢᠭᠰᠡᠨ ᠬᠦᠭᠵᠢᠯᠲᠡ ᠵᠢ ᠠᠬᠢᠭᠤᠯᠵᠤ ᠬᠦᠮᠦᠨ ᠢ᠋ᠶ᠋ᠡᠷ ᠭᠤᠤᠯ ᠪᠤᠯᠭᠠᠬᠰᠠᠨ ᠰᠢᠨ᠎ᠡ ᠬᠡᠯᠪᠡᠷᠢ ᠶ᠋ᠢᠨ ᠬᠤᠲᠠ ᠪᠠᠯᠭᠠᠰᠤᠵᠢᠯᠲᠠ ᠶ᠋ᠢᠨ ᠪᠠᠢᠷᠢᠰᠢᠯ ᠢ᠋ ᠪᠠᠢᠭᠤᠯᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠶ᠋ᠢᠨ ᠵᠦᠪᠯᠡᠯ᠂ ᠦᠪᠡᠷᠲᠡᠭᠡᠨ ᠵᠠᠰᠠᠬᠤ ᠤᠷᠤᠨ ᠤ᠋ ᠤᠷᠤᠨ ᠰᠠᠭᠤᠴᠠ ᠪᠠ ᠬᠤᠲᠠ ᠬᠦᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠨᠭᠬᠢᠮ ᠵᠡᠷᠭᠡ ᠰᠠᠯᠠᠭ᠎ᠠ ᠮᠥᠴᠢᠷ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ ᠰᠤᠷᠪᠤᠯᠵᠢᠯᠠᠬᠴᠢᠳ ᠤ᠋ᠨ ᠠᠰᠠᠭᠤᠯᠲᠠ ᠵᠢ ᠬᠠᠷᠢᠭᠤᠯᠵᠦ᠂ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠦᠪᠦᠷ ᠮᠤᠩᠭᠤᠯ ᠤ᠋ᠨ ᠦᠵᠡᠰᠭᠦᠯᠡᠨᠭᠲᠦ ᠰᠠᠢᠬᠠᠨ ᠤᠷᠤᠰᠢᠨ ᠰᠠᠭᠤᠷᠢᠰᠢᠬᠤ ᠳ᠋ᠤ ᠲᠤᠬᠢᠷᠠᠮᠵᠢᠲᠠᠢ ᠬᠤᠲᠠ ᠪᠠᠯᠭᠠᠰᠤᠨ ᠤ᠋ ᠤᠷᠤᠨ ᠵᠠᠢ ᠵᠢ ᠴᠤᠬᠴᠠᠯᠠᠬᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠪᠡ ᠦᠷ᠎ᠡ ᠪᠦᠲᠦᠮᠵᠢ ᠵᠢ ᠨᠡᠢᠲᠡᠯᠡᠪᠡ᠃

《ᠰᠠᠭᠤᠬᠤ ᠡᠴᠡ ᠣᠷᠣᠨ ᠰᠠᠭᠤᠴᠠ ᠲᠠᠢ ᠪᠠᠢᠬᠤ》 ᠬᠠᠷᠠᠯᠲᠠ ᠲᠡᠢᠰᠢ ᠡᠷᠴᠢᠮᠳᠠᠢ ᠤᠷᠤᠭ᠍ᠰᠢᠯᠠᠪᠠ

《〈ᠠᠷᠪᠠᠨ ᠳᠥᠷᠪᠡᠳᠦᠭᠡᠷ ᠲᠠᠪᠤᠨ ᠵᠢᠯ〉 ᠡᠴᠡ ᠨᠠᠭᠠᠰᠢ᠂ ᠦᠪᠤᠷ ᠮᠤᠡᠭᠭᠤᠯ ᠨᠠᠮ ᠤ᠋ᠨ ᠲᠥᠪ ᠬᠣᠷᠢᠶ᠎ᠠ᠂ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠭᠠᠵᠠᠷ ᠤ᠋ᠨ᠎ᠬᠢᠨ ᠢ᠋ ᠵᠢᠯᠣᠭᠣᠳᠤᠨ ᠲᠦᠷᠢᠶᠡᠰᠦᠯᠡᠬᠦ᠌ ᠪᠤᠯᠤᠨ ᠬᠤᠳᠠᠯᠳᠤᠨ ᠠᠪᠬᠤ ᠵᠢ ᠵᠡᠷᠭᠡ ᠪᠡᠷ ᠴᠢᠬᠤᠯᠠᠴᠢᠯᠠᠬᠤ ᠣᠷᠣᠨ ᠰᠠᠭᠤᠴᠠ ᠶ᠋ᠢᠨ ᠲᠦᠷᠢᠮ ᠢ᠋ ᠲᠤᠭᠳᠠᠭᠠᠵᠤ᠂ 〈ᠪᠠᠲᠤᠯᠠᠭ᠎ᠠ + ᠵᠠᠬ᠎ᠠ ᠳᠡᠯᠭᠡᠭᠦᠷ〉 ᠤ᠋ᠨ ᠣᠷᠣᠨ ᠰᠠᠭᠤᠴᠠ ᠶ᠋ᠢᠨ ᠬᠠᠩᠭᠠᠯᠭ᠎ᠠ ᠶ᠋ᠢᠨ ᠱᠢᠰᠲ᠋ᠧᠮ ᠢ᠋ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠣᠷᠣᠱᠢᠨ ᠰᠠᠭᠤᠷᠢᠰᠢᠬᠤ ᠣᠷᠴᠢᠨ ᠲᠣᠭᠣᠷᠢᠨ᠂ ᠲᠦᠬᠦᠭᠡᠷᠦᠮᠵᠢ ᠶ᠋ᠢᠨ ᠨᠥᠬᠥᠴᠡᠯ ᠪᠠ ᠦᠶ᠋ᠯᠡᠴᠢᠯᠡᠭᠡᠨ ᠤ᠋ ᠴᠢᠳᠠᠮᠵᠢ ᠵᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠵᠦ᠍᠂ ᠪᠥᠬᠥ᠌ ᠣᠷᠣᠨ ᠤ᠋ ᠣᠷᠣᠨ ᠰᠠᠭᠤᠴᠠ ᠶ᠋ᠢᠨ ᠬᠥᠭ᠌ᠵᠢᠯᠲᠡ 〈ᠰᠠᠭᠤᠬᠤ ᠡᠴᠡ ᠣᠷᠣᠨ ᠰᠠᠭᠤᠴᠠ ᠲᠠᠢ ᠪᠠᠢᠬᠤ〉 ᠬᠠᠷᠠᠯᠲᠠ ᠲᠡᠢᠰᠢ ᠡᠷᠴᠢᠮᠳᠠᠢ ᠤᠷᠤᠭ᠍ᠰᠢᠯᠠᠪᠠ》 ᠭᠡᠵᠦ ᠦᠪᠡᠷᠲᠡᠭᠡᠨ ᠵᠠᠰᠠᠬᠤ ᠤᠷᠤᠨ ᠤ᠋ ᠤᠷᠤᠨ ᠰᠠᠭᠤᠴᠠ ᠪᠠ ᠬᠤᠲᠠ ᠬᠦᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠨᠭᠬᠢᠮ ᠤ᠋ᠨ ᠳᠡᠳ᠋ ᠳᠠᠷᠤᠭ᠎ᠠ ᠢᠦᠢ ᠰᠢᠨ ᠹᠠᠩ ᠬᠡᠯᠡᠪᠡ᠃

