ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ᠎ᠢᠶᠡᠷ᠂ ᠤᠯᠠᠭᠠᠨᠬᠠᠳᠠ ᠬᠣᠲᠠ ᠠᠵᠢᠯ ᠣᠯᠭᠣᠵᠤ ᠦᠶ᠋ᠯᠡᠰ ᠪᠣᠰᠭᠠᠬᠤ ᠦᠶ᠋ᠯᠡᠴᠢᠯᠡᠭᠡ᠎ᠶ᠋ᠢ 《ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠶᠠᠬᠡ ᠲᠠᠬᠡᠲᠤ ᠰᠤᠷᠭᠠᠭᠤᠯᠢ ᠲᠠᠬᠦᠰᠦᠭᠰᠡᠳ ᠲᠸ᠋ ᠨᠠᠷᠢᠯᠢᠭ ᠤᠨᠤᠴᠠᠲᠠᠢ ᠠᠵᠢᠯ ᠣᠯᠭᠣᠬᠤ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠠᠢ᠃
ᠲᠤᠰ ᠬᠤᠳᠠ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ ᠬᠡᠷᠡᠭ᠌ᠴᠡᠭᠡ᠎ᠶ᠋ᠢᠨ ᠲᠣᠭᠣᠷᠢᠨ᠎ᠳᠤ᠂ ᠠᠵᠢᠯ ᠣᠯᠭᠣᠵᠤ ᠦᠢᠯᠡᠰ ᠪᠤᠰᠭᠠᠬᠤ ᠪᠣᠯᠪᠠᠰᠤᠷᠠᠯ ᠵᠢᠴᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 17 ᠬᠤᠭᠤᠴᠠᠭ᠎ᠠ ᠥᠷᠨᠢᠭᠦᠯᠵᠦ᠍᠂ 1200 ᠭᠠᠷᠤᠢ ᠵᠠᠯᠠᠭᠤᠴᠤᠳ᠎ᠲᠤ ᠦᠢᠯᠡᠴᠢᠯᠡᠠ᠂ ᠵᠠᠯᠠᠭᠤᠴᠤᠳ᠎ᠢ ᠬᠠᠪᠰᠤᠷᠤᠨ ᠠᠵᠢᠯ ᠣᠯᠭᠣᠯᠲᠠ᠎ᠶ᠋ᠢᠨ ᠴᠢᠭ᠌ᠯᠡᠯ᠎ᠢ ᠨᠢ ᠲᠣᠳᠣᠷᠬᠠᠢᠯᠠᠵᠤ᠂ ᠦᠢᠯᠡᠰ ᠪᠤᠰᠭᠠᠬᠤ ᠴᠢᠳᠠᠪᠤᠷᠢ᠎ᠶ᠋ᠢ ᠨᠢ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠰᠤᠷᠭᠠᠭᠤᠯᠢ ᠪᠠ ᠠᠵᠤ ᠠᠬᠤᠢᠯᠠᠯ᠎ᠢ ᠵᠣᠯᠭᠠᠭᠤᠯᠬᠤ ᠬᠥᠭᠥᠷᠭᠡ᠎ᠶ᠋ᠢ ᠢᠳᠡᠪᠬᠢᠲᠡᠶ ᠪᠠᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠲᠤᠰᠭᠠᠶ ᠠᠵᠢᠯᠲᠠᠨ ᠡᠯᠰᠡᠬᠦ᠌ ᠴᠤᠭᠯᠠᠭᠠᠨ᠎ᠢ 11 ᠲᠠᠯᠠᠪᠤᠷ ᠡᠷᠭᠢᠯᠡᠵᠦ᠍᠂ ᠶᠠᠬᠡ ᠲᠡᠬᠡᠲᠤ ᠰᠤᠷᠭᠠᠭᠤᠯᠢ ᠲᠠᠬᠦᠰᠦᠭᠰᠡᠳ ᠲᠸ᠋ ᠡᠯᠪᠡᠭ ᠪᠠᠶᠠᠯᠢᠭ ᠠᠵᠢᠯ᠎ᠤᠨ ᠪᠠᠢᠷᠢ᠎ᠶ᠋ᠢᠨ ᠰᠣᠩᠭᠣᠯᠲᠠ ᠬᠠᠩᠭᠠᠵᠤ᠂ 1313 ᠬᠥᠮᠦᠨ ᠠᠵᠢᠯ ᠤᠯᠬᠤ ᠰᠠᠨᠠᠮᠵᠢ ᠲᠣᠭ᠍ᠲᠠᠪᠠ᠃
ᠡᠭᠦᠨ᠎ᠡᠴᠡ ᠭᠠᠳᠠᠨ᠎ᠠ᠂ ᠤᠯᠠᠭᠠᠨᠬᠠᠳᠠ ᠬᠣᠲᠠ ᠠᠵᠢᠯ᠎ᠤᠨ ᠪᠠᠢᠷᠢ᠎ᠶ᠋ᠢᠨ ᠬᠠᠩᠭᠠᠯᠭ᠎ᠠ᠎ᠶ᠋ᠢ ᠢᠳᠡᠪᠬᠢᠲᠡᠶ ᠥᠷᠭᠡᠳᠭᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ 7525 ᠬᠠᠡᠭᠭᠠᠵᠤ᠂ ᠡᠯ᠎ᠡ ᠬᠣᠱᠢᠭᠤ ᠱᠢᠶᠠᠨ ᠲᠣᠭᠣᠷᠢᠭ᠎ᠤᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠭᠦᠨᠵᠡᠭᠡᠢᠷᠡᠨ 《ᠠᠵᠤ ᠠᠬᠤᠢᠯᠠᠯ᠎ᠢ ᠰᠤᠷᠪᠤᠯᠵᠢᠯᠠᠨ ᠠᠵᠢᠯ᠎ᠤᠨ ᠪᠠᠢᠷᠢ᠎ᠶ᠋ᠢ ᠥᠷᠭᠡᠳᠭᠡᠬᠦ》᠂ ᠵᠠᠬ᠎ᠠ ᠳᠡᠯᠭᠡᠭᠦᠷᠴᠢᠯᠡᠭ᠌ᠰᠡᠨ ᠠᠵᠢᠯ᠎ᠤᠨ ᠪᠠᠢᠷᠢ᠎ᠶ᠋ᠢ 2048 ᠠᠭᠤᠳᠠᠯᠵᠤ᠂ ᠵᠠᠯᠠᠭᠤᠴᠤᠳ᠎ᠤᠨ ᠠᠵᠢᠯ ᠣᠯᠭᠣᠯᠲᠠ᠎ᠳᠤ ᠪᠠᠲᠤᠯᠠᠭ᠎ᠠ ᠬᠠᠩᠭᠠᠵᠠᠢ᠃