ᠦᠵᠡᠰᠭᠦᠯᠡᠩᠲᠦ ᠰᠠᠢᠬᠠᠨ ᠵᠣᠯ ᠵᠢᠷᠭᠠᠯᠳᠤ ᠨᠡᠭᠡᠭᠡᠯᠲᠡᠳᠤ ᠬᠥᠭ᠌ᠵᠢᠨ ᠮᠠᠨᠳᠤᠭ᠍ᠰᠠᠨ ᠡᠶ᠎ᠡ ᠵᠣᠬᠢᠴᠠᠩᠭᠤᠢ ᠠᠮᠤᠷ ᠲᠣᠭ᠍ᠲᠠᠭᠤᠨ ᠣᠳᠣᠬᠢᠴᠢᠯᠠᠭ᠍ᠰᠠᠨ ᠬᠥᠯᠥᠨ ᠪᠤᠢ᠌ᠷ ᠢ᠋ ᠪᠦᠲᠦᠭᠡᠨ ᠪᠠᠢᠭᠤᠯᠤᠨ᠎ᠠ
2025-12-03 10:22:56
ᠵᠣᠬᠢᠶᠠᠭ᠍ᠴᠢ᠄
ᠯᠢᠶᠠᠩ ᠯᠢᠶᠠᠩ
ᠣᠩᠱᠢᠭ᠍ᠰᠠᠨ ᠣᠳᠠᠭ᠎ᠠ᠄
★★★☆☆

— ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠵᠢᠢ ᠶᠦᠩ ᠴᠢᠶᠠᠨ ᠎ᠢ ᠰᠤᠷᠪᠤᠯᠵᠢᠯᠠᠭ᠍ᠰᠠᠨ ᠨᠢ

              

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠠᠢᠷᠢᠯᠠᠭᠤᠯᠤᠯᠲᠠ ᠬᠢᠪᠠ᠂ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠵᠢᠢ ᠶᠦᠩ ᠴᠢᠶᠠᠨ᠎ᠢ ᠰᠤᠷᠪᠤᠯᠵᠢᠯᠠᠪᠠ᠃

ᠵᠢᠢ ᠶᠦᠩ ᠴᠢᠶᠠᠨ᠂ ᠬᠥᠯᠥᠨ ᠪᠤᠢ᠌ᠷ ᠬᠤᠳᠠ᠎ᠶ᠋ᠢᠨ ᠬᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ᠂ ᠡᠷᠡᠰ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠦᠵᠡᠰᠭᠦᠯᠡᠩᠲᠦ ᠰᠠᠢᠬᠠᠨ᠂ ᠵᠣᠯ ᠵᠢᠷᠭᠠᠯᠳᠤ᠂ ᠨᠡᠬᠡᠬᠡᠯᠳᠡᠳᠤ᠂ ᠬᠥᠭ᠌ᠵᠢᠨ ᠮᠠᠨᠳᠤᠭ᠍ᠰᠠᠨ᠂ ᠡᠶ᠎ᠡ ᠵᠣᠬᠢᠴᠠᠩᠭᠤᠢ᠂ ᠠᠮᠤᠷ ᠲᠣᠭ᠍ᠲᠠᠭᠤᠨ᠂ ᠣᠳᠣᠬᠢᠴᠢᠯᠠᠭ᠍ᠰᠠᠨ ᠬᠥᠯᠥᠨ ᠪᠤᠢ᠌ᠷ᠎ᠢ ᠲᠦᠷᠭᠡᠳᠭᠡᠨ ᠪᠦᠳᠦᠭᠡᠨ ᠪᠠᠢᠭᠤᠯᠵᠤ᠂ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

ᠨᠢᠭᠡ᠎ᠳᠦ᠂ ᠠᠮᠢ ᠠᠬᠤᠢ᠎ᠶ᠋ᠢᠨ ᠳᠠᠪᠠᠭᠤᠯᠢᠭ᠎ᠢᠶᠠᠨ ᠥᠷᠭᠡᠳᠭᠡᠵᠦ᠍᠂ ᠦᠵᠡᠰᠭᠦᠯᠡᠩᠲᠦ ᠰᠠᠢᠬᠠᠨ ᠬᠥᠯᠥᠨ ᠪᠦᠢᠷ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠥᠯᠥᠨ ᠪᠤᠢ᠌ᠷ ᠪᠣᠯ ᠮᠠᠨ᠎ᠤ ᠤᠯᠤᠰ᠎ᠤᠨ ᠤᠩᠭᠤᠨ ᠪᠠᠢᠭᠠᠯᠢ ᠵᠢᠨ ᠠᠮᠢ ᠠᠬᠤᠢ᠎ᠶ᠋ᠢ ᠬᠠᠮᠤᠭ᠎ᠤᠨ ᠪᠦᠷᠢᠨ ᠪᠦᠲᠦᠨ ᠬᠠᠳᠠᠭᠠᠯᠠᠭ᠍ᠰᠠᠨ ᠭᠠᠵᠠᠷ ᠣᠷᠣᠨ᠎ᠤ ᠨᠢᠭᠡ ᠪᠣᠯᠤᠨ᠎ᠠ᠂ ᠤᠢ ᠱᠢᠭᠤᠢ᠂ ᠨᠤᠭᠤ ᠭᠠᠵᠠᠷ᠂ ᠪᠡᠯᠴᠢᠭᠡᠷ᠂ ᠲᠠᠷᠢᠶᠠᠨ ᠭᠠᠵᠠᠷ ᠵᠡᠷᠭᠡ ᠲᠦᠷᠪᠡᠨ ᠶᠡᠬᠡ ᠬᠦᠷᠢᠶᠡᠨ᠎ᠦ ᠠᠮᠢ ᠠᠬᠤᠢ᠎ᠶ᠋ᠢᠨ ᠦᠢᠯᠡᠳᠬᠦᠨ᠎ᠦ ᠶᠡᠷᠦᠩᠬᠡᠢ ᠦᠷᠳᠡᠭ (GEP) 7000 ᠳ᠋ᠦᠩᠱᠢᠭᠤᠷ ᠲᠥᠭᠥᠷᠢᠭ᠎ᠢ ᠳᠠᠪᠠᠪᠠ᠃ ᠤᠯᠠᠨ ᠵᠢᠯ᠎ᠦᠨ ᠲᠤᠷᠰᠢ᠂ ᠪᠢᠳᠠ ᠠᠮᠢ ᠠᠬᠤᠢ᠎ᠶ᠋ᠢᠨ ᠬᠠᠮᠠᠭᠠᠯᠠᠯᠲᠠ ᠪᠠ ᠪᠣᠬᠢᠷᠲᠤᠯ ᠦᠭᠡᠢ ᠬᠥᠭ᠌ᠵᠢᠯᠲᠡ᠎ᠶ᠋ᠢ ᠭᠦᠨᠵᠡᠭᠡᠢ ᠠᠬᠢᠭᠤᠯᠵᠤ᠂ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠢ᠎ᠡ ᠦᠵᠡᠭᠦᠯᠬᠦ᠌ ᠭᠠᠵᠠᠷ ᠣᠷᠣᠨ᠎ᠢᠶᠠᠷ ᠦᠨᠡᠯᠡᠭ᠌ᠳᠡᠪᠡ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠢᠳᠡ 《ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ᠂ ᠮᠦᠰᠦᠳᠤ ᠲᠠᠯ᠎ᠠ ᠴᠠᠰᠤᠳᠤ ᠭᠠᠵᠠᠷ ᠴᠤ᠌ ᠠᠯᠳᠠᠨ ᠠᠭᠤᠯᠠ ᠮᠥᠩᠭᠥᠨ ᠬᠠᠢᠷᠬᠠᠨ ᠮᠥᠨ》 ᠭᠡᠬᠦ ᠤᠢᠯᠠᠭᠠᠭᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠤ᠂ ᠶᠡᠬᠡ ᠬᠢᠩᠭᠠᠨ ᠳᠠᠪᠠᠭ᠎ᠠ᠂ ᠬᠥᠯᠥᠨ ᠪᠣᠢ᠌ᠷ᠎ᠤᠨ ᠲᠠᠯ᠎ᠠ ᠨᠤᠲᠤᠭ᠂ ᠬᠥᠯᠥᠨ ᠨᠠᠭᠤᠷ ᠵᠡᠷᠭᠡ ᠭᠤᠤᠯ ᠮᠥᠷᠡᠨ ᠨᠠᠭᠤᠷ ᠴᠥᠭᠥᠷᠥᠮ᠎ᠦᠨ ᠤᠰᠤᠨ᠎ᠤ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠵᠤ᠂ ᠨᠤᠲᠤᠭ ᠪᠡᠯᠴᠢᠭᠡᠷ ᠤ᠋ᠨ ᠳᠠᠭᠠᠭᠠᠴᠠ ᠡᠴᠡ ᠬᠡᠳᠦᠷᠡᠳᠡᠯ᠎ᠠ ᠮᠠᠯᠵᠢᠬᠤ ᠵᠢ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠵᠢᠨ 《ᠨᠢᠭᠡ ᠬᠠᠭᠤᠳᠠᠰᠤ ᠵᠢᠷᠤᠭ》᠂ 《ᠨᠢᠭᠡ ᠪᠦᠬᠦᠯᠢ ᠲᠤᠤᠷ》᠎ᠤ᠋ᠨ ᠲᠠᠪᠴᠠᠩ ᠢ᠋ ᠰᠠᠢᠲᠤᠷ ᠪᠠᠢᠭᠤᠯᠵᠤ ᠰᠠᠢᠲᠤᠷ ᠠᠱᠢᠭ᠍ᠯᠠᠨ᠂ ᠠᠮᠢ ᠠᠬᠤᠶ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠤ᠂ ᠴᠡᠪᠡᠷ ᠴᠡᠯᠮᠡᠭ ᠠᠭᠠᠷ᠂ ᠥᠷᠭᠡᠨ ᠠᠭᠤᠳᠠᠮ ᠨᠣᠭᠣᠭᠠᠨ ᠦᠩᠭᠡ᠂ ᠠᠮᠢᠵᠢᠷᠠᠯ᠎ᠤᠨ ᠬᠦᠴᠦᠨ ᠢ᠋ ᠬᠠᠮᠤᠭ᠎ᠤᠨ ᠲᠦᠭᠡᠮᠡᠯ ᠬᠠᠷᠠᠭᠠᠯᠵᠠᠯᠳᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠪᠤᠯᠭᠠᠵᠤ᠂ ᠠᠮᠢ ᠠᠬᠤᠶ᠎ᠶ᠋ᠢᠨ ᠭᠤᠤ᠎ᠠ ᠰᠠᠢᠬᠠᠨ᠎ᠢ ᠬᠣᠲᠠ᠎ᠶ᠋ᠢᠨ ᠬᠠᠮᠤᠭ᠎ᠤᠨ ᠢᠯᠡ ᠲᠣᠳᠣ ᠲᠡᠮᠳᠡᠭ ᠢᠯᠡᠷᠬᠡᠢᠯᠡᠯ ᠪᠣᠯᠭᠠᠨ᠎ᠠ᠃ ᠡᠭᠦᠨ᠎ᠦ ᠬᠠᠮᠳᠤ᠂ ᠤᠯᠤᠰ᠎ᠤᠨ ᠠᠮᠢ ᠠᠬᠤᠶ᠎ᠶ᠋ᠢᠨ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ ᠎ᠢ ᠠᠵᠤ ᠦᠢᠯᠡᠰᠵᠢᠭᠦᠯᠬᠦ᠌᠂ ᠲᠥᠷᠥᠯ ᠵᠦᠶ᠋ᠯᠵᠢᠭᠦᠯᠬᠦ᠌᠂ ᠵᠠᠬ᠎ᠠ ᠳᠡᠯᠭᠡᠭᠦᠷᠴᠢᠯᠡᠬᠦ᠌ ᠲᠣᠭ᠍ᠲᠠᠴᠠ ᠪᠠ ᠠᠷᠭ᠎ᠠ ᠵᠠᠮ᠎ᠢ ᠬᠦᠴᠦᠯᠡᠨ ᠪᠠᠢᠭᠤᠯᠵᠤ᠂ ᠱᠢᠪᠲᠤᠯᠤᠯᠲᠠ᠎ᠶ᠋ᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ᠂ ᠵᠢᠱ᠌ᠢᠶ᠎ᠡ ᠦᠵᠡᠭᠦᠯᠬᠦ᠌ ᠴᠢᠨᠠᠷᠲᠠᠶ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ ᠎ᠢ ᠪᠣᠶ ᠪᠣᠯᠭᠠᠨ᠎ᠠ᠃

ᠬᠣᠶᠠᠷ᠎ᠲᠤ᠂ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠱᠢᠰᠲ᠋ᠧᠮ ᠢ᠋ ᠪᠠᠢᠭᠤᠯᠤᠨ᠎ᠠ᠃ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ᠂ ᠠᠭᠤᠰᠤᠯᠴᠠᠭᠤᠯᠬᠤ ᠴᠢᠭ᠌ᠯᠡᠯ ᠎ᠢ ᠪᠠᠷᠢᠮᠲᠠᠯᠠᠵᠤ᠂ ᠤᠨᠴᠠᠯᠢᠬ᠍ᠳᠤ ᠠᠵᠤ ᠦᠢᠯᠡᠰ᠎ᠦᠨ ᠪᠦᠯᠦᠭᠵᠢᠵᠤ ᠬᠡᠯᠬᠢᠶᠡᠵᠢᠭ᠌ᠰᠡᠨ ᠬᠥᠭ᠌ᠵᠢᠯᠲᠡ᠎ᠶ᠋ᠢ ᠲᠦᠷᠭᠡᠳᠭᠡᠨ᠎ᠡ᠃ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠎ᠶ᠋ᠢᠨ ᠲᠠᠯ᠎ᠠ᠎ᠪᠠᠷ᠂ 《ᠦᠶ᠋ᠯᠡᠳᠪᠦᠷᠢᠯᠡᠯ᠎ᠤᠨ  ᠴᠢᠳᠠᠪᠤᠷᠢ ᠵᠢ ᠳᠡᠭᠡᠭ᠌ᠰᠢᠯᠡᠬᠦᠯᠬᠦ᠂ ᠠᠱᠢᠭ ᠲᠤᠰᠠ᠎ᠶ᠋ᠢ ᠬᠣᠯᠪᠣᠯᠳᠤᠭᠤᠯᠬᠤ᠂ ᠨᠠᠷᠢᠯᠢᠭ ᠪᠣᠯᠪᠠᠰᠤᠷᠠᠭᠤᠯᠬᠤ᠂ ᠲᠦᠷᠦᠯ ᠲᠡᠮᠳᠡᠭ᠎ᠢ ᠡᠭᠦᠳᠬᠦ》 ᠳᠥᠷᠪᠡᠨ ᠵᠠᠩᠭᠢᠯᠠᠭ᠎ᠠ᠎ᠶ᠋ᠢ ᠬᠠᠮᠲᠤ᠎ᠳᠤᠨᠢ ᠠᠳᠭᠤᠵᠤ᠂ ᠱᠢᠨ᠎ᠡ ᠨᠢᠭᠡ ᠡᠭᠡᠯᠵᠢ᠎ᠶ᠋ᠢᠨ ᠮᠢᠩᠭᠠᠨ ᠳ᠋ᠦᠩᠱᠢᠭᠤᠷ ᠵᠢᠩ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠪᠠ ᠮᠢᠬᠠᠨ᠎ᠤ ᠬᠣᠨᠢ ᠦᠬᠡᠷ᠎ᠦᠨ ᠭᠠᠷᠤᠯᠲᠠ᠎ᠶ᠋ᠢ ᠨᠡᠮᠡᠭ᠌ᠳᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠤ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠣᠶ᠎ᠲᠤᠳᠤᠷᠠᠬᠢ ᠠᠵᠤ ᠠᠬᠤᠶ ᠪᠠ ᠠᠮᠢ ᠠᠬᠤᠶ᠎ᠶ᠋ᠢᠨ ᠵᠢᠭᠠᠰᠤᠨ᠎ᠤ ᠠᠵᠤ ᠠᠬᠤᠶ᠎ᠶ᠋ᠢ ᠬᠥᠭ᠌ᠵᠢᠭᠦᠯᠵᠤ᠂ 《ᠭᠤᠷᠪᠠ᠎ᠶ᠋ᠢ ᠨᠢᠭᠡ ᠴᠤᠭ᠍ᠴᠠᠵᠢᠭᠤᠯᠬᠤ》᠂《ᠭᠤᠷᠪᠠ᠎ᠶ᠋ᠢ ᠬᠤᠪᠢᠷᠠᠭᠤᠯᠬᠤ》 ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠠᠬᠦᠯᠦᠨ ᠠᠬᠢᠭᠤᠯᠵᠤ᠂ ᠡᠷᠳᠡᠨᠢ ᠱᠢᠰᠢ᠂ ᠱᠢᠷ᠎ᠠ ᠪᠤᠷᠴᠠᠭ᠂ ᠱᠢᠯᠢᠮᠳᠡᠭ᠂ ᠱᠢᠬᠢᠷ ᠯᠤᠤᠪᠠᠩ᠂ ᠰᠦ ᠵᠢᠨ ᠦᠶ᠋ᠯᠡᠰ᠂ ᠮᠢᠬᠠᠨ᠎ᠤ ᠬᠣᠨᠢ᠂ ᠮᠢᠬᠠᠨ᠎ᠤ ᠦᠬᠡᠷ ᠵᠡᠷᠭᠡ ᠲᠥᠷᠥᠯ ᠤ᠋ᠨ ᠲᠤᠭᠤᠷᠢᠨ ᠳ᠋ᠤ ᠨᠢᠭᠡ ᠪᠦᠯᠦᠭ ᠠᠵᠤ ᠦᠢᠯᠡᠰ᠎ᠦᠨ ᠬᠦᠷᠢᠶᠡᠯᠡᠩ ᠲᠣᠭᠣᠷᠢᠭ᠂ ᠲᠠᠭᠠᠭᠤᠯᠤᠬᠴᠢ ᠠᠵᠤ ᠠᠬᠤᠢᠯᠠᠯ ᠢ᠋ ᠪᠤᠢᠵᠢᠭᠤᠯᠵᠤ᠂ 《ᠬᠥᠯᠥᠨ ᠪᠣᠢᠷ᠎ᠤᠨ ᠲᠠᠯ᠎ᠠ ᠨᠤᠲᠤᠭ》 ᠤ᠋ᠨ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌ ᠤ᠋ᠨ ᠠᠯᠳᠠᠷᠱᠢᠯ᠂ ᠨᠥᠯᠥᠭᠡᠯᠡᠬᠦ᠌ ᠬᠦᠴᠦᠨ ᠢ᠋ ᠲᠡᠭᠡᠭᠰᠢᠯᠡᠬᠦᠯᠵᠤ᠂ 《ᠰᠠᠢᠨ ᠦᠢᠯᠡᠳᠬᠦᠨ᠎ᠢ ᠦᠨᠳᠦᠷ ᠦᠨ᠎ᠡ᠎ᠪᠡᠷ ᠬᠤᠳᠠᠯᠳᠤᠬᠤ》 ᠶ᠋ᠢ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ ᠤ᠋ᠨ ᠠᠵᠤ ᠦᠶ᠋ᠯᠡᠰ᠎ᠦᠨ ᠬᠡᠯᠬᠢᠶ᠎ᠡ᠎ᠶ᠋ᠢ ᠡᠴᠤᠰ ᠤ᠋ᠨ ᠭᠤᠬᠴᠤᠭ᠎ᠠ ᠪᠠ ᠳᠡᠭᠡᠳᠦ ᠲᠡᠰ ᠤ᠋ᠨ ᠭᠤᠬᠴᠤᠭ᠎ᠠ ᠲᠡᠢᠰᠢ ᠤᠷᠲᠤᠳᠭᠠᠬᠤ᠎ᠶ᠋ᠢ ᠠᠬᠢᠭᠤᠯᠤᠨ᠎ᠠ᠃ ᠱᠢᠨ᠎ᠡ ᠮᠠᠶᠢᠭ ᠤ᠋ᠨ ᠠᠵᠤ ᠦᠢᠯᠡᠳᠪᠦᠷᠢᠵᠢᠯᠲᠡ᠎ᠶ᠋ᠢᠨ ᠲᠠᠯ᠎ᠠ᠎ᠪᠠᠷ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠬᠦ᠌ ᠪᠠ ᠱᠢᠨ᠎ᠡ᠎ᠪᠡᠷ ᠮᠠᠨᠳᠤᠬᠰᠡᠨ ᠠᠵᠤ ᠦᠢᠯᠡᠰ᠎ᠢ ᠪᠤᠵᠠᠭᠠᠢᠷᠠᠭᠤᠯᠬᠤ ᠬᠣᠶᠠᠷ ᠠᠵᠢᠯ᠎ᠢ ᠰᠠᠢᠲᠤᠷ ᠬᠢᠨ᠎ᠡ᠃ ᠤᠯᠠᠮᠵᠢᠯᠠᠯᠲᠤ ᠠᠵᠤ ᠦᠢᠯᠡᠰ᠎ᠦᠨ ᠲᠠᠯ᠎ᠠ᠎ᠪᠠᠷ᠂ ᠨᠡᠭᠦᠷᠡᠰᠦᠨ᠎ᠦ ᠦᠢᠯᠡᠳᠪᠦᠷᠢᠯᠡᠯ᠎ᠦᠨ ᠴᠢᠳᠠᠪᠤᠷᠢ᠎ᠶ᠋ᠢ ᠲᠣᠭ᠍ᠲᠠᠪᠤᠷᠢᠵᠢᠭᠤᠯᠵᠤ᠂ ᠬᠦᠷᠡᠩ ᠨᠡᠭᠦᠷᠡᠰᠦ᠎ᠶ᠋ᠢ ᠲᠤᠬᠠᠢ᠎ᠶ᠋ᠢᠨ ᠭᠠᠵᠠᠷ᠎ᠲᠤᠨᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠡᠷ ᠣᠨᠳᠣᠣᠱᠢᠭᠤᠯᠤᠨ ᠠᠱᠢᠭ᠍ᠯᠠᠬᠤ᠎ᠶ᠋ᠢ ᠴᠢᠩᠭᠠᠳᠭᠠᠵᠤ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠎ᠦᠨ ᠠᠵᠤ ᠦᠢᠯᠡᠰ ᠵᠡᠷᠭᠡ ᠭᠣᠣᠯᠳᠠᠯᠭ᠎ᠠ᠎ᠲᠠᠶ ᠠᠵᠤ ᠦᠢᠯᠡᠰ᠎ᠦᠨ ᠡᠨᠧᠷᠭᠢ ᠠᠷᠪᠢᠯᠠᠨ ᠪᠣᠬᠢᠷᠲᠤᠯ ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠮᠡᠷᠭᠡᠵᠢᠯ᠎ᠦᠨ ᠥᠭᠡᠷᠡᠴᠢᠯᠡᠯᠲᠡ ᠪᠣᠯᠤᠨ ᠲᠣᠭᠠᠴᠢᠯᠠᠭ᠍ᠰᠠᠨ ᠪᠠ ᠲᠣᠭᠠᠴᠢᠯᠠᠯᠳᠠ ᠣᠶᠤᠨᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠢ ᠲᠦᠷᠭᠡᠳᠭᠡᠨ᠎ᠡ᠃ ᠱᠢᠨ᠎ᠡ᠎ᠪᠡᠷ ᠮᠠᠨᠳᠤᠬᠰᠡᠨ ᠠᠵᠤ ᠦᠢᠯᠡᠰ᠎ᠦᠨ ᠲᠠᠯ᠎ᠠ᠎ᠪᠠᠷ᠂ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ ᠤ᠋ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠶ ᠲᠥᠯᠥᠪᠵᠢᠬᠦᠯᠤᠨ ᠰᠠᠢᠲᠤᠷ ᠠᠳᠭᠤᠵᠤ᠂ ᠮᠢᠩᠭᠠᠨ ᠲᠦᠮᠡᠨ ᠺᠢᠯᠦᠸᠠᠲ᠎ᠤᠨ ᠲᠠᠰ᠎ᠤᠨ ᠴᠡᠪᠡᠷ ᠡᠨᠧᠷᠭᠢ᠎ᠶ᠋ᠢ ᠭᠠᠳᠠᠭ᠍ᠰᠢ ᠬᠦᠷᠭᠡᠬᠦ᠌ ᠱᠤᠭᠤᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ᠎ᠢ ᠱᠢᠭᠤᠳ ᠵᠠᠯᠭᠠᠬᠤ᠂ ᠨᠡᠮᠡᠭ᠌ᠳᠡᠯ ᠴᠠᠬᠢᠯᠭᠠᠨ ᠲᠦᠭᠡᠭᠡᠬᠦ᠌ ᠲᠣᠣᠷ ᠵᠡᠷᠭᠡ ᠵᠠᠭ᠍ᠪᠤᠷ᠎ᠢ ᠢᠳᠡᠪᠬᠢᠲᠡᠶ ᠬᠥᠭ᠌ᠵᠢᠭᠦᠯᠦᠨ᠂ ᠰᠠᠯᠬᠢ ᠭᠡᠷᠡᠯ᠎ᠢᠶᠡᠷ ᠤᠰᠤᠲᠥ᠋ᠷᠥᠭ᠌ᠴᠢ ᠱᠢᠪᠲᠦᠷ ᠠᠯᠺᠣᠣᠯ ᠦᠢᠯᠡᠳᠬᠦ᠌ ᠵᠡᠷᠭᠡ ᠲᠥᠷᠥᠯ ᠵᠦᠢᠯ᠎ᠢ ᠬᠥᠭ᠌ᠵᠢᠭᠦᠯᠵᠦ᠍᠂ ᠡᠷᠳᠡᠨᠢ ᠱᠢᠰᠢ᠎ᠶ᠋ᠢᠨ ᠢᠰᠭᠡᠯᠲᠡ᠂ ᠠᠮᠢᠳᠤ ᠪᠣᠳᠠᠰ᠎ᠤᠨ ᠡᠮ ᠡᠮᠨᠡᠯᠭᠡ᠂ ᠮᠠᠯ ᠠᠵᠤ ᠠᠬᠤᠶ᠎ᠲᠠᠷᠢᠶᠠᠯᠠᠩ ᠤ᠋ᠨ ᠮᠠᠱᠢᠨ ᠲᠣᠨᠣᠭ᠍ᠯᠠᠯ ᠦᠢᠯᠡᠳᠬᠦ᠌᠂ ᠬᠦᠢᠲᠡᠨ ᠭᠠᠵᠠᠷ᠎ᠤᠨ ᠲᠤᠷᠱᠢᠯᠲᠠ ᠵᠡᠷᠭᠡ ᠠᠵᠤ ᠦᠢᠯᠡᠰ᠎ᠦᠨ ᠡᠨᠧᠷᠭᠢ᠎ᠶ᠋ᠢᠨ ᠳᠡᠰ᠎ᠢ ᠳᠡᠭᠡᠭ᠌ᠰᠢᠯᠡᠭᠦᠯᠦᠨ᠂ ᠤᠢᠷ᠎ᠠ ᠤᠬᠳᠠᠷᠭᠤᠢ ᠵᠢᠨ ᠠᠵᠤ ᠠᠬᠤᠶ᠂ ᠲᠣᠭᠠᠴᠢᠯᠠᠬᠰᠡᠨ ᠠᠵᠤ ᠠᠬᠤᠶ ᠵᠡᠷᠭᠡ ᠢᠷᠡᠭᠡᠳᠦᠶ᠎ᠶ᠋ᠢᠨ ᠠᠵᠤ ᠦᠢᠯᠡᠰ᠎ᠢ ᠢᠳᠡᠪᠬᠢᠲᠡᠶ ᠪᠠᠢᠷᠢᠯᠠᠭᠤᠯᠤᠨ᠎ᠠ᠃ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠲᠠᠯ᠎ᠠ᠎ᠪᠠᠷ᠂ ᠵᠢᠭᠤᠯᠴᠢᠯᠠᠯ᠎ᠤᠨ ᠦᠶ᠋ᠯᠡᠰ ᠪᠣᠯ ᠬᠥᠯᠥᠨ ᠪᠣᠢᠷ᠎ᠤᠨ ᠬᠠᠮᠤᠭ᠎ᠤᠨ ᠲᠠᠪᠠᠭᠤᠯᠢᠭ ᠠᠵᠤ ᠦᠶ᠋ᠯᠡᠰ ᠪᠣᠯᠤᠨ᠎ᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠢᠳᠡ ᠵᠢᠭᠤᠯᠴᠢᠯᠠᠯ᠎ᠤᠨ ᠦᠶ᠋ᠯᠡᠰ᠎ᠦᠨ ᠶᠠᠰᠤ ᠴᠢᠨᠠᠷ ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠮᠣᠷᠢᠳᠠᠭ᠎ᠠ᠎ᠶᠢᠨ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ᠂ ᠣᠯᠭᠣᠶᠠ᠎ᠶ᠋ᠢᠨ  ᠦᠵᠡᠮᠵᠢ᠎ᠶ᠋ᠢᠨ ᠣᠷᠣᠨ᠂ ᠴᠠᠶ ᠾᠧ ᠦᠵᠡᠮᠵᠢ᠎ᠶ᠋ᠢᠨ ᠣᠷᠣᠨ᠂ ᠬᠥᠯᠥᠨ ᠨᠠᠭᠤᠷ᠎ᠤᠨ ᠦᠵᠡᠮᠵᠢ᠎ᠶ᠋ᠢᠨ ᠣᠷᠣᠨ ᠵᠡᠷᠭᠡ ᠨᠢᠭᠡ ᠪᠦᠯᠦᠭ ᠴᠢᠨᠠᠷ ᠰᠠᠢᠲᠠᠶ ᠦᠵᠡᠮᠵᠢ᠎ᠶ᠋ᠢᠨ ᠣᠷᠣᠨ᠎ᠢ ᠳᠡᠭᠡᠭ᠌ᠰᠢᠯᠡᠭᠦᠯᠵᠦ᠍᠂ 《ᠠᠭᠤᠰᠤᠯᠴᠠᠯ᠎ᠤᠨ ᠵᠠᠮ》᠂ 《ᠥᠪᠥᠷ ᠮᠣᠩᠭᠣᠯ᠎ᠤᠨ ᠮᠥᠰᠥ᠍ ᠴᠠᠰᠤᠨ᠎ᠤ ᠨᠠᠭᠠᠳᠤᠮ》᠂ 《ᠮᠥᠰᠥ᠍ ᠴᠠᠰᠤᠨ᠎ᠤ ᠪᠠᠭᠠᠲᠤᠷᠴᠤᠳ᠎ᠤᠨ ᠴᠤᠭ᠍ᠯᠠᠭᠠᠨ》᠂ 《ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠮᠥᠰᠥ᠍ ᠴᠠᠰᠤᠨ᠎ᠤ ᠨᠠᠢᠷ》ᠵᠡᠷᠭᠡ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠤᠨ ᠨᠥᠯᠥᠭᠡᠯᠡᠬᠦ᠌ ᠬᠦᠴᠦᠨ᠎ᠢ ᠥᠷᠭᠡᠳᠭᠡᠵᠦ᠍᠂ ᠪᠥᠬᠥ᠌ ᠤᠯᠤᠰ᠎ᠤᠨ ᠨᠠᠷᠠᠲᠤ ᠲᠠᠯ᠎ᠠ ᠨᠤᠲᠤᠭ᠎ᠤᠨ ᠣᠶ ᠰᠢᠭᠤᠢ᠎ᠶᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠤᠷᠤᠨ᠂ ᠮᠦᠰᠦ ᠴᠠᠰᠤᠨ᠎ᠤ ᠵᠢᠭᠤᠯᠴᠢᠯᠠᠯ᠎ᠤᠨ ᠬᠤᠰᠢᠭᠤᠴᠢ ᠤᠷᠤᠨ᠎ᠢ ᠴᠤᠭᠴᠠᠯᠠᠨ᠎ᠠ᠃ ᠠᠮᠢ ᠠᠬᠤᠶ ᠪᠠ ᠰᠣᠶᠣᠯ᠎ᠤᠨ ᠳᠠᠪᠠᠭᠤᠯᠢᠭ᠎ᠢ ᠪᠠᠳᠠᠷᠠᠭᠤᠯᠵᠤ᠂ ᠬᠢᠲᠠᠳ(ᠮᠣᠩᠭᠣᠯ) ᠡᠮᠨᠡᠯᠭᠡ᠎ᠶ᠋ᠢᠨ ᠳᠠᠪᠠᠭᠤᠯᠢᠭ᠂ ᠬᠡᠷ ᠭᠠᠵᠠᠷ᠎ᠤᠨ ᠬᠥᠷᠥᠩᠭᠡ᠎ᠶ᠋ᠢᠨ ᠳᠠᠪᠠᠭᠤᠯᠢᠭ᠎ᠲᠠᠶ ᠤᠶᠠᠯᠳᠤᠭᠤᠯᠤᠨ᠂ ᠵᠢᠭᠤᠯᠴᠢᠯᠠᠬᠤ ᠰᠠᠭᠤᠷᠢᠱᠢᠬᠤ ᠡᠷᠡᠭᠦᠯᠵᠢᠯ ᠰᠤᠪᠢᠯᠠᠯᠲᠠ᠎ᠶ᠋ᠢᠨ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠦᠨ᠎ᠡ᠃ ᠣᠳᠣ ᠦᠶ᠎ᠡ᠎ᠶ᠋ᠢᠨ ᠮᠥᠩᠭᠥᠨ ᠭᠦᠢᠯᠭᠡᠭᠡᠨ᠂ ᠣᠳᠣ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠂ ᠮᠡᠳᠡᠭᠡ ᠵᠠᠩᠭᠢ᠎ᠶ᠋ᠢᠨ ᠳᠠᠮᠵᠢᠭᠤᠯᠭ᠎ᠠ᠂ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ ᠦᠢᠯᠡᠴᠢᠯᠡᠭᠡᠨ᠎ᠦ ᠦᠢᠯᠡᠰ᠎ᠢ ᠲᠦᠷᠭᠡᠳᠭᠡᠨ ᠬᠥᠭ᠌ᠵᠢᠭᠦᠯᠦᠨ᠎ᠡ᠃

ᠭᠤᠷᠪᠠ᠎ᠳᠤ᠂ ᠣᠳᠣᠬᠢᠴᠢᠯᠠᠭ᠍ᠰᠠᠨ ᠣᠯᠠᠨ ᠤᠯᠤᠰ᠎ᠤᠨ ᠡᠬᠡ ᠬᠠᠭᠤᠷᠠᠢ᠎ᠶ᠋ᠢᠨ ᠭᠠᠷᠠᠮ᠎ᠢ ᠪᠦᠲᠦᠭᠡᠨ ᠪᠠᠢᠭᠤᠯᠵᠤ᠂ ᠬᠥᠯᠥᠨ ᠪᠤᠢᠷ᠎ᠦᠨ ᠭᠠᠳᠠᠭᠠᠳᠤ ᠨᠡᠭᠡᠭᠡᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠠᠭᠤᠰᠤᠯᠴᠠᠵᠤ᠂ 《ᠴᠢᠴᠢᠬᠠᠷ — ᠬᠠᠢᠯᠠᠷ — ᠮᠠᠨᠵᠤᠤᠷ》᠎ᠤ᠋ᠨ ᠬᠥᠳᠡᠯᠭᠡᠬᠦ ᠬᠦᠴᠦᠨᠲᠦ ᠭᠠᠯᠲᠦ ᠲᠡᠷᠭᠡ᠂ 《ᠬᠠᠢᠯᠠᠷ — ᠷᠠᠪᠳᠠᠯᠢᠨ — ᠾᠸᠢ ᠱᠠᠨ ᠲᠸᠦ》᠎ᠢ᠋ᠢᠨ ᠬᠢᠯᠢ ᠰᠤᠨᠳᠠᠯᠠᠭ᠍ᠰᠠᠨ ᠲᠡᠮᠦᠷ ᠵᠠᠮ ᠵᠡᠷᠭᠡ ᠴᠢᠬᠤᠯᠠ ᠶᠡᠬᠡ ᠬᠣᠯᠪᠣᠯᠳᠤᠨ ᠨᠡᠪᠲᠡᠷᠡᠯᠴᠡᠬᠦ᠌ ᠰᠠᠭᠤᠷᠢ ᠲᠦᠬᠦᠭᠡᠷᠦᠮᠵᠢ᠎ᠶ᠋ᠢᠨ ᠲᠥᠷᠥᠯ ᠵᠦᠢᠯ᠎ᠢ ᠲᠦᠷᠭᠡᠳᠭᠡᠨ ᠠᠬᠢᠭᠤᠯᠵᠤ᠂ ᠬᠢᠯᠢ᠎ᠶᠢᠨ ᠪᠣᠭᠣᠮᠲᠠ᠎ᠶ᠋ᠢᠨ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌᠎ᠶ᠋ᠢ ᠬᠡᠷᠡᠭ᠌ᠵᠢᠭᠦᠯᠵᠦ᠍᠂ ᠣᠶᠤᠨᠴᠢ ᠬᠢᠯᠢ᠎ᠶᠢᠨ ᠪᠣᠭᠣᠮᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠂ ᠪᠣᠭᠣᠮᠲᠠ᠎ᠪᠠᠷ ᠥᠩᠭᠡᠷᠡᠬᠦ᠌ ᠦᠢᠯᠡᠴᠢᠯᠡᠭᠡ ᠪᠠᠲᠤᠯᠠᠭ᠎ᠠ᠎ᠶ᠋ᠢᠨ ᠲᠦᠪᠰᠢᠨ᠎ᠢ ᠳᠡᠭᠡᠭ᠌ᠰᠢᠯᠡᠭᠦᠯᠦᠨ᠎ᠡ᠃ ᠬᠥᠯᠥᠨ ᠪᠣᠢᠷ᠎ᠤᠨ ᠤᠯᠤᠰ᠎ᠤᠨ ᠲᠠᠰ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠂ ᠬᠢᠯᠢ ᠳᠠᠭᠠᠤ᠎ᠶ᠋ᠢᠨ ᠠᠵᠤ ᠦᠶ᠋ᠯᠡᠰ᠎ᠦᠨ ᠬᠠᠮᠵᠢᠯᠴᠠᠬᠤ ᠬᠦᠷᠢᠶᠡᠯᠡᠩ ᠲᠣᠭᠣᠷᠢᠭ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠲᠣᠭᠣᠷᠢᠭ᠂ ᠵᠠᠬ᠎ᠠ᠎ᠶᠢᠨ ᠠᠷᠠᠯᠵᠢᠶᠠᠨ᠎ᠤ ᠲᠣᠭᠣᠷᠢᠭ ᠵᠡᠷᠭᠡ ᠲᠠᠪᠴᠠᠩ᠎ᠳᠤ ᠲᠦᠱᠢᠭ᠌ᠯᠡᠨ᠂ ᠭᠠᠳᠠᠭᠠᠳᠤ ᠤᠷᠤᠭᠤᠯᠤᠯᠲᠠ ᠭᠠᠷᠭᠠᠯᠲᠠ᠎ᠶᠢᠨ ᠠᠷᠠᠯᠵᠢᠶ᠎ᠠ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡ᠂ ᠭᠠᠢᠯᠢ ᠪᠠᠲᠤᠯᠠᠵᠤ ᠬᠥᠮᠥᠷᠭᠡᠯᠡᠨ ᠬᠠᠳᠠᠭᠠᠯᠠᠬᠤ᠂ ᠬᠢᠯᠢ ᠠᠯᠤᠰᠯᠠᠨ ᠵᠢᠭᠤᠯᠴᠢᠯᠠᠬᠤ ᠵᠡᠷᠭᠡ ᠲᠤᠬᠠᠢᠯᠠᠭ᠍ᠰᠠᠨ ᠠᠵᠢᠯ᠎ᠢ ᠬᠥᠭ᠌ᠵᠢᠭᠦᠯᠵᠦ᠍᠂ ᠱᠢᠲᠠᠮᠠᠬᠠᠶ ᠬᠡᠶ᠂ ᠠᠭᠤᠷᠬᠠᠶ᠎ᠶ᠋ᠢᠨ ᠭᠠᠷᠤᠯᠲᠠ᠂ ᠠᠮᠤ ᠪᠤᠳᠠᠭ᠎ᠠ ᠵᠡᠷᠭᠡ᠎ᠶ᠋ᠢ ᠰᠠᠭᠤᠷᠢᠱᠢᠭᠤᠯᠵᠤ ᠡᠳ᠋ᠱᠢᠭᠦᠯᠬᠦ᠌ ᠴᠢᠳᠠᠪᠤᠷᠢ᠎ᠶ᠋ᠢ ᠴᠢᠩᠭᠠᠷᠠᠭᠤᠯᠤᠨ᠂ ᠪᠠᠷᠠᠭᠠᠨ᠎ᠤ ᠭᠦᠶ᠋ᠯᠭᠡᠭᠡ᠂ ᠠᠷᠠᠯᠵᠢᠶ᠎ᠠ᠂ ᠡᠳ᠋ᠱᠢᠭᠦᠯᠬᠦ᠌᠂ ᠦᠶ᠋ᠯᠡᠴᠢᠯᠡᠬᠦ᠌ ᠵᠡᠷᠭᠡ ᠶᠡᠷᠦᠩᠬᠡᠢᠯᠡᠭ᠌ᠰᠡᠨ ᠴᠢᠨᠠᠷᠲᠠᠶ ᠴᠢᠳᠠᠮᠵᠢ᠎ᠲᠠᠶ ᠣᠳᠣᠬᠢᠴᠢᠯᠠᠭ᠍ᠰᠠᠨ ᠣᠯᠠᠨ ᠤᠯᠤᠰ᠎ᠤᠨ ᠡᠬᠡ ᠬᠠᠭᠤᠷᠠᠶ᠎ᠶ᠋ᠢᠨ ᠭᠠᠷᠠᠮ᠎ᠢ ᠪᠠᠢᠭᠤᠯᠤᠨ᠎ᠠ᠃

ᠲᠦᠷᠪᠡ᠎ᠳᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭᠠᠨ᠎ᠠ᠃ ᠮᠠᠯᠵᠢᠬᠤ ᠣᠷᠣᠨ᠂ ᠱᠢᠭᠤᠢᠲᠤ ᠣᠷᠣᠨ᠂ ᠲᠠᠷᠢᠶᠠᠯᠠᠬᠤ ᠣᠷᠣᠨ᠂ ᠬᠣᠲᠠ᠎ᠶ᠋ᠢᠨ ᠲᠣᠭᠣᠷᠢᠭ 《ᠳᠥᠷᠪᠡᠨ ᠤᠷᠤᠨ ᠲᠣᠭᠣᠷᠢᠭ》᠎ᠲᠤ᠌ ᠤᠨᠢᠨ ᠲᠡᠬᠡᠷ᠎ᠡ ᠨᠢ ᠲᠥᠷᠥᠯ ᠬᠤᠪᠢᠶᠠᠨ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠲᠣᠰ ᠲᠣᠰ᠎ᠤᠨ ᠣᠷᠣᠨ ᠪᠦᠰᠡ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠠᠵᠢᠯ ᠣᠯᠭᠣᠬᠤ ᠬᠡᠪᠴᠢᠶ᠎ᠡ᠎ᠶ᠋ᠢ ᠥᠷᠭᠡᠳᠭᠡᠵᠦ᠍᠂ ᠠᠵᠢᠯ ᠣᠯᠭᠣᠬᠤ ᠪᠦᠲᠦᠴᠡ᠎ᠶ᠋ᠢ ᠰᠠᠢᠵᠢᠷᠠᠭᠤᠯᠤᠨ᠎ᠠ᠃ ᠣᠷᠣᠨ ᠪᠦᠰᠡ᠎ᠶ᠋ᠢᠨ ᠰᠤᠷᠭᠠᠨ ᠬᠥᠮᠦᠵᠢᠯ᠎ᠦᠨ ᠡᠬᠢ ᠪᠠᠶᠠᠯᠢᠭ ᠪᠠ ᠪᠠᠭ᠍ᠰᠢ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠨᠢᠭᠡ ᠪᠦᠯᠦᠭ 《ᠭᠡᠷ᠎ᠦᠨ ᠡᠭᠦᠳᠡᠨ᠎ᠳᠡᠬᠢ ᠰᠠᠢᠨ ᠬᠡᠦᠬᠡᠳ᠎ᠦᠨ ᠴᠡᠴᠡᠷᠯᠢᠭ ᠪᠠ ᠰᠠᠢᠨ ᠰᠤᠷᠭᠠᠭᠤᠯᠢ》 ᠶ᠋ᠢ ᠪᠠᠢᠭᠤᠯᠵᠤ᠂ ᠮᠥᠰᠥ᠍ ᠴᠠᠰᠤ᠂ ᠪᠤᠢᠺᠤ ᠪᠥᠮᠪᠥᠭᠡ ᠵᠡᠷᠭᠡ ᠤᠯᠠᠮᠵᠢᠯᠠᠯᠲᠤ ᠣᠨᠴᠠᠯᠢᠭ᠍ᠲᠤ ᠲᠡᠮᠢᠷ᠎ᠤᠨ ᠬᠥᠳᠡᠯᠭᠡᠭᠡᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠎ᠶ᠋ᠢ ᠠᠬᠢᠭᠤᠯᠵᠤ᠂ ᠥᠷᠭᠡᠨ ᠣᠯᠠᠨ ᠲᠦᠮᠡᠨ᠎ᠦ ᠰᠤᠷᠭᠠᠨ ᠬᠥᠮᠦᠵᠢᠯ᠎ᠢ ᠮᠡᠳᠡᠷᠡᠬᠦ᠌ ᠬᠡᠮᠵᠢᠶ᠎ᠡ ᠪᠠ ᠬᠠᠨᠤᠮᠵᠢ᠎ᠲᠠᠢ ᠪᠠᠢᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠠᠯᠪᠠᠨ᠎ᠡᠴᠡ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠲᠡᠩᠴᠡᠭᠦᠷᠢᠲᠡᠶ ᠪᠠᠢᠷᠢᠱᠢᠭᠤᠯᠬᠤ᠎ᠶ᠋ᠢ ᠠᠬᠢᠭᠤᠯᠤᠨ᠂ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠱᠢᠶᠠᠨ᠎ᠤ ᠬᠡᠪᠴᠢᠶᠡᠨ᠎ᠦ ᠨᠡᠢᠳᠭᠡᠭᠰᠡᠨ ᠬᠡᠯᠪᠡᠷᠢ᠎ᠶ᠋ᠢᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠤᠨ᠎ᠠ᠃ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠨᠢᠭᠡ ᠪᠦᠯᠦᠭ ᠰᠠᠭᠤᠭᠠᠯᠢ ᠠᠷᠠᠳ᠎ᠤᠨ ᠬᠠᠭᠤᠴᠢᠨ ᠲᠣᠭᠣᠷᠢᠭ ᠪᠣᠯᠤᠨ ᠬᠤᠳᠠ᠎ᠶ᠋ᠢᠨ ᠳᠤᠮᠳᠠᠬᠢ ᠲᠣᠰᠭᠣᠨ (ᠪᠠᠢᠱᠢᠩ ᠭᠡᠷ᠎ᠦᠨ ᠲᠣᠭᠣᠷᠢᠭ)᠎ᠤ᠋ ᠥᠭᠡᠷᠡᠴᠢᠯᠡᠯᠲᠡ᠎ᠶ᠋ᠢ ᠴᠢᠨᠠᠷ ᠰᠠᠢᠲᠠᠢ ᠬᠡᠷᠡᠭ᠌ᠵᠢᠭᠦᠯᠵᠦ᠍᠂ ᠵᠠᠮ᠂ ᠴᠢᠮᠡᠭᠡ ᠬᠣᠯᠪᠣᠭ᠎ᠠ᠂ ᠢᠯᠴᠢ ᠬᠠᠩᠭᠠᠬᠤ᠂ ᠤᠰᠤ ᠬᠠᠩᠭᠠᠬᠤ᠂ ᠤᠰᠤ ᠭᠠᠳᠠᠭ᠍ᠰᠢᠯᠠᠭᠤᠯᠬᠤ᠂ ᠪᠣᠬᠢᠷ ᠤᠰᠤ ᠬᠣᠭ ᠨᠣᠪᠰᠢ᠎ᠶ᠋ᠢ ᠱᠢᠢᠳᠪᠦᠷᠢᠯᠡᠬᠦ᠌ ᠵᠡᠷᠭᠡ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠨᠥᠬᠥᠪᠥᠷᠢᠯᠡᠵᠦ᠍᠂ ᠤᠯᠠᠨ ᠲᠦᠮᠡᠨ᠎ᠦ ᠲᠤᠰᠭᠠᠯ ᠨᠡᠯᠢᠶᠡᠳ ᠲᠥᠪᠯᠡᠷᠡᠭ᠌ᠰᠡᠨ ᠠᠳᠠᠯ ᠠᠬᠤᠢ ᠵᠢᠨ ᠬᠠᠮᠢᠶᠠᠷᠤᠯᠳᠠ ᠪᠣᠯᠤᠨ ᠲᠡᠷᠭᠡ ᠵᠣᠭ᠍ᠰᠣᠬᠤ ᠠᠰᠠᠭᠤᠳᠠᠯ᠎ᠢ ᠰᠠᠢᠲᠤᠷ ᠱᠢᠢᠳᠪᠦᠷᠢᠯᠡᠨ᠎ᠡ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠰ ᠪᠠ ᠠᠵᠤ ᠦᠢᠯᠡᠰ᠎ᠢ ᠬᠠᠮᠵᠢᠯᠴᠠᠭᠤᠯᠤᠨ ᠬᠥᠭ᠌ᠵᠢᠭᠦᠯᠬᠦ᠌ ᠲᠣᠭ᠍ᠲᠠᠴᠠ᠎ᠶ᠋ᠢ ᠪᠦᠷᠢᠨᠰᠢᠭᠦᠯᠵᠦ᠍᠂ ᠬᠤᠳᠠ ᠬᠥᠳᠡᠭᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠣᠣᠷ᠎ᠢ ᠲᠡᠭᠦᠯᠳᠡᠷᠵᠢᠭᠦᠯᠦᠨ᠎ᠡ᠃ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠤᠯᠠᠨ ᠲᠦᠮᠡᠨ᠎ᠳᠦ ᠦᠢᠯᠡᠴᠢᠯᠡᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠩ ᠥᠨᠳᠥᠷ ᠲᠦᠪᠱᠢᠨ᠎ᠳᠦ ᠬᠦᠷᠭᠡᠬᠦ᠌᠎ᠶ᠋ᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号