ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ ᠠᠢ ᠯᠢ ᠬᠤᠸᠠ