ᠪᠠᠶᠠᠨᠨᠠᠭᠤᠷ ᠬᠣᠲᠠ ᠲᠠᠷᠢᠶᠠᠯᠠᠩ ᠤ᠋ᠨ ᠬᠠᠶᠠᠭ᠍ᠳᠠᠮᠠᠯ ᠪᠣᠳᠠᠰ ᠢ᠋ ᠡᠷᠭᠢᠯᠳᠦᠭᠦᠯᠦᠨ ᠠᠱᠢᠭ᠍ᠯᠠᠬᠤ ᠱᠢᠨ᠎ᠡ ᠠᠷᠭ᠎ᠠ ᠵᠠᠮ ᠢ᠋ ᠬᠠᠢᠨ ᠰᠦᠪᠡᠭ᠌ᠴᠢᠯᠡᠨ᠎ᠠ
2025-12-03 11:12:20
ᠵᠣᠬᠢᠶᠠᠭ᠍ᠴᠢ᠄
ᠪᠥᠸᠧ ᠶ᠋ᠢᠨ ᠹᠸᠩ ᠵᠧᠩ ᠱᠢᠨ
ᠣᠩᠱᠢᠭ᠍ᠰᠠᠨ ᠣᠳᠠᠭ᠎ᠠ᠄
★★★☆☆

ᠪᠣᠷᠣᠲᠣᠬᠣᠢ ᠶ᠋ᠢᠨ ᠲᠠᠯ᠎ᠠ ᠳ᠋ᠦ ᠲᠩᠷᠢ ᠴᠡᠯᠮᠡᠢᠵᠦ᠂ ᠡᠪᠦᠯ ᠤ᠋ᠨ ᠰᠠᠢᠬᠠᠨ ᠡᠳᠦᠷ ᠬᠦᠮᠦᠨ ᠤ᠋ ᠰᠡᠳᠬᠢᠯ ᠳ᠋ᠦ ᠳᠠᠭᠠᠳᠠᠢ᠃ ᠡᠨᠡ ᠬᠡᠳᠦᠨ ᠡᠳᠦᠷ ᠪᠠᠶᠠᠨᠨᠠᠭᠤᠷ ᠬᠤᠳᠠ ᠶ᠋ᠢᠨ ᠳ᠋ᠸᠩᠺᠸᠤ ᠱᠢᠶᠠᠨ ᠤ᠋ ᠯᠦᠩ ᠱᠧᠩ ᠡᡁᠸ ᠪᠠᠯᠭᠠᠰᠤ ᠵᠢᠨ ᠯᠢ ᠮᠢᠩ ᠲᠣᠰᠭᠣᠨ ᠤ᠋ ᠲᠠᠷᠢᠶᠠᠨ ᠭᠠᠵᠠᠷ ᠲᠦ᠍ ᠡᠰᠢ ᠰᠦᠷᠡᠯ ᠢ᠋ ᠪᠣᠭᠣᠵᠢᠯᠠᠬᠤ ᠮᠠᠱᠢᠨ ᠶᠠᠭᠠᠷᠠᠯᠲᠠᠢ ᠠᠵᠢᠯᠯᠠᠵᠤ ᠪᠠᠢᠯ᠎ᠠ᠃ ᠮᠠᠱᠢᠨ᠎ᠪᠤᠳᠠᠷᠠᠨ ᠤᠨᠠᠭ᠍ᠰᠠᠨ ᠡᠷᠳᠡᠨᠢ ᠱᠢᠰᠢ ᠶ᠋ᠢᠨ ᠡᠰᠢ ᠰᠦᠷᠡᠯ᠂ ᠨᠡᠷᠡᠨ ᠬᠤᠸᠠᠷ ᠤ᠋ᠨ ᠡᠰᠢ ᠵᠢ ᠮᠠᠰᠢ ᠲᠦᠷᠭᠡᠨ ᠬᠠᠮᠤᠵᠦ᠂ ᠨᠢᠳᠦ ᠢᠷᠮᠡᠬᠦ᠌ ᠶ᠋ᠢᠨ ᠵᠠᠭᠤᠷ᠎ᠠ ᠲᠡᠭ᠌ᠰᠢ ᠳᠥᠷᠪᠡᠯᠵᠢᠨ ᠡᠪᠡᠰᠦᠨ ᠪᠤᠭᠤᠳᠠᠯ ᠪᠣᠯᠭᠠᠴᠢᠬᠠᠵᠠᠢ᠃

ᠲᠣᠰᠭᠣᠨ ᠤ᠋ ᠠᠷᠠᠳ ᠶᠠᠩ ᠺᠦᠸᠸ ᠶᠤᠸᠠᠨ ᠲᠠᠷᠢᠶᠠᠨ ᠳᠠᠯᠠᠩ ᠳᠡᠭᠡᠷ᠎ᠡ ᠵᠣᠭ᠍ᠰᠣᠭᠠᠳ ᠶᠠᠭᠠᠷᠠᠯᠲᠠᠢ ᠠᠵᠢᠯᠯᠠᠬᠤ ᠮᠠᠰᠢᠨ ᠢ᠋ ᠪᠠᠬᠠᠳᠤᠨ ᠬᠠᠷᠠᠨ᠎ᠠ᠃ 《ᠥᠩᠭᠡᠷᠡᠭ᠌ᠰᠡᠨ ᠳ᠋ᠦ ᠶᠡᠷᠦ᠍ ᠨᠢ ᠭᠠᠵᠠᠷ ᠳᠦᠭᠦᠷᠡᠩ ᠡᠰᠢ ᠰᠦᠷᠡᠯ ᠢ᠋ ᠶᠠᠭᠠᠬᠢᠵᠦ ᠰᠢᠢᠳᠪᠦᠷᠢᠯᠡᠬᠦ ᠲᠤᠬᠠᠢ ᠵᠣᠪᠠᠳᠠᠭ ᠪᠠᠢᠭᠰᠠᠨ᠂ ᠱᠢᠲᠠᠭᠠᠪᠠᠯ ᠣᠷᠴᠢᠨ ᠲᠣᠭᠣᠷᠢᠨ ᠢ᠋ ᠪᠣᠬᠢᠷᠲᠤᠭᠤᠯᠤᠨ᠎ᠠ᠂ ᠣᠪᠣᠭᠠᠯᠠᠪᠠᠯ ᠬᠠᠪᠤᠷ ᠤ᠋ᠨ ᠲᠠᠷᠢᠶᠠᠯᠠᠭ᠎ᠠ ᠵᠢ ᠬᠠᠷᠱᠢᠯᠠᠨ᠎ᠠ᠃ ᠣᠳᠣ ᠰᠠᠢᠨ ᠪᠣᠯᠵᠠᠶ᠂ ᠡᠨᠡ ᠡᠰᠢ ᠰᠦᠷᠡᠯ ᠪᠦᠷ ᠦᠨ᠎ᠡ ᠳ᠋ᠤ ᠬᠦᠷᠬᠦ᠌ ᠡᠷᠳᠡᠨᠢ ᠪᠣᠯᠪᠠ᠃ ᠮᠦ᠍ ᠪᠦᠷᠢ ᠡᠴᠡ 18 ᠪᠤᠭᠤᠳᠠᠯ ᠭᠠᠷᠴᠦ᠂ ᠬᠡᠰᠡᠭ ᠤᠷᠤᠯᠭ᠎ᠠ ᠡᠬᠦᠳᠴᠢᠬᠡᠨ᠎ᠡ》 ᠭᠡᠵᠦ ᠶᠠᠩ ᠺᠦᠸᠸ ᠶᠤᠸᠠᠨ ᠠᠵᠤ ᠠᠬᠤᠶ ᠶ᠋ᠢᠨ ᠳᠠᠩᠰᠠ ᠪᠣᠳᠣᠵᠤ ᠭᠠᠷᠤᠯ᠎ᠠ᠃

ᠡᠳᠡᠭᠡᠷ ᠡᠰᠢ ᠰᠦᠷᠡᠯ ᠢ᠋ ᠨᠢᠭᠡ ᠪᠤᠯ ᠡᠷᠭᠢᠨ ᠲᠣᠭᠣᠷᠢᠨ ᠤ᠋ ᠮᠠᠯᠵᠢᠯ ᠤ᠋ᠨ ᠲᠠᠯᠠᠪᠠᠢ ᠳ᠋ᠦ ᠬᠦᠷᠭᠡᠵᠦ᠍᠂ ᠦᠬᠡᠷ ᠬᠣᠨᠢᠨ ᠤ᠋ ᠡᠪᠦᠯ ᠤ᠋ᠨ 《ᠱᠢᠮ᠎ᠡ ᠲᠡᠵᠢᠭᠡᠯᠲᠦ ᠬᠣᠭᠣᠯᠠ》 ᠪᠣᠯᠭᠠᠨ᠎ᠠ᠃ ᠡᠰᠡᠪᠡᠯ ᠴᠠᠬᠢᠯᠭᠠᠨ ᠭᠠᠷᠭᠠᠬᠤ ᠦᠶ᠋ᠯᠡᠳᠪᠦᠷᠢ ᠳ᠋ᠦ ᠬᠦᠷᠭᠡᠵᠦ᠂ ᠲᠦᠮᠡᠨ ᠡᠷᠦᠬᠡ ᠶ᠋ᠢᠨ《ᠨᠣᠭᠣᠭᠠᠨ ᠡᠨᠧᠷᠭᠢ》ᠪᠤᠯᠭᠠᠨ᠎ᠠ᠃ ᠥᠩᠭᠡᠷᠡᠭ᠌ᠰᠡᠨ ᠳ᠋ᠦ ᠬᠦᠮᠦᠰ ᠢ᠋ ᠲᠦᠪᠡᠭᠳᠡᠬᠦᠯᠵᠦ ᠪᠠᠢᠭ᠍ᠰᠠᠨ 《ᠬᠠᠶᠠᠭ᠍ᠳᠠᠮᠠᠯ ᠪᠣᠳᠠᠰ》 ᠡᠢᠨ ᠬᠦ᠌ ᠴᠤ ᠰᠢᠨ᠎ᠠ 《ᠨᠠᠮᠳᠠᠷ》 ᠵᠢᠡᠨ ᠪᠢᠴᠢᠭᠯᠡᠪᠡ᠃

ᠬᠤᠪᠢᠷᠠᠯᠲᠠ ᠶ᠋ᠢᠨ ᠠᠷᠤ ᠳ᠋ᠦ ᠲᠤᠬᠠᠶ ᠶ᠋ᠢᠨ ᠭᠠᠵᠠᠷ ᠤ᠋ᠨ ᠪᠠᠢᠭᠤᠯᠤᠭ᠍ᠰᠠᠨ ᠬᠠᠶᠠᠭᠳᠠᠮᠠᠯ ᠪᠤᠳᠠᠰ ᠢ᠋ ᠬᠤᠷᠢᠶᠠᠵᠤ ᠠᠱᠢᠭ᠍ᠯᠠᠬᠤ ᠱᠢᠰᠲ᠋ᠧᠮ᠎ᠨᠢᠭᠤᠬᠳᠠᠵᠥ ᠪᠠᠢᠯ᠎ᠠ᠃ 《ᠪᠢᠳᠡ ᠲᠤᠰᠭᠠᠶ ᠳᠦᠷᠦᠯ ᠤ᠋ᠨ ᠨᠥᠬᠥᠪᠥᠷᠢ ᠥᠭ᠌ᠬᠦ ᠪᠡᠷ ᠳᠠᠮᠵᠢᠨ ᠲᠤᠰᠬᠠᠢ ᠬᠣᠷᠱᠢᠶ᠎ᠠ ᠶ᠋ᠢᠨ ᠡᠵᠡᠩᠨᠡᠯᠲᠡ ᠵᠢ ᠳᠡᠮᠵᠢᠵᠦ᠍᠂ ᠳᠠᠬᠢᠨ 〈ᠬᠤᠷᠠᠮᠳᠤᠯ ᠬᠤᠪᠢ ᠶ᠋ᠢᠨ ᠬᠡᠲᠦ ᠳᠡᠯᠭᠡᠭᠦᠷ〉 ᠲᠠᠢ ᠤᠶᠠᠯᠳᠤᠭᠤᠯᠤᠨ ᠪᠣᠳᠠᠲᠤ ᠪᠣᠳᠠᠰ ᠰᠣᠯᠢᠵᠤ᠂ ᠲᠠᠷᠢᠶᠠᠴᠢᠳ ᠤ᠋ᠨ ᠢᠳᠡᠪᠬᠢᠵᠢᠯ ᠢ᠋ ᠲᠤᠢᠯᠪᠤᠷᠢᠲᠠᠶ ᠬᠥᠭ᠌ᠵᠢᠭᠡᠪᠠ》 ᠭᠡᠵᠦ ᠯᠦᠩ ᠱᠧᠩ ᠾᠧ ᠪᠠᠯᠭᠠᠰᠤ ᠵᠢᠨ ᠠᠷᠠᠳ ᠤ᠋ᠨ ᠵᠠᠰᠠᠭ ᠤ᠋ᠨ ᠣᠷᠳᠣᠨ ᠤ᠋ ᠳᠡᠳ᠋ ᠳᠠᠷᠤᠭ᠎ᠠ ᠾᠧᠦ ᠶᠠᠨ ᠭᠠᠩ ᠲᠠᠨᠢᠯᠴᠠᠭᠤᠯᠤᠨ᠎ᠠ᠃

