ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠦᠶ᠋ᠯᠡ ᠠᠵᠢᠯᠯᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠳᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠤᠨ᠎ᠠ
2025-12-30 16:21:28
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠦᠨᠲᠤᠰᠤᠲᠠᠨ ᠤ᠋ ᠬᠡᠷᠡᠭ ᠡᠷᠬᠢᠯᠡᠬᠦ ᠵᠦᠪᠯᠡᠯ ᠡᠴᠠ ᠤᠢᠯᠠᠭᠠᠭᠰᠠᠨ᠎ᠢᠶᠡᠷ᠂ ᠣᠢᠷ᠎ᠠ᠎ᠳᠤ᠂ ᠲᠦᠩᠯᠢᠶᠣᠤ ᠬᠣᠲᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠦᠶ᠋ᠯᠡ ᠠᠵᠢᠯᠯᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭ᠍ᠲᠠ ᠲᠣᠬᠢᠷᠠᠭᠤᠯᠤᠯᠲᠠ᠎ᠪᠠᠷ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠪᠠᠢᠷᠢᠱᠢᠯ᠎ᠢ ᠪᠠᠢᠭᠤᠯᠵᠤ᠂ ᠥᠯᠢᠭᠡᠷ ᠳᠠᠭᠤᠷᠢᠶᠠᠯ᠎ᠤᠨ ᠬᠦᠴᠦᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃ 

ᠲᠦᠩᠯᠢᠶᠣᠤ ᠬᠣᠲᠠ᠎ᠶ᠋ᠢᠨ ᠬᠢᠨ ᠣᠯᠠᠨ ᠬᠠᠷᠠᠭᠠᠰᠤ᠂ ᠣᠯᠠᠨ ᠠᠷᠭ᠎ᠠ ᠬᠡᠯᠪᠡᠷᠢ᠎ᠪᠡᠷ ᠵᠢᠱ᠌ᠢᠶᠡᠴᠢ ᠲᠡᠷᠢᠭᠦᠨ᠎ᠦ ᠦᠢᠯᠡ ᠠᠵᠢᠯᠯᠠᠭ᠎ᠠ᠎ᠶ᠋ᠢ ᠠᠭᠤᠳᠠᠯᠤᠨ ᠤᠬᠠᠭᠤᠯᠵᠤ᠂ ᠪᠦᠬᠦ᠌ ᠨᠡᠢᠭᠡᠮ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠲᠦ ᠣᠷᠣᠯᠴᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠠᠢ᠃ ᠲᠦᠩᠯᠢᠶᠣᠤ ᠬᠣᠲᠠ᠎ᠶ᠋ᠢᠨ ᠦᠨᠲᠤᠰᠤᠲᠠᠨ ᠤ᠋ ᠬᠡᠷᠡᠭ ᠡᠷᠬᠢᠯᠡᠬᠦ ᠵᠥᠪᠯᠡᠯ ᠲᠤᠰᠭᠠᠶ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠤᠬᠠᠭᠤᠯᠤᠨ ᠲᠠᠢᠯᠪᠤᠷᠢᠯᠠᠬᠤ ᠠᠭᠤᠯᠭ᠎ᠠ ᠪᠠ ᠬᠡᠯᠪᠡᠷᠢ᠎ᠶ᠋ᠢ ᠲᠣᠳᠣᠷᠬᠠᠢᠯᠠᠨ᠂ ᠲᠤᠱᠢᠶᠠᠯ ᠬᠠᠷᠢᠭᠤᠴᠠᠯᠭ᠎ᠠ᠎ᠶ᠋ᠢ ᠲᠦᠷᠦᠭᠦᠯᠡᠨ ᠭᠦᠶ᠋ᠴᠡᠳᠭᠡᠵᠦ᠍᠂ ᠤᠬᠠᠭᠤᠯᠤᠨ ᠲᠠᠢᠯᠪᠤᠷᠢᠯᠠᠬᠤ ᠮᠠᠲ᠋ᠧᠷᠢᠶᠠᠯ᠎ᠢ ᠴᠢᠩᠭ᠎ᠠ ᠠᠳᠭᠤᠨ᠂ ᠠᠭᠤᠯᠭ᠎ᠠ᠎ᠶ᠋ᠢᠨ ᠤᠯᠤᠰ ᠲᠥᠷᠥᠴᠢ ᠴᠢᠨᠠᠷ᠂ ᠨᠡᠢᠲᠡᠯᠢᠭ ᠴᠢᠨᠠᠷ ᠪᠠ ᠦᠨᠡᠨ ᠪᠣᠳᠠᠲᠤ ᠴᠢᠨᠠᠷ᠎ᠢ ᠦᠨᠡᠨ ᠬᠦ᠌ ᠪᠠᠲᠤᠯᠠᠵᠠᠢ᠃ 

ᠡᠭᠦᠨ᠎ᠦ ᠬᠠᠮᠲᠤ᠂ ᠪᠥᠬᠥ᠌ ᠬᠣᠲᠠ᠎ᠳᠤ 70 ᠭᠠᠷᠤᠶ ᠵᠢᠱ᠌ᠢᠶᠡᠴᠢ ᠤᠬᠠᠭᠤᠯᠤᠨ ᠲᠠᠢᠯᠪᠤᠷᠢᠯᠠᠭ᠍ᠴᠢ᠎ᠶ᠋ᠢᠨ ᠡᠩᠨᠡᠭᠡ᠎ᠶ᠋ᠢ ᠪᠠᠢᠭᠤᠯᠵᠤ᠂ ᠡᠯ᠎ᠡ ᠭᠠᠵᠠᠷ᠎ᠤᠨ ᠤᠬᠠᠭᠤᠯᠤᠨ ᠲᠠᠢᠯᠪᠤᠷᠢᠯᠠᠬᠤ ᠠᠵᠢᠯ᠎ᠳᠤ ᠵᠢᠯᠣᠭᠣᠳᠣᠯᠭ᠎ᠠ ᠪᠠ ᠪᠠᠲᠤᠯᠠᠭ᠎ᠠ ᠬᠠᠩᠭᠠᠪᠠ᠃ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ ᠬᠢᠨ ᠬᠣᠲᠠ᠎ᠶ᠋ᠢᠨ ᠱᠠᠲᠤᠨ᠎ᠤ ᠪᠠᠢᠷᠢᠯᠠᠭᠤᠯᠤᠯᠲᠠ᠎ᠪᠠᠷ ᠪᠠᠷᠢᠮᠵᠢᠶ᠎ᠠ ᠪᠣᠯᠭᠠᠵᠤ᠂ ᠲᠣᠰ ᠭᠠᠵᠠᠷ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠳᠡᠭᠡᠷ᠎ᠠ ᠲᠤᠤᠷ᠎ᠠ ᠱᠠᠲᠤ ᠪᠠᠷ᠎ᠢᠶᠠᠨ ᠨᠡᠪᠲᠡᠷᠡᠯᠴᠡᠭ᠌ᠰᠡᠨ᠂ ᠵᠣᠬᠢᠴᠠᠯᠳᠤᠨ ᠬᠣᠯᠪᠣᠭᠠᠯᠠᠨ ᠬᠥᠳᠡᠯᠦᠯᠴᠡᠭ᠌ᠰᠡᠨ ᠠᠵᠢᠯ᠎ᠤᠨ ᠪᠢᠲᠡᠭᠦᠦ ᠴᠠᠭᠠᠷᠢᠭ᠎ᠢ ᠪᠣᠶ ᠪᠣᠯᠭᠠᠵᠤ᠂ ᠵᠢᠱ᠌ᠢᠶᠡᠴᠢ ᠦᠶ᠋ᠯᠡ ᠠᠵᠢᠯᠯᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号