12 ᠰᠠᠷ᠎ᠠ᠎ᠶ᠋ᠢᠨ 1 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠭᠡᠷ (ᠮᠥᠩᠭᠥᠨ ᠭᠦᠢᠯᠭᠡᠭᠡᠨ᠎ᠦ ᠠᠵᠢᠯ᠎ᠤᠨ ᠬᠤᠷᠢᠶ᠎ᠠ)᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠢ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠶ᠋ᠯᠭᠡᠭᠡᠨ᠎ᠦ ᠠᠵᠢᠯ᠎ᠤᠨ ᠠᠯᠪᠠᠨ ᠬᠡᠷ(ᠮᠥᠩᠭᠥᠨ ᠭᠦᠶ᠋ᠯᠭᠡᠭᠡᠨ᠎ᠦ ᠠᠵᠢᠯ᠎ᠤᠨ ᠬᠤᠷᠢᠶ᠎ᠠ) ᠲᠸ᠋ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠭᠤᠤ ᠯᠢ ᠫᠢᠩ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ ᠢ ᠭᠦᠨᠵᠡᠭᠡᠶ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠣᠯᠤᠨ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ ᠵᠢᠨ ᠡᠭᠦᠷᠭᠡ ᠶ᠋ᠢ ᠭᠦᠨᠵᠡᠭᠡᠢ ᠤᠢᠯᠠᠭᠠᠬᠤ ᠵᠢᠴᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠬᠤ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠪᠦᠬᠦᠳᠡ ᠬᠤᠷᠠᠯ ᠤ᠋ᠨ ᠵᠤᠷᠢᠭ ᠰᠠᠨᠠᠭᠠᠳᠦ ᠱᠢᠰᠲ᠋ᠧᠮ᠎ᠲᠡᠶ ᠪᠦᠭᠡᠳ ᠭᠦᠨᠵᠡᠭᠡᠶ ᠲᠠᠢᠯᠤᠮᠵᠢ ᠬᠢᠪᠠ᠃
ᠮᠡᠳᠡᠭᠦᠯᠦᠯᠲᠡ᠎ᠶ᠋ᠢᠨ ᠵᠣᠭ᠍ᠰᠣᠴᠠ ᠨᠢ ᠥᠨᠳᠥᠷ᠂ ᠠᠭᠤᠯᠤᠭ᠍ᠳᠠᠬᠤᠨ ᠨᠢ ᠭᠦᠨ᠂ ᠯᠣᠭᠢᠭ ᠵᠢᠡᠷ ᠴᠢᠩᠭ᠎ᠠ᠂ ᠭᠤᠤᠯᠳᠠᠯᠭ᠎ᠠ ᠨᠢ ᠲᠣᠪᠣᠢᠮ᠎ᠠ᠃ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠥᠩᠭᠥᠨ ᠭᠦᠶ᠋ᠯᠭᠡᠭᠡᠨ᠎ᠦ ᠠᠵᠢᠯ᠎ᠤᠨ ᠠᠯᠪᠠᠨ ᠬᠡᠷ (ᠮᠥᠩᠭᠥᠨ ᠭᠦᠶ᠋ᠯᠭᠡᠭᠡᠨ ᠦ ᠠᠵᠢᠯ᠎ᠤᠨ ᠬᠤᠷᠢᠶ᠎ᠠ) ᠤ᠋ᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠠᠨᠵᠢᠰ᠄《ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠪᠣᠯ ᠤᠳᠠᠯ ᠥᠬᠡᠶ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠵᠢᠨ ᠰᠠᠭᠤᠷᠢ᠎ᠶ᠋ᠢ ᠪᠡᠬᠢᠵᠢᠭᠦᠯᠬᠦ᠌᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭᠤᠯᠤᠬᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠃ ᠪᠢᠳᠡ ᠪᠥᠬᠥᠳᠡ ᠬᠤᠷᠠᠯ᠎ᠢ ᠤᠬᠠᠭᠤᠯᠤᠨ ᠲᠤᠭᠤᠱᠢᠯᠠᠭᠤᠯᠵᠦ ᠨᠠᠢᠳᠠᠪᠤᠷᠢᠵᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠣᠲᠣ ᠶᠠᠭ ᠬᠣᠢᠱᠢᠳᠠ᠎ᠶ᠋ᠢᠨ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯᠳᠠᠯᠭ᠎ᠠ ᠪᠠ ᠪᠣᠭᠣᠮᠲᠠ ᠱᠢᠪᠲᠤᠯᠬᠤ ᠬᠦᠴᠢᠷᠳᠡᠯ ᠢ ᠭᠦᠨᠵᠡᠭᠡᠶ ᠰᠤᠳᠤᠯᠵᠤ᠂ ᠮᠥᠩᠭᠥᠨ ᠭᠦᠶ᠋ᠯᠭᠡᠭᠡᠨ᠎ᠦ ᠦᠶ᠋ᠯᠡᠰ᠎ᠦᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠡᠭᠦᠷᠭᠡ ᠬᠠᠷᠢᠭᠤᠴᠠᠯᠭ᠎ᠠ᠎ᠶ᠋ᠢ ᠵᠦᠶ᠋ᠯ ᠳᠠᠷᠠᠭᠠᠯᠠᠨ ᠲᠣᠳᠣᠷᠬᠠᠢᠯᠠᠵᠤ᠂ ᠠᠵᠢᠯ᠎ᠤᠨ ᠠᠷᠭ᠎ᠠ ᠬᠡᠮᠵᠢᠶ᠎ᠡ ᠲᠣᠭ᠍ᠲᠠᠭᠠᠵᠤ᠂ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠶ ᠪᠡᠷ ᠰᠡᠭᠦᠯ ᠬᠤᠷᠢᠶᠠᠬᠤ᠂ 〈ᠠᠷᠪᠠᠨ ᠲᠠᠪᠤᠳᠤᠭᠠᠷ ᠲᠠᠪᠤᠨ ᠵᠢᠯ〉 ᠢ᠋ ᠤᠷᠤᠭ᠍ᠰᠢᠲᠠᠶ ᠡᠬᠢᠯᠡᠭᠦᠯᠬᠦ᠌᠎ᠳᠦ ᠮᠥᠩᠭᠥᠨ ᠭᠦᠶ᠋ᠯᠭᠡᠭᠡᠨ᠎ᠦ ᠬᠦᠴᠦᠨ ᠴᠢᠳᠠᠯ᠎ᠢᠶᠠᠨ ᠡᠷᠭᠦᠨ᠎ᠠ》 ᠭᠡᠪᠡ᠃