ᠠᠮᠵᠢᠯᠲᠠ ᠲᠠᠶ ᠲᠤᠷᠱᠢᠯᠭ᠎ᠠ ᠵᠢ ᠪᠥᠬᠥ᠌ ᠲᠠᠯ᠎ᠠ ᠪᠠᠷ ᠲᠦᠷᠭᠡᠨ ᠳᠡᠯᠭᠡᠷᠡᠭᠦᠯᠵᠦ᠍᠂ ᠡᠰᠢ ᠰᠦᠷᠡᠯ ᠤ᠋ᠨ ᠰᠦᠯᠢᠶᠣᠣ ᠪᠦᠷᠬᠦᠪᠴᠢ ᠵᠢ ᠬᠣᠷᠢᠶᠠᠨ ᠠᠪᠬᠤ ᠠᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠬᠡᠪᠴᠢᠶ᠎ᠡ ᠵᠢ ᠥᠷᠭᠡᠳᠭᠡᠬᠦ᠌ ᠶ᠋ᠢᠨ ᠲᠥᠯᠥᠭᠡ᠂ ᠣᠢᠷ᠎ᠠ ᠳ᠋ᠦ ᠪᠠᠶᠠᠨᠨᠠᠭᠤᠷ ᠬᠣᠲᠠ ᠶ᠋ᠢᠨ ᠲᠠᠷᠢᠶᠠᠯᠠᠩ ᠤ᠋ᠨ ᠰᠦᠯᠢᠶᠣᠣ ᠪᠦᠷᠬᠦᠪᠴᠢ ᠪᠠ ᠡᠰᠢ ᠰᠦᠷᠡᠯ ᠢ᠋ ᠬᠣᠷᠢᠶᠠᠨ ᠠᠪᠬᠤ ᠲᠤᠬᠠᠶ ᠶ᠋ᠢᠨ ᠲᠠᠯᠠᠪᠠᠶ ᠶ᠋ᠢᠨ ᠲᠣᠭᠣᠷᠢᠨ ᠦᠵᠡᠬᠦ᠌ ᠪᠣᠯᠪᠠᠰᠤᠷᠠᠯ ᠤ᠋ᠨ ᠠᠩᠭᠢ ᠳ᠋ᠸᠩᠺᠸᠤ ᠱᠢᠶᠠᠨ ᠳ᠋ᠦ ᠶᠠᠪᠤᠭ᠍ᠳᠠᠵᠤ᠂ ᠲᠠᠷᠢᠶᠠᠯᠠᠩ ᠤ᠋ᠨ ᠺᠠᠳ᠋ᠷ᠂ ᠲᠠᠷᠢᠶᠠᠯᠠᠩ ᠤ᠋ᠨ ᠮᠡᠷᠭᠡᠵᠢᠯ ᠤ᠋ᠨ ᠭᠤᠤᠯᠯᠠᠭ᠍ᠴᠢ ᠬᠦᠴᠦᠨ ᠪᠠ ᠲᠠᠷᠢᠮᠠᠯ ᠤ᠋ᠨ ᠲᠣᠮᠣ ᠡᠷᠦᠬᠡ᠎ᠶᠢᠨ ᠡᠵᠡᠨ ᠵᠡᠷᠭᠡ 200 ᠭᠠᠷᠤᠢ ᠬᠦᠮᠦᠨ ᠱᠠᠵᠢᠨᠲᠣᠬᠣᠶ ᠰᠤᠮᠤ ᠶ᠋ᠢᠨ ᠵᠢᠱ᠌ᠢᠶ᠎ᠡ ᠦᠵᠡᠭᠦᠯᠬᠦ᠌ ᠲᠠᠷᠢᠶᠠᠨ ᠭᠠᠵᠠᠷ ᠲᠦ᠍ ᠬᠦᠷᠴᠦ᠂ ᠮᠠᠱᠢᠨ ᠮᠧᠬᠠᠨᠢᠭ ᠢ᠋ᠶ᠋ᠡᠷ ᠬᠣᠷᠢᠶᠠᠨ ᠠᠪᠬᠤ ᠵᠢ ᠦᠵᠡᠨ᠂ ᠲᠥᠷᠥ ᠶ᠋ᠢᠨ ᠪᠣᠳᠣᠯᠭ᠎ᠠ ᠶ᠋ᠢᠨ ᠲᠠᠢᠯᠤᠮᠵᠢ ᠵᠢ ᠰᠣᠨᠣᠰᠪᠠ᠃