ᠣᠷᠣᠨ ᠰᠠᠭᠤᠴᠠ ᠶ᠋ᠢᠨ ᠲᠠᠯ᠎ᠠ ᠪᠠᠷ ᠬᠦᠴᠢᠷᠳᠡᠯ᠎ᠲᠡᠶ ᠭᠡᠷ ᠪᠦᠯᠢ ᠶ᠋ᠢᠨ ᠦᠨᠳᠦᠰᠦᠨ ᠣᠷᠣᠨ ᠰᠠᠭᠤᠴᠠ ᠶ᠋ᠢᠨ ᠬᠡᠷᠡᠭ᠌ᠴᠡᠭᠡ ᠵᠢ ᠦᠨᠡᠨ ᠬᠦ᠌ ᠪᠠᠲᠤᠯᠠᠵᠦ᠂ ᠬᠡᠷᠡᠭ᠌ᠴᠡᠭᠡ ᠶ᠋ᠢᠨ ᠲᠠᠯ᠎ᠠ ᠪᠠᠷ᠂ ᠬᠡᠷᠡᠭ᠌ᠴᠡᠭᠡ ᠪᠡᠷ ᠪᠠᠢᠭᠤᠯᠬᠤ ᠵᠢ ᠲᠣᠭ᠍ᠲᠠᠭᠠᠬᠤ᠂ ᠬᠡᠷᠡᠭ᠌ᠴᠡᠭᠡ ᠪᠡᠷ ᠬᠤᠳᠠᠯᠳᠤᠨ ᠠᠪᠬᠤ ᠵᠢ ᠲᠣᠭ᠍ᠲᠠᠭᠠᠬᠤ ᠵᠢ ᠪᠠᠷᠢᠮᠲᠠᠯᠠᠵᠤ᠂ ᠡᠯ᠎ᠡ ᠭᠠᠵᠠᠷ ᠤ᠋ᠨ ᠬᠢᠨ ᠤ᠋ ᠣᠷᠣᠨ ᠰᠠᠭᠤᠴᠠ ᠶ᠋ᠢᠨ ᠪᠠᠲᠤᠯᠠᠭ᠎ᠠ ᠶ᠋ᠢᠨ ᠮᠦᠷᠯᠡᠵᠦ ᠬᠦᠯᠢᠶᠡᠬᠦ᠌ ᠬᠥᠮᠥᠷᠭᠡ ᠶ᠋ᠢᠨ ᠳᠦᠷᠢᠮ ᠲᠤᠭᠳᠠᠭᠠᠬᠤ ᠵᠢ ᠵᠢᠯᠣᠭᠣᠳᠴᠤ᠌᠂ ᠪᠠᠲᠤᠯᠠᠭ᠎ᠠ ᠶ᠋ᠢᠨ ᠴᠢᠨᠠᠷᠲᠠᠶ ᠣᠷᠣᠨ ᠰᠠᠭᠤᠴᠠ ᠭᠤᠶᠤᠴᠢᠯᠠᠬᠤ᠂ ᠮᠦᠷᠯᠡᠵᠦ ᠬᠦᠯᠢᠶᠡᠬᠦ᠌᠂ ᠵᠥᠪᠱᠢᠶᠡᠷᠡᠨ ᠣᠷᠣᠭᠤᠯᠬᠤ᠂ ᠬᠡᠷᠡᠭ᠌ᠯᠡᠬᠦ᠌᠂ ᠪᠤᠴᠠᠭᠠᠵᠤ ᠭᠠᠷᠭᠠᠬᠤ ᠵᠡᠷᠭᠡ ᠡᠯ᠎ᠡ ᠭᠣᠭ᠍ᠴᠣᠭ᠎ᠠ ᠶ᠋ᠢᠨ ᠬᠠᠮᠢᠶᠠᠷᠤᠯᠲᠠ ᠶ᠋ᠢᠨ ᠲᠣᠭ᠍ᠲᠠᠴᠠ ᠵᠢ ᠪᠦᠷᠢᠨᠱᠢᠭᠦᠯᠪᠡ᠃ ᠬᠠᠩᠭᠠᠯᠭ᠎ᠠ ᠶ᠋ᠢᠨ ᠲᠠᠯ᠎ᠠ ᠪᠡᠷ᠂ ᠣᠯᠠᠨ ᠨᠡᠢᠲᠡ ᠶ᠋ᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ ᠲᠣᠬᠢᠷᠠᠭᠤᠯᠤᠨ ᠬᠤᠳᠠᠯᠳᠤᠬᠤ ᠬᠡᠯᠪᠡᠷᠢ ᠶ᠋ᠢᠨ ᠪᠠᠲᠤᠯᠠᠭ᠎ᠠ ᠶ᠋ᠢᠨ ᠴᠢᠨᠠᠷᠲᠠᠶ ᠣᠷᠣᠨ ᠰᠠᠭᠤᠴᠠ ᠶ᠋ᠢᠨ ᠬᠠᠩᠭᠠᠯᠭ᠎ᠠ ᠵᠢ ᠦᠷᠭᠦᠯᠵᠢᠯᠡᠨ ᠨᠡᠮᠡᠭ᠌ᠳᠡᠭᠦᠯᠵᠦ᠍᠂ ᠬᠣᠲᠠ ᠪᠠᠯᠭᠠᠰᠤᠨ ᠤ᠋ ᠣᠷᠣᠨ ᠰᠠᠭᠤᠴᠠ ᠶ᠋ᠢᠨ ᠪᠠᠲᠤᠯᠠᠭ᠎ᠠ ᠶ᠋ᠢᠨ ᠬᠡᠷ ᠪᠦᠯᠢ ᠶ᠋ᠢᠨ ᠲᠦᠷᠢᠶᠡᠰᠦᠯᠡᠯ ᠤ᠋ᠨ ᠨᠥᠬᠥᠪᠥᠷᠢ ᠣᠯᠭᠣᠬᠤ ᠠᠵᠢᠯ ᠢ᠋ ᠵᠡᠷᠭᠡ ᠳ᠋ᠤᠨᠢ ᠰᠠᠢᠲᠤᠷ ᠬᠢᠵᠦ᠍᠂ ᠱᠢᠨ᠎ᠡ ᠬᠣᠲᠠ ᠶ᠋ᠢᠨ ᠠᠷᠠᠳ᠂ ᠵᠠᠯᠠᠭᠤᠴᠤᠳ ᠵᠡᠷᠭᠡ ᠡᠯ᠎ᠡ ᠲᠥᠷᠥᠯ ᠤ᠋ᠨ ᠬᠦᠮᠦᠰ ᠤ᠋ᠨ ᠣᠯᠠᠨ ᠳᠡᠰ ᠳᠠᠪᠬᠤᠷᠭ᠎ᠠ ᠶ᠋ᠢᠨ ᠣᠷᠣᠨ ᠰᠠᠭᠤᠴᠠ ᠶ᠋ᠢᠨ ᠬᠡᠷᠡᠭ᠌ᠴᠡᠭᠡ ᠱᠠᠭᠠᠷᠳᠠᠯᠭ᠎ᠠ ᠵᠢ ᠬᠠᠨᠭᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》  ᠤ᠋ᠨ ᠬᠤᠭᠤᠴᠠᠭᠠᠨ ᠳ᠋ᠤ᠂ ᠪᠥᠬᠥ᠌ ᠣᠷᠣᠨ ᠳ᠋ᠤ ᠪᠠᠲᠤᠯᠠᠭ᠎ᠠ ᠶ᠋ᠢᠨ ᠴᠢᠨᠠᠷᠲᠠᠶ ᠣᠷᠣᠨ ᠰᠠᠭᠤᠴᠠ ᠵᠢ ᠨᠡᠢᠲᠡ 5.94 ᠲᠦᠮᠡᠨ ᠢᠵᠢ ᠪᠠᠢᠭᠤᠯᠵᠦ᠂ ᠵᠢᠯ ᠪᠤᠯᠭᠠᠨ 2 ᠲᠦᠮᠡ ᠭᠠᠷᠤᠶ ᠡᠷᠦᠬᠡ ᠳ᠋ᠤ ᠬᠣᠲᠠ ᠪᠠᠯᠭᠠᠰᠤᠨ ᠤ᠋ ᠣᠷᠣᠨ ᠰᠠᠭᠤᠴᠠ ᠶ᠋ᠢᠨ ᠪᠠᠲᠤᠯᠠᠭ᠎ᠠ ᠶ᠋ᠢᠨ ᠬᠡᠷ ᠪᠦᠯᠢ ᠶ᠋ᠢᠨ ᠲᠦᠷᠢᠶᠡᠰᠦᠯᠡᠯ ᠤ᠋ᠨ ᠨᠥᠬᠥᠪᠥᠷᠢ ᠵᠢ ᠲᠠᠷᠬᠠᠭᠠᠪᠠ᠃ ᠣᠯᠠᠨ ᠲᠦᠮᠡᠨ ᠤ᠋ ᠠᠩᠬᠠᠷᠴᠤ᠌ ᠪᠠᠢᠭ᠎ᠠ ᠭᠡᠷ ᠪᠠᠢᠱᠢᠩ ᠤ᠋ᠨ ᠠᠮᠤᠷ ᠲᠦᠪᠱᠢᠨ ᠤ᠋ ᠲᠦᠭ᠌ᠰᠢᠭᠦᠷᠢ ᠶ᠋ᠢᠨ ᠭᠡᠮ ᠰᠤᠭᠤᠭ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠤᠷᠤᠨ ᠰᠠᠭᠤᠴᠠ ᠶ᠋ᠢᠨ ᠠᠮᠤᠷ ᠲᠦᠪᠱᠢᠨ ᠤ᠋ ᠪᠠᠢᠳᠠᠯ ᠢ᠋ ᠣᠢᠯᠠᠭᠠᠵᠤ ᠵᠢᠭ᠍ᠰᠠᠭᠠᠨ ᠪᠠᠢᠴᠠᠭᠠᠵᠤ᠂ ᠥᠭᠡᠷᠡᠴᠢᠯᠡᠨ ᠱᠢᠨᠡᠳᠭᠡᠬᠦ᠌ ᠡᠯ᠎ᠡ ᠵᠦᠶ᠋ᠯ ᠤ᠋ᠨ ᠠᠵᠢᠯ ᠢ᠋ ᠯᠠᠪᠳᠠᠭᠤᠨ ᠪᠠᠲᠤᠲᠠᠶ ᠠᠬᠢᠭᠤᠯᠤᠨ᠂ ᠰᠠᠭᠤᠭᠠᠯᠢ ᠠᠷᠠᠳ ᠤ᠋ᠨ ᠣᠷᠣᠨ ᠰᠠᠭᠤᠴᠠ ᠶ᠋ᠢᠨ ᠨᠥᠬᠥᠴᠡᠯ ᠢ᠋ ᠰᠠᠢᠵᠢᠷᠠᠭᠤᠯᠤᠨ᠂ ᠬᠣᠲᠠ ᠶ᠋ᠢᠨ ᠶᠡᠷᠦᠩᠬᠡᠢᠯᠡᠭ᠌ᠰᠡᠨ ᠳᠠᠭᠠᠭᠠᠴᠠ ᠶ᠋ᠢᠨ ᠴᠢᠳᠠᠪᠤᠷᠢ ᠵᠢ ᠳᠡᠭᠡᠭ᠌ᠰᠢᠯᠡᠭᠦᠯᠵᠦ᠍᠂ ᠨᠡᠢᠭᠡᠮ ᠤ᠋ᠨ ᠡᠶ᠎ᠡ ᠵᠣᠬᠢᠴᠠᠡᠭᠭᠤᠢ ᠲᠣᠭ᠍ᠲᠠᠭᠤᠨ ᠪᠠᠢᠬᠤ ᠵᠢ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠪᠥᠬᠥ᠌ ᠣᠷᠣᠨ ᠳ᠋ᠤ ᠨᠡᠢᠲᠡ 5.17 ᠲᠦᠮᠡᠨ ᠢᠵᠢ ᠳᠥᠭᠥᠮ ᠪᠦᠳᠦᠴᠡᠲᠦ ᠣᠷᠣᠨ ᠰᠠᠭᠤᠴᠠ ᠶ᠋ᠢᠨ ᠲᠣᠭᠣᠷᠢᠭ ᠢ᠋ ᠥᠭᠡᠷᠡᠴᠢᠯᠡᠨ ᠪᠠᠢᠭᠤᠯᠵᠤ᠂ ᠬᠣᠲᠠ ᠶ᠋ᠢᠨ 5760 ᠢᠵᠢ ᠨᠤᠷᠠᠬᠤ ᠠᠶᠤᠯᠲᠠᠶ ᠬᠠᠭᠤᠴᠢᠨ ᠤᠷᠤᠨ ᠰᠠᠭᠤᠴᠠ ᠵᠢ ᠥᠭᠡᠷᠡᠴᠢᠯᠡᠨ ᠱᠢᠨᠡᠳᠭᠡᠪᠡ᠃

《ᠪᠠᠲᠤᠯᠠᠭ᠎ᠠ + ᠵᠠᠬ᠎ᠠ ᠳᠡᠯᠭᠡᠭᠦᠷ》 ᠤ᠋ᠨ ᠣᠷᠣᠨ ᠰᠠᠭᠤᠴᠠ ᠶ᠋ᠢᠨ ᠬᠠᠩᠭᠠᠯᠭ᠎ᠠ ᠶ᠋ᠢᠨ ᠱᠢᠰᠲ᠋ᠧᠮ ᠢ᠋ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠣᠲᠠ ᠶ᠋ᠢᠨ ᠵᠠᠰᠠᠭ ᠤ᠋ᠨ ᠣᠷᠳᠣᠨ ᠳ᠋ᠤ ᠬᠡᠷ ᠭᠠᠵᠠᠷ ᠤ᠋ᠨ ᠬᠥᠷᠥᠩᠭᠡ ᠶ᠋ᠢᠨ ᠵᠠᠬ᠎ᠠ ᠳᠡᠯᠭᠡᠭᠦᠷ ᠤ᠋ᠨ ᠲᠣᠬᠢᠷᠠᠭᠤᠯᠭ᠎ᠠ ᠡᠵᠡᠮᠳᠡᠯ ᠤ᠋ᠨ ᠡᠵᠡᠨ ᠮᠡᠳᠡᠬᠦ᠌ ᠡᠷᠬᠡ ᠵᠢ ᠭᠦᠶ᠋ᠴᠡᠳ ᠣᠯᠭᠣᠵᠤ᠂ ᠬᠣᠲᠠ ᠶ᠋ᠢᠨ ᠪᠠᠢᠳᠠᠯ ᠳ᠋ᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠵᠢ ᠪᠠᠷᠢᠮᠲᠠᠯᠠᠨ᠂ ᠢᠲᠡᠭᠡᠮᠵᠢᠲᠦ ᠵᠢᠭᠡᠯᠡᠯᠭᠡ ᠶ᠋ᠢᠨ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠶ᠋ᠢᠨ ᠡᠷᠴᠢᠮ ᠢ᠋ ᠴᠢᠩᠭᠠᠷᠠᠭᠤᠯᠵᠤ᠂ ᠬᠡᠷ ᠭᠠᠵᠠᠷ ᠤ᠋ᠨ ᠬᠥᠷᠥᠩᠭᠡ ᠶ᠋ᠢᠨ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠦᠨ᠂ ᠲᠠᠸᠠᠷ ᠤ᠋ᠨ ᠤᠷᠤᠨ ᠰᠠᠭᠤᠴᠠ ᠶ᠋ᠢᠨ 《ᠬᠠᠭᠤᠴᠢᠨ ᠢ᠋ᠶ᠋ᠡᠷ ᠱᠢᠨ᠎ᠡ ᠵᠢ ᠰᠣᠯᠢᠬᠤ》 ᠵᠢ ᠵᠣᠷᠢᠭ᠍ᠵᠢᠭᠤᠯᠵᠤ᠂ ᠬᠡᠷ ᠭᠠᠵᠠᠷ ᠤ᠋ᠨ ᠬᠥᠷᠥᠩᠭᠡ ᠶ᠋ᠢᠨ ᠵᠠᠬ᠎ᠠ ᠳᠡᠯᠭᠡᠭᠦᠷ ᠤ᠋ᠨ ᠲᠣᠭ᠍ᠲᠠᠭᠤᠨ ᠪᠥᠭᠡᠳ ᠡᠷᠡᠭᠦᠯ ᠢ᠋ᠶ᠋ᠡᠷ ᠬᠥᠭ᠌ᠵᠢᠬᠦ᠌ ᠵᠢ ᠪᠦᠲᠦᠮᠵᠢᠲᠡᠶ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠪᠥᠬᠥ᠌ ᠣᠷᠣᠨ᠎ᠤ  ᠬᠡᠷ ᠭᠠᠵᠠᠷ ᠤ᠋ᠨ ᠬᠥᠷᠥᠩᠭᠡ ᠶ᠋ᠢᠨ ᠨᠡᠭᠡᠭᠡᠯᠲᠡ ᠶ᠋ᠢᠨ ᠪᠠᠯᠠ ᠣᠷᠣᠭᠤᠯᠤᠯᠲᠠ ᠨᠡᠢᠲᠡ 4913 ᠳ᠋ᠦᠩᠱᠢᠭᠤᠷ ᠲᠥᠭᠥᠷᠢᠭ ᠲᠦ᠍ ᠬᠦᠷᠴᠤ᠂ ᠪᠤᠷᠤᠯᠠᠭᠤᠯᠤᠬᠰᠠᠨ ᠱᠢᠨ᠎ᠡ ᠪᠡᠷ ᠪᠠᠢᠭᠤᠯᠤᠭ᠍ᠰᠠᠨ ᠲᠠᠸᠠᠷ ᠤ᠋ᠨ ᠤᠷᠤᠨ ᠰᠠᠭᠤᠴᠠ ᠵᠢᠨ  ᠲᠠᠯᠠᠪᠠᠶ ᠨᠡᠢᠲᠡ 7225 ᠲᠦᠮᠡᠨ ᠲᠡᠭ᠌ᠰᠢ ᠳᠥᠷᠪᠡᠯᠵᠢᠨ ᠮᠧᠲ᠋ᠷ ᠲᠦ᠍ ᠬᠥᠷᠪᠡ᠃

ᠬᠣᠲᠠ ᠶ᠋ᠢᠨ ᠶᠠᠪᠤᠳᠠᠯ ᠤ᠋ᠨ ᠰᠠᠭᠤᠷᠢ ᠲᠦᠬᠦᠭᠡᠷᠦᠮᠵᠢ ᠶ᠋ᠢᠨ ᠪᠠᠲᠤᠯᠠᠭ᠎ᠠ ᠶ᠋ᠢᠨ ᠴᠢᠳᠠᠪᠤᠷᠢ ᠪᠠ ᠠᠮᠤᠷ ᠲᠦᠪᠱᠢᠨ ᠤ᠋ ᠬᠡᠮᠵᠢᠶ᠎ᠡ ᠵᠢ ᠪᠦᠬᠦ ᠲᠠᠯ᠎ᠠ ᠪᠠᠷ ᠳᠡᠭᠡᠭᠰᠢᠯᠡᠭᠦᠯᠪᠡ

《ᠬᠣᠲᠠ ᠶ᠋ᠢᠨ ᠭᠠᠵᠠᠷ ᠳᠤᠤᠷᠠᠬᠢ ᠬᠣᠭᠣᠯᠠᠶ ᠶ᠋ᠢᠨ ᠲᠤᠤᠷ ᠵᠢᠴᠢ ᠲᠦᠬᠦᠭᠡᠷᠦᠮᠵᠢ ᠵᠢ ᠦᠭᠡᠷᠡᠴᠢᠯᠡᠨ ᠰᠢᠨᠡᠳᠭᠡᠬᠦ ᠪᠤᠯ ᠴᠢᠬᠤᠯᠠ ᠶᠡᠬᠡ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠪᠠ ᠬᠥᠭ᠌ᠵᠢᠯᠲᠡ ᠶ᠋ᠢᠨ ᠢᠨᠵᠧᠨᠧᠷᠢᠩ ᠪᠣᠯᠤᠨ᠎ᠠ᠃ 〈ᠠᠷᠪᠠᠨ ᠳᠥᠷᠪᠡᠳᠦᠭᠡᠷ ᠲᠠᠪᠤᠨ ᠵᠢᠯ〉 ᠡᠴᠡ ᠨᠠᠭᠠᠰᠢ᠂ ᠥᠪᠥᠷ ᠮᠣᠩᠭᠣᠯ ᠬᠠᠭᠤᠴᠢᠨ ᠬᠣᠭᠣᠯᠠᠶ ᠶ᠋ᠢᠨ ᠲᠤᠤᠷ ᠢ᠋ ᠦᠭᠡᠷᠡᠴᠢᠯᠡᠨ ᠰᠢᠨᠡᠳᠭᠡᠬᠦ ᠡᠨᠡ ᠬᠦ᠌ ᠵᠠᠩᠭᠢᠯᠠᠭ᠎ᠠ ᠶ᠋ᠢᠨ ᠬᠦᠷᠢᠶᠡᠨ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠂ ᠬᠣᠲᠠ ᠶ᠋ᠢᠨ ᠶᠠᠪᠤᠳᠠᠯ ᠤ᠋ᠨ ᠰᠠᠭᠤᠷᠢ ᠲᠥᠬᠥᠭᠡᠷᠦᠮᠵᠢ ᠶ᠋ᠢᠨ ᠳᠤᠲᠠᠭᠤᠳᠠᠯ ᠢ᠋ ᠨᠥᠬᠥᠪᠥᠷᠢᠯᠡᠵᠦ᠂ ᠬᠣᠲᠠ ᠪᠠᠯᠭᠠᠰᠤᠨ ᠤ᠋ ᠳᠤᠯᠠᠭᠠᠯᠠᠭ᠎ᠠ ᠬᠠᠩᠭᠠᠬᠤ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠬᠡᠷᠡᠭ᠌ᠵᠢᠭᠦᠯᠵᠦ᠂ ᠬᠣᠲᠠ ᠶ᠋ᠢᠨ ᠱᠢᠲᠠᠮᠠᠬᠠᠶ ᠬᠡᠢ ᠶ᠋ᠢᠨ ᠬᠠᠭᠤᠴᠢᠷᠠᠭ᠍ᠰᠠᠨ ᠬᠣᠭᠣᠯᠠᠶ᠂ ᠤᠰᠤ ᠲᠠᠲᠠᠷᠠᠭᠤᠯᠬᠤ ᠤᠰᠤᠲᠤᠯ ᠢ᠋ ᠰᠡᠷᠭᠡᠢᠯᠡᠬᠦ᠌ ᠲᠥᠬᠥᠭᠡᠷᠦᠮᠵᠢ᠂ ᠤᠰᠤ ᠬᠠᠩᠭᠠᠬᠤ ᠬᠣᠭᠣᠯᠠᠶ ᠶ᠋ᠢᠨ ᠲᠤᠤᠷ ᠤ᠋ᠨ ᠭᠣᠭᠣᠵᠢᠵᠤ ᠰᠦᠢᠳᠬᠦ ᠵᠢ ᠵᠠᠰᠠᠬᠤ ᠪᠠ ᠬᠠᠭᠤᠴᠢᠷᠠᠬᠤ ᠵᠢ ᠦᠭᠡᠷᠡᠴᠢᠯᠡᠨ ᠰᠢᠨᠡᠳᠭᠡᠬᠦ ᠵᠡᠷᠭᠡ ᠵᠢ ᠲᠦᠷᠭᠡᠳᠭᠡᠨ ᠠᠬᠢᠭᠤᠯᠵᠤ᠂ ᠳᠤᠯᠠᠭᠠᠯᠠᠭ᠎ᠠ ᠬᠠᠨᠭᠭᠠᠬᠤ᠂ ᠱᠢᠲᠠᠮᠠᠬᠠᠶ ᠬᠡᠢ᠂ ᠤᠰᠤ ᠲᠠᠲᠠᠷᠠᠭᠤᠯᠬᠤ ᠵᠡᠷᠭᠡ ᠬᠣᠲᠠ ᠶ᠋ᠢᠨ ᠶᠠᠪᠤᠳᠠᠯ ᠤ᠋ᠨ ᠰᠠᠭᠤᠷᠢ ᠲᠦᠬᠦᠭᠡᠷᠦᠮᠵᠢ ᠶ᠋ᠢᠨ ᠪᠠᠲᠤᠯᠠᠭ᠎ᠠ ᠶ᠋ᠢᠨ ᠴᠢᠳᠠᠪᠤᠷᠢ ᠪᠠ ᠠᠮᠤᠷ ᠲᠦᠪᠱᠢᠨ ᠤ᠋ ᠬᠡᠮᠵᠢᠶ᠎ᠡ ᠵᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠱᠢᠨ ᠰᠠᠭᠤᠷᠢᠰᠢᠬᠤ ᠳ᠋ᠤ ᠲᠣᠬᠢᠷᠠᠮᠵᠢᠲᠠᠶ ᠣᠷᠴᠢᠨ ᠲᠣᠭᠣᠷᠢᠨ ᠤ᠋ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ᠂ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭ᠌ᠳᠡᠯ᠂  ᠵᠢᠷᠭᠠᠯᠲᠤ ᠲᠦᠷᠦᠭᠳᠡᠯ᠂ ᠠᠮᠤᠷ ᠲᠦᠪᠰᠢᠨ ᠤ᠋ ᠲᠦᠷᠦᠭᠳᠡᠯ ᠢ᠋ ᠲᠠᠰᠤᠷᠠᠯᠲᠠ ᠦᠭᠡᠢ ᠲᠡᠭᠡᠭᠰᠢᠯᠡᠬᠦᠯᠵᠡᠢ》 ᠭᠡᠵᠦ ᠥᠪᠡᠷᠲᠡᠭᠡᠨ ᠵᠠᠰᠠᠬᠤ ᠣᠷᠣᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠶ᠋ᠢᠨ ᠵᠦᠪᠯᠡᠯ ᠤ᠋ᠨ ᠪᠡᠯᠡ ᠤᠷᠤᠭᠤᠯᠤᠯᠲᠠ ᠶ᠋ᠢᠨ ᠭᠠᠵᠠᠷ ᠤ᠋ᠨ ᠳᠠᠷᠤᠭ᠎ᠠ ᠵᠠᠩ ᠭᠦᠸᠸ ᠳ᠋ᠦᠩ ᠲᠠᠨᠢᠯᠴᠠᠭᠤᠯᠪᠠ᠃

2024 - 2025 ᠣᠨ ᠳ᠋ᠤ᠂ ᠲᠥᠪ ᠡᠴᠡ ᠥᠪᠥᠷ ᠮᠣᠩᠭᠣᠯ ᠳ᠋ᠤ ᠳᠤᠯᠠᠭᠠᠯᠠᠭ᠎ᠠ ᠬᠠᠩᠭᠠᠬᠤ ᠬᠠᠭᠤᠴᠢᠷᠬᠠᠰᠠᠨ ᠬᠣᠭᠣᠯᠠᠶ ᠶ᠋ᠢᠨ ᠲᠤᠤᠷ ᠵᠢᠴᠢ ᠰᠠᠭᠤᠷᠢ ᠲᠦᠬᠦᠭᠡᠷᠦᠮᠵᠢ ᠵᠢ ᠦᠭᠡᠷᠡᠴᠢᠯᠡᠨ ᠰᠢᠨᠡᠳᠭᠡᠬᠦ ᠪᠠᠯᠠ ᠮᠥᠩᠭᠥ ᠵᠢ ᠨᠡᠢᠲᠡ 45 ᠳ᠋ᠦᠩᠱᠢᠭᠤᠷ ᠲᠥᠭᠥᠷᠢᠭ ᠪᠠᠭᠤᠯᠭᠠᠵᠤ᠂ 119 ᠲᠥᠷᠥᠯ ᠵᠦᠶ᠋ᠯ ᠳ᠋ᠤ ᠬᠣᠯᠪᠣᠭ᠍ᠳᠠᠨ᠂ ᠢᠯᠴᠢ ᠵᠢᠨ ᠬᠠᠩᠭᠠᠯᠭ᠎ᠠ ᠵᠢ ᠪᠠᠲᠤᠯᠠᠬᠤ᠂ ᠢᠯᠴᠢ ᠶ᠋ᠢᠨ ᠲᠤᠤᠷ ᠢ᠋ ᠱᠢᠨᠡᠳᠭᠡᠬᠦ᠌᠂ ᠢᠯᠴᠢ ᠶ᠋ᠢᠨ ᠬᠦᠴᠦᠨ ᠤ᠋ ᠥᠷᠲᠡᠭᠡ ᠵᠢ ᠳᠡᠭᠡᠭ᠌ᠰᠢᠯᠡᠭᠦᠯᠬᠦ᠌ ᠵᠡᠷᠭᠡ ᠪᠥᠲᠥᠭᠡᠨ ᠪᠠᠢᠭᠤᠯᠤᠯᠲᠠ ᠶ᠋ᠢᠨ ᠠᠭᠤᠯᠭ᠎ᠠ ᠵᠢ ᠬᠠᠮᠤᠷᠴᠤ᠌᠂ ᠥᠪᠡᠷᠲᠡᠭᠡᠨ ᠵᠠᠰᠠᠬᠤ ᠣᠷᠣᠨ ᠤ᠋ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠤᠷᠤᠭ᠍ᠰᠢᠲᠠᠶ ᠬᠡᠷᠡᠭ᠌ᠵᠢᠭᠦᠯᠬᠦ᠌ ᠵᠢ ᠪᠠᠲᠤᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠲᠥᠪ ᠡᠴᠡ ᠥᠪᠥᠷ ᠮᠣᠩᠭᠣᠯ ᠳ᠋ᠤ ᠱᠢᠲᠠᠮᠠᠬᠠᠶ ᠬᠡᠶ ᠶ᠋ᠢᠨ ᠬᠠᠭᠤᠴᠢᠷᠬᠠᠰᠠᠨ ᠬᠣᠭᠣᠯᠠᠶ ᠵᠢᠴᠢ ᠲᠥᠬᠥᠭᠡᠷᠦᠮᠵᠢ ᠵᠢ ᠱᠢᠨᠡᠳᠭᠡᠨ ᠥᠭᠡᠷᠡᠴᠢᠯᠡᠬᠦ᠌ ᠪᠠᠯᠠ ᠮᠥᠩᠭᠥ ᠵᠢ ᠨᠡᠢᠲᠡ 42 ᠳ᠋ᠦᠩᠱᠢᠭᠤᠷ ᠲᠥᠭᠥᠷᠢᠭ ᠪᠠᠭᠤᠯᠭᠠᠵᠤ᠂ 182 ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠳᠡᠮᠵᠢᠵᠦ᠍᠂ ᠬᠣᠲᠠ ᠶ᠋ᠢᠨ ᠶᠠᠪᠤᠳᠠᠯ ᠪᠠ ᠬᠦᠷᠢᠶ᠎ᠡ ᠬᠠᠱᠢᠶᠠᠨ ᠤ᠋ ᠬᠠᠭᠤᠴᠢᠨ ᠱᠢᠲᠠᠮᠠᠬᠠᠶ ᠬᠡᠶ ᠶ᠋ᠢᠨ ᠬᠣᠭᠣᠯᠠᠶ ᠶ᠋ᠢᠨ ᠲᠤᠤᠷ ᠢ᠋ 2424 ᠺᠢᠯᠣᠮᠧᠲ᠋ᠷ ᠦᠭᠡᠷᠡᠴᠢᠯᠡᠨ ᠰᠢᠨᠡᠳᠭᠡᠵᠦ᠂ ᠰᠠᠭᠤᠭᠠᠯᠢ ᠠᠷᠠᠳ ᠤ᠋ᠨ ᠬᠡᠷᠡᠭ᠌ᠯᠡᠬᠦ᠌ ᠡᠷᠦᠬᠡ ᠳ᠋ᠤ ᠠᠦ᠋ᠲ᠋ᠣ᠋ ᠪᠢᠲᠡᠭᠦᠮᠵᠢᠯᠡᠬᠦ ᠨᠡᠭᠡᠯᠡᠬᠡᠶ᠂ ᠱᠢᠲᠠᠮᠠᠬᠠᠶ ᠬᠡᠶ ᠶ᠋ᠢᠨ ᠬᠡᠮᠵᠢᠭᠦᠷ᠂ ᠲᠦᠭ᠌ᠰᠢᠭᠦᠷᠢ ᠮᠡᠳᠡᠭᠡᠯᠡᠬᠦ᠌ ᠪᠠᠭᠠᠵᠢ ᠵᠡᠷᠭᠡ ᠱᠢᠲᠠᠮᠠᠬᠠᠶ ᠬᠡᠶ ᠶ᠋ᠢᠨ ᠲᠣᠨᠣᠭ᠍ᠯᠠᠯ ᠢ᠋ 97.8 ᠲᠦᠮᠡᠨ ᠢᠵᠢ ᠤᠭ᠍ᠰᠠᠷᠠᠵᠤ᠂ ᠱᠢᠲᠠᠮᠠᠬᠠᠶ ᠬᠡᠶ ᠶ᠋ᠢᠨ ᠠᠮᠤᠷ ᠲᠦᠪᠱᠢᠨ ᠢ᠋ ᠪᠠᠲᠤᠯᠠᠬᠤ ᠴᠢᠳᠠᠪᠤᠷᠢ ᠵᠢ ᠤᠯᠠᠮ ᠴᠢᠨᠠᠬᠰᠢᠲᠠ ᠳᠡᠭᠡᠭ᠌ᠰᠢᠯᠡᠭᠦᠯᠪᠡ; ᠤᠰᠤ ᠲᠠᠲᠠᠷᠠᠭᠤᠯᠬᠤ ᠤᠰᠤᠲᠤᠯ ᠢ᠋ ᠰᠡᠷᠭᠡᠢᠯᠡᠬᠦ᠌ ᠲᠥᠬᠥᠭᠡᠷᠦᠮᠵᠢ ᠶ᠋ᠢᠨ ᠪᠥᠲᠥᠭᠡᠨ ᠪᠠᠢᠭᠤᠯᠤᠯᠲᠠ ᠶ᠋ᠢᠨ ᠥᠭᠡᠷᠡᠴᠢᠯᠡᠨ ᠰᠢᠨᠡᠳᠭᠡᠬᠦ ᠪᠠᠯᠠ ᠮᠥᠩᠭᠥ ᠵᠢ ᠨᠡᠢᠲᠡ 53.8 ᠳ᠋ᠦᠩᠱᠢᠭᠤᠷ ᠲᠥᠭᠥᠷᠢᠭ ᠪᠠᠭᠤᠯᠭᠠᠵᠤ᠂ 169 ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠳᠡᠮᠵᠢᠵᠦ᠍᠂ ᠤᠰᠤ ᠲᠠᠲᠠᠷᠠᠭᠤᠯᠬᠤ ᠬᠣᠭᠣᠯᠠᠶ ᠶ᠋ᠢᠨ ᠲᠤᠤᠷ ᠢ᠋ 1901 ᠺᠢᠯᠣᠮᠧᠲ᠋ᠷ ᠦᠭᠡᠷᠡᠴᠢᠯᠡᠨ ᠰᠢᠨᠡᠳᠭᠡᠪᠡ; ᠤᠰᠤ ᠬᠠᠩᠭᠠᠬᠤ ᠬᠣᠭᠣᠯᠠᠶ ᠶ᠋ᠢᠨ ᠲᠤᠤᠷ ᠤ᠋ᠨ ᠭᠣᠭᠣᠵᠢᠵᠤ ᠰᠦᠢᠳᠬᠦ ᠵᠢ ᠵᠠᠰᠠᠬᠤ ᠪᠠᠯᠠ ᠮᠥᠩᠭᠥ ᠵᠢ ᠨᠡᠢᠲᠡ 15 ᠳ᠋ᠦᠩᠱᠢᠭᠤᠷ ᠲᠥᠭᠥᠷᠢᠭ ᠪᠠᠭᠤᠯᠭᠠᠵᠤ᠂ 46 ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠳᠡᠮᠵᠢᠵᠦ᠍᠂ ᠤᠰᠤ ᠬᠠᠩᠭᠠᠬᠤ ᠬᠣᠭᠣᠯᠠᠶ ᠶ᠋ᠢᠨ ᠲᠤᠤᠷ ᠢ᠋ 2371 ᠺᠢᠯᠣᠮᠧᠲ᠋ᠷ ᠦᠭᠡᠷᠡᠴᠢᠯᠡᠨ ᠰᠢᠨᠡᠳᠭᠡᠵᠦ᠂ ᠤᠰᠤ ᠬᠠᠩᠭᠠᠬᠤ ᠬᠣᠭᠣᠯᠠᠶ ᠶ᠋ᠢᠨ ᠲᠤᠤᠷ ᠤ᠋ᠨ ᠭᠣᠭᠣᠵᠢᠵᠤ ᠰᠦᠢᠳᠬᠦ ᠵᠢ ᠵᠠᠰᠠᠬᠤ ᠲᠦᠪᠱᠢᠨ ᠢ᠋ ᠶᠡᠬᠡ ᠪᠡᠷ ᠳᠡᠭᠡᠭ᠌ᠰᠢᠯᠡᠭᠦᠯᠪᠡ᠃

ᠬᠤᠲᠠ ᠶ᠋ᠢᠨ ᠰᠢᠨᠡᠴᠢᠯᠡᠯᠲᠡ ᠵᠢ ᠬᠡᠷᠡᠭᠵᠢᠭᠦᠯᠵᠦ ᠬᠤᠲᠠ ᠶ᠋ᠢᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠪᠠ

《2021 ᠣᠨ ᠳ᠋ᠤ᠂ ᠦᠪᠤᠷ ᠮᠤᠡᠭᠭᠤᠯ 〈ᠬᠣᠲᠠ ᠵᠢᠨ ᠰᠢᠨᠡᠴᠢᠯᠡᠯᠲᠡ ᠶ᠋ᠢᠨ ᠠᠵᠢᠯᠯᠠᠭ᠎ᠠ ᠵᠢ ᠬᠡᠷᠡᠭ᠌ᠵᠢᠭᠦᠯᠬᠦ᠌ ᠲᠤᠬᠠᠶ ᠵᠢᠯᠣᠭᠣᠳᠭᠤ ᠰᠠᠨᠠᠯ〉 ᠢ᠋  ᠳᠠᠷᠤᠮᠠᠯᠯᠠᠨ ᠲᠠᠷᠬᠠᠭᠠᠵᠤ᠂ ᠣᠷᠣᠱᠢᠨ ᠰᠠᠭᠤᠷᠢᠰᠢᠬᠤ ᠳ᠋ᠤ ᠲᠣᠬᠢᠷᠠᠮᠵᠢᠲᠠᠶ ᠣᠶᠤᠨᠲᠤ ᠬᠣᠲᠠ ᠵᠢ ᠪᠥᠲᠥᠭᠡᠨ ᠪᠠᠢᠭᠤᠯᠬᠤ ᠶᠡᠷᠦᠩᠬᠡᠶ ᠬᠠᠷᠠᠯᠲᠠ ᠶ᠋ᠢᠨ ᠲᠣᠭᠣᠷᠢᠨ ᠳ᠋ᠤ᠂ ᠨᠢᠭᠡ ᠪᠦᠯᠦᠭ ᠬᠣᠲᠠ ᠵᠢ ᠦᠭᠡᠷᠡᠴᠢᠯᠡᠨ ᠰᠢᠨᠡᠳᠭᠡᠬᠦ ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠲᠤᠪᠤᠢᠮ᠎ᠠ ᠦᠷ᠎ᠡ ᠪᠦᠲᠦᠮᠵᠢ ᠤᠯᠵᠠᠢ》 ᠭᠡᠵᠦ ᠦᠪᠡᠷᠲᠡᠭᠡᠨ ᠵᠠᠰᠠᠬᠤ ᠤᠷᠤᠨ ᠤ᠋ ᠤᠷᠤᠨ ᠰᠠᠭᠤᠴᠠ ᠪᠠ ᠬᠤᠲᠠ ᠬᠦᠳᠡᠭᠡ ᠶ᠋ᠢᠨ ᠪᠦᠲᠦᠭᠡᠨ ᠪᠠᠢᠭᠤᠯᠤᠯᠲᠠ ᠶ᠋ᠢᠨ ᠲᠢᠨᠭᠬᠢᠮ ᠤ᠋ᠨ ᠳᠡᠳ᠋ ᠳᠠᠷᠤᠭ᠎ᠠ ᠢᠦᠢ ᠰᠢᠨ ᠹᠠᠩ ᠭᠡᠯᠡᠯ᠎ᠠ᠃

ᠦᠪᠦᠷ ᠮᠤᠨᠭᠭᠤᠯ ᠬᠣᠲᠠ ᠶ᠋ᠢᠨ ᠰᠠᠭᠤᠷᠢ ᠲᠦᠬᠦᠭᠡᠷᠦᠮᠵᠢ ᠶ᠋ᠢ ᠦᠷᠬᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤ᠋ᠨ ᠭᠠᠵᠠᠷ ᠳᠣᠣᠷᠠᠬᠢ ᠬᠣᠭᠣᠯᠠᠢ ᠶ᠋ᠢᠨ ᠲᠣᠣᠷ ᠢ᠋ ᠨᠡᠢᠲᠡ 162 ᠲᠦᠮᠡᠨ ᠺᠢᠯᠣᠮᠧᠲᠷ ᠥᠭᠡᠷᠡᠴᠢᠯᠡᠨ ᠵᠠᠰᠠᠵᠤ᠂ ᠬᠣᠲᠠ ᠶ᠋ᠢᠨ ᠠᠮᠤᠷ ᠲᠦᠪᠱᠢᠨ ᠠᠵᠢᠯᠯᠠᠭᠠᠨ ᠤ᠋ ᠪᠠᠲᠤᠯᠠᠭ᠎ᠠ ᠶ᠋ᠢᠨ ᠴᠢᠳᠠᠪᠤᠷᠢ ᠵᠢ ᠪᠦᠲᠦᠮᠵᠢᠲᠡᠢ ᠳᠡᠭᠡᠭ᠌ᠰᠢᠯᠡᠭᠦᠯᠪᠡ᠃ ᠬᠠᠢᠮᠢᠶᠠᠨ ᠬᠣᠲᠠ ᠶ᠋ᠢᠨ ᠪᠦᠲᠦᠭᠡᠨ ᠪᠠᠢᠭᠤᠯᠤᠯᠲᠠ ᠵᠢ ᠠᠬᠢᠭᠤᠯᠵᠤ᠂ ᠬᠣᠲᠠ ᠶ᠋ᠢᠨ ᠤᠰᠤ ᠲᠠᠲᠠᠷᠠᠭᠤᠯᠬᠤ ᠤᠰᠤᠲᠤᠯ ᠢ᠋ ᠰᠡᠷᠭᠡᠢᠯᠡᠬᠦ᠌ ᠢᠨᠵᠧᠨᠧᠷᠢᠩ ᠤ᠋ᠨ ᠱᠢᠰᠲ᠋ᠧᠮ ᠤ᠋ᠨ ᠪᠠᠢᠭᠤᠯᠤᠯᠲᠠ ᠵᠢ ᠲᠡᠭᠦᠯᠳᠡᠷᠵᠢᠭᠦᠯᠵᠦ᠍᠂ 208 ᠤᠰᠤ ᠬᠤᠷᠠᠬᠤ ᠴᠡᠭ ᠢ᠋ ᠠᠷᠢᠯᠭᠠᠪᠠ᠃ ᠬᠣᠲᠠ ᠪᠠᠯᠭᠠᠰᠤᠨ ᠤ᠋ ᠠᠮᠢᠳᠤᠷᠠᠯ ᠤ᠋ᠨ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠴᠥᠮ ᠨᠢᠭᠡᠳᠦᠭᠡᠷ ᠳᠡᠰ ᠤ᠋ᠨ A ᠲᠠᠲᠠᠷᠠᠭᠤᠯᠬᠤ ᠪᠠᠷᠢᠮᠵᠢᠶ᠎ᠠ ᠳ᠋ᠤ ᠬᠦᠷᠴᠦ᠍᠂ ᠬᠣᠲᠠ ᠪᠠᠯᠭᠠᠰᠤᠨ ᠤ᠋ ᠳᠠᠬᠢᠯᠲᠠ ᠤᠰᠤᠨ ᠤ᠋ ᠠᠱᠢᠭ᠍ᠯᠠᠯᠲᠠ ᠶ᠋ᠢᠨ ᠨᠣᠷᠮ᠎ᠠ 47.7% ᠳ᠋ᠤ ᠬᠦᠷᠴᠦ᠍᠂ 6 ᠬᠣᠲᠠ ᠤᠯᠤᠰ ᠤ᠋ᠨ ᠳᠠᠬᠢᠯᠲᠠ ᠤᠰᠤᠨ ᠤ᠋ ᠠᠱᠢᠭ᠍ᠯᠠᠯᠲᠠ ᠶ᠋ᠢᠨ ᠭᠤᠤᠯᠳᠠᠯᠭ᠎ᠠ ᠲᠠᠢ ᠬᠣᠲᠠ ᠪᠡᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠪᠥᠬᠥ᠌ ᠣᠷᠣᠨ ᠤ᠋ ᠬᠣᠲᠠ ᠪᠠᠯᠭᠠᠰᠤ ᠶ᠋ᠢᠨ ᠠᠮᠢᠳᠤᠷᠠᠯ ᠤ᠋ᠨ ᠬᠣᠭ ᠨᠣᠪᠰᠢ ᠵᠢ ᠬᠤᠤᠷ ᠥᠬᠡᠢᠳᠡᠭᠦᠯᠦᠨ ᠱᠢᠶ᠋ᠳᠪᠦᠷᠢᠯᠡᠭ᠌ᠰᠡᠨ ᠨᠣᠷᠮ᠎ᠠ 100% ᠳ᠋ᠤ ᠬᠦᠷᠴᠦ᠍᠂ ᠪᠣᠬᠢᠷ ᠤᠰᠤ ᠵᠢ ᠱᠢᠶ᠋ᠳᠪᠦᠷᠢᠯᠡᠭ᠌ᠰᠡᠨ ᠨᠣᠷᠮ᠎ᠠ 98.89% ᠳ᠋ᠤ ᠬᠦᠷᠴᠦ᠍᠂ ᠱᠢᠲᠠᠮᠠᠬᠠᠶ ᠬᠡᠶ ᠶ᠋ᠢᠨ ᠲᠦᠭᠡᠮᠡᠯᠵᠢᠭ᠌ᠰᠡᠨ ᠨᠣᠷᠮ᠎ᠠ 96.58% ᠳ᠋ᠤ ᠬᠦᠷᠴᠦ᠍᠂ ᠤᠰᠤᠨ ᠤ᠋ ᠬᠠᠩᠭᠠᠯᠭ᠎ᠠ ᠶ᠋ᠢᠨ ᠲᠦᠭᠡᠮᠡᠯᠵᠢᠭ᠌ᠰᠡᠨ ᠨᠣᠷᠮ᠎ᠠ 99.24% ᠳ᠋ᠤ ᠬᠦᠷᠴᠦ᠍᠂ 2020 ᠣᠨ ᠤ᠋ ᠬᠢ ᠡᠴᠡ ᠲᠣᠰ ᠲᠣᠰ ᠵᠠᠭᠤᠨ ᠤ᠋ ᠬᠠᠷᠢᠴᠠᠯ ᠢ᠋ᠶ᠋ᠡᠷ 1 ᠬᠤᠪᠢ᠂ 1.56 ᠬᠤᠪᠢ᠂ 1.86 ᠬᠤᠪᠢ᠂ 2.03 ᠬᠤᠪᠢ ᠳᠡᠭᠡᠭ᠌ᠰᠢᠯᠡᠪᠡ᠃ 2024 ᠣᠨ ᠳ᠋ᠤ ᠬᠣᠲᠠ ᠪᠠᠯᠭᠠᠰᠤ ᠶ᠋ᠢᠨ ᠳᠤᠯᠠᠭᠠᠯᠠᠭ᠎ᠠ ᠬᠠᠩᠭᠠᠬᠤ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠬᠡᠷᠡᠭ᠌ᠵᠢᠭᠦᠯᠵᠦ᠍᠂ 2025 ᠤᠨ ᠳ᠋ᠤ ᠪᠠᠰᠠ 《ᠳᠤᠯᠠᠭᠠᠯᠠᠭ᠎ᠠ ᠶ᠋ᠢᠨ ᠢᠨᠵᠧᠨᠧᠷᠢᠩ》 ᠢ᠋ ᠪᠡᠬᠢᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠬᠡᠷᠡᠭ᠌ᠵᠢᠭᠦᠯᠵᠦ᠍᠂ ᠳᠤᠯᠠᠭᠠᠯᠠᠭ᠎ᠠ ᠬᠠᠩᠭᠠᠬᠤ ᠲᠥᠬᠥᠭᠡᠷᠦᠮᠵᠢ᠂ ᠳᠤᠯᠠᠭᠠᠯᠠᠭ᠎ᠠ ᠬᠠᠩᠭᠠᠬᠤ ᠦᠶ᠋ᠯᠡᠴᠢᠯᠡᠭᠡ᠂ ᠤᠶᠤᠨᠴᠢᠯᠠᠨ ᠲᠠᠰ ᠳᠡᠪᠱᠢᠭᠦᠯᠬᠦ᠌ ᠵᠡᠷᠭᠡ ᠲᠠᠯ᠎ᠠ ᠪᠡᠷ ᠴᠥᠮ ᠲᠦᠷᠭᠡᠨ ᠳᠠᠪᠱᠢᠯᠲᠠ ᠲᠠᠢ ᠪᠣᠯᠵᠣ᠂ ᠪᠥᠬᠥ᠌ ᠣᠷᠣᠨ ᠤ᠋ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶ᠋ᠢᠨ ᠴᠢᠳᠠᠪᠤᠷᠢ ᠵᠢ ᠶᠡᠬᠡ ᠪᠡᠷ ᠳᠡᠭᠡᠭ᠌ᠰᠢᠯᠡᠭᠦᠯᠪᠡ᠃

ᠠᠷᠠᠳ ᠲᠦᠮᠡᠨ ᠢ᠋ᠶ᠋ᠡᠷ ᠭᠤᠤᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠵᠢ ᠢᠮᠠᠭ᠍ᠲᠠ ᠪᠠᠷᠢᠮᠲᠠᠯᠠᠵᠤ᠂ ᠬᠣᠲᠠ ᠪᠠᠯᠭᠠᠰᠤᠨ ᠤ᠋ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠢ᠋ ᠥᠭᠡᠷᠡᠴᠢᠯᠡᠨ ᠱᠢᠨᠡᠳᠭᠡᠬᠦ᠌ ᠵᠢ ᠠᠷᠠᠳ ᠤ᠋ᠨ ᠠᠮᠢᠳᠤᠷᠠᠯ ᠤ᠋ᠨ ᠴᠢᠬᠤᠯᠠ ᠢᠨᠵᠧᠨᠧᠷᠢᠩ ᠪᠣᠯᠭᠠᠵᠤ᠂ ᠣᠯᠠᠨ ᠲᠦᠮᠡᠨ ᠤ᠋ ᠲᠤᠰᠭᠠᠯ ᠴᠢᠩᠭ᠎ᠠ ᠪᠠᠢᠭ᠎ᠠ ᠬᠦᠴᠢᠷ ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠵᠦ᠍᠂ ᠬᠠᠯᠠᠭᠤᠨ ᠳᠤᠯᠠᠭᠠᠨ ᠨᠡᠢᠭᠡᠮ ᠲᠣᠭᠣᠷᠢᠭ ᠢ᠋ ᠪᠠᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠪᠥᠬᠥ᠌ ᠣᠷᠣᠨ ᠳ᠋ᠤ 7323 ᠬᠣᠲᠠ ᠪᠠᠯᠭᠠᠰᠤᠨ ᠤ᠋ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠢ᠋ ᠥᠭᠡᠷᠡᠴᠢᠯᠡᠨ ᠰᠢᠨᠡᠳᠭᠡᠬᠦ ᠵᠢ ᠬᠡᠷᠡᠭᠵᠢᠭᠦᠯᠵᠦ᠂ 112 ᠲᠦᠮᠡᠨ ᠡᠷᠦᠬᠡ ᠰᠠᠭᠤᠭᠠᠯᠢ ᠠᠷᠠᠳ᠂ 310 ᠭᠠᠷᠤᠶ ᠲᠦᠮᠡᠨ ᠬᠥᠮᠦᠨ ᠳ᠋ᠤ ᠠᠱᠢᠭ ᠬᠦᠷᠲᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号