《ᠬᠢᠴᠢᠶᠡᠯ ᠤ᠋ᠨ ᠲᠠᠩᠬᠢᠮ ᠢ᠋ᠶ᠋ᠠᠨ ᠦᠢᠯᠡᠳᠪᠦᠷᠢᠯᠡᠯ ᠤ᠋ᠨ ᠨᠢᠭᠡᠳᠦᠭᠡᠷ ᠹᠷᠣᠨᠲ ᠲᠦ᠍ ᠨᠡᠭᠦᠯᠭᠡᠵᠦ᠍ ᠪᠠᠢᠬᠤ ᠨᠢ ᠤᠯᠠᠨ ᠳ᠋ᠦ ᠨᠡᠩ ᠲᠣᠳᠣᠷᠬᠠᠢ ᠲᠠᠨᠢᠭᠤᠯᠵᠤ᠂ ᠰᠠᠢᠲᠤᠷ ᠰᠤᠷᠤᠯᠴᠠᠭᠤᠯᠬᠤ ᠶ᠋ᠢᠨ ᠲᠥᠯᠥᠭᠡ ᠶᠤᠮ》 ᠭᠡᠵᠦ ᠪᠠᠶᠠᠨᠨᠠᠭᠤᠷ ᠬᠣᠲᠠ ᠶ᠋ᠢᠨ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠬᠢᠨᠠᠨ ᠬᠡᠮᠵᠢᠵᠦ᠍ ᠬᠠᠮᠠᠭᠠᠯᠠᠬᠤ ᠲᠥᠪ ᠤ᠋ᠨ ᠡᠷᠬᠢᠯᠡᠭ᠌ᠴᠢ ᠵᠠᠩ ᠵᠧᠨ ᠭᠦᠸᠧ ᠬᠡᠯᠡᠨ᠎ᠠ᠃ ᠲᠡᠷᠡ ᠪᠠᠰᠠ᠂ ᠢᠷᠡᠭᠡᠳᠦᠶ ᠳ᠋ᠦ ᠬᠣᠷᠢᠶᠠᠨ ᠠᠪᠬᠤ ᠲᠤᠤᠷ ᠢ᠋ ᠬᠦᠴᠦᠯᠡᠨ ᠪᠦᠷᠢᠨᠱᠢᠭᠦᠯᠵᠦ᠍᠂ ᠬᠣᠷᠢᠶᠠᠬᠤ ᠬᠠᠳᠠᠭᠠᠯᠠᠬᠤ ᠲᠡᠭᠡᠭᠡᠪᠦᠷᠢᠯᠡᠬᠦ᠌ ᠱᠢᠰᠲ᠋ᠧᠮ ᠢ᠋ ᠲᠡᠭᠦᠯᠳᠡᠷᠵᠢᠭᠦᠯᠵᠦ᠍᠂ ᠪᠣᠬᠢᠷᠲᠤᠯ ᠥᠬᠡᠶ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠥᠩ ᠱᠢᠮᠡᠯᠢᠭ ᠬᠥᠷᠥᠰᠥᠨ ᠳ᠋ᠦ ᠭᠦᠨ ᠦᠨᠳᠦᠰᠦᠯᠡᠭᠦᠯᠦᠨ᠎ᠡ ᠭᠡᠵᠦ ᠶᠠᠷᠢᠵᠤ ᠪᠠᠢᠯ᠎ᠠ᠃

ᠪᠣᠯᠪᠠᠰᠤᠷᠠᠯ ᠤ᠋ᠨ ᠬᠢᠴᠢᠶᠡᠯ ᠳᠡᠭᠡᠷ᠎ᠡ᠂ ᠲᠠᠷᠢᠮᠠᠯ ᠤ᠋ᠨ ᠲᠣᠮᠣ ᠡᠷᠦᠬᠡ ᠬᠤᠤ ᠸᠧᠶ ᠲᠠᠢᠯᠦᠮᠵᠢ ᠵᠢ ᠠᠩᠬᠠᠷᠤᠯ ᠳᠠᠯᠪᠢᠨ ᠰᠤᠨᠤᠰᠤᠨ᠎ᠠ᠃《ᠥᠩᠭᠡᠷᠡᠭ᠌ᠰᠡᠨ ᠳ᠋ᠦ ᠦᠯᠡᠳᠡᠭ᠌ᠳᠡᠯ ᠰᠦᠯᠢᠶᠣᠣ ᠪᠦᠷᠬᠦᠪᠴᠢ ᠵᠢ ᠴᠡᠪᠡᠷᠯᠡᠬᠦ᠌᠎ᠭᠡᠵᠦ ᠨᠢᠷᠤᠭᠤ ᠪᠠᠨ ᠪᠦᠭᠳᠦᠢᠳᠡᠯ᠎ᠠ ᠠᠵᠢᠯᠯᠠᠵᠦ᠂ ᠡᠰᠢ ᠰᠦᠷᠡᠯ ᠣᠪᠣᠭᠠᠷᠠᠵᠤ ᠪᠠᠢᠬᠤ ᠵᠢ ᠬᠠᠷᠠᠭᠠᠳ ᠶᠠᠭᠠᠬᠢᠬᠤ ᠶ᠋ᠢᠨ ᠴᠦ᠍ ᠠᠷᠭ᠎ᠠ ᠥᠬᠡᠶ ᠪᠠᠢᠭᠰᠠᠨ ᠶᠤᠮ᠃ ᠣᠳᠣ ᠲᠣᠰᠭᠣᠨ ᠳ᠋ᠦ ᠬᠠᠶᠠᠭᠳᠠᠮᠠᠯ ᠢ᠋ ᠬᠤᠷᠢᠶᠠᠬᠤ ᠴᠡᠭ ᠲᠡᠶ ᠪᠤᠯᠵᠤ᠂ ᠬᠠᠭᠤᠴᠢᠨ ᠰᠦᠯᠢᠶᠣᠣ ᠪᠦᠷᠬᠦᠪᠴᠢ ᠵᠢ ᠲᠤᠱᠢᠶᠠᠪᠠᠯ ᠪᠠᠰᠠ ᠨᠥᠬᠥᠪᠥᠷᠢ ᠲᠠᠢ ᠶᠤᠮ᠃ ᠨᠢᠬᠡ ᠲᠠᠯ᠎ᠠ ᠪᠡᠷ ᠵᠤᠭᠤᠰ ᠤᠯᠵᠤ᠂ ᠨᠦᠬᠦᠬᠡ ᠲᠠᠯ᠎ᠠ ᠪᠡᠷ ᠲᠠᠷᠢᠶᠠᠨ ᠭᠠᠵᠠᠷ ᠤ᠋ᠨ ᠬᠦᠷᠦᠰᠦ ᠰᠢᠮ᠎ᠡ ᠵᠢ ᠴᠦ᠍ ᠬᠠᠮᠠᠭᠠᠯᠠᠴᠢᠬᠠᠨ᠎ᠠ᠂ ᠶᠤᠰᠤᠳᠠᠢ ᠰᠠᠢᠨ ᠪᠤᠯᠤᠭᠰᠠᠨ ᠰᠢᠤ!》 ᠭᠡᠵᠦ᠍ ᠬᠤᠤ ᠸᠧᠢ ᠪᠠᠶᠠᠷᠲᠠᠢ ᠬᠡᠯᠡᠨ᠎ᠡ᠃

ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠡᠴᠡ᠂ ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠵᠢ ᠲᠦᠷᠭᠡᠳᠭᠡᠵᠦ᠍᠂ ᠬᠥᠳᠡᠭᠡ ᠲᠣᠰᠭᠣᠨ ᠢ᠋ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ᠍ ᠳᠤᠷᠠᠳᠴᠠᠢ᠃ ᠡᠰᠢ ᠰᠦᠷᠡᠯ ᠢ᠋ ᠬᠤᠷᠢᠶᠠᠬᠤ ᠡᠴᠡ ᠲᠠᠷᠢᠶᠠᠯᠠᠩ ᠤ᠋ᠨ ᠰᠦᠯᠢᠶᠣᠣ ᠪᠦᠷᠬᠦᠪᠴᠢ ᠵᠢ ᠬᠣᠷᠢᠶᠠᠨ ᠠᠪᠬᠤ ᠬᠦᠷᠲᠡᠯ᠎ᠡ᠂ ᠪᠠᠶᠠᠨᠨᠠᠭᠤᠷ ᠬᠣᠲᠠ ᠲᠠᠷᠢᠶᠠᠯᠠᠩ ᠤ᠋ᠨ ᠬᠠᠶᠠᠭ᠍ᠳᠠᠮᠠᠯ ᠪᠣᠳᠠᠰ ᠢ᠋ ᠥᠨᠳᠥᠷ ᠪᠦᠲᠦᠮᠵᠢᠲᠡᠶ ᠪᠡᠷ ᠡᠷᠭᠢᠯᠳᠦᠭᠦᠯᠦᠨ ᠠᠱᠢᠭ᠍ᠯᠠᠬᠤ᠎ᠪᠠᠷ ᠳᠡᠮᠵᠢᠨ ᠪᠣᠬᠢᠷᠲᠤᠯ ᠢ᠋ ᠡᠬᠢ ᠡᠭᠦᠰᠦᠯ ᠡᠴᠡ ᠨᠢ ᠬᠢᠵᠠᠭᠠᠷᠯᠠᠭ᠍ᠰᠠᠨ ᠢ᠋ᠶ᠋ᠠᠷ ᠪᠠᠷᠠᠬᠤ ᠥᠬᠡᠶ ᠪᠠᠰᠠ ᠬᠥᠳᠡᠭᠡ ᠲᠣᠰᠭᠣᠨ ᠤ᠋ ᠠᠮᠢ ᠠᠬᠤᠶ ᠪᠣᠯᠤᠨ ᠠᠵᠤ ᠠᠬᠤᠶ ᠶ᠋ᠢᠨ ᠬᠠᠮᠲᠤ ᠪᠠᠷ ᠠᠱᠢᠭ ᠭᠥᠷᠳᠡᠬᠦ᠌ ᠬᠥᠭ᠌ᠵᠢᠯᠲᠡ ᠶ᠋ᠢᠨ ᠱᠢᠨ᠎ᠡ ᠵᠠᠮ ᠢ᠋ ᠰᠦᠪᠡᠭ᠌ᠴᠢᠯᠡᠵᠦ᠍ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号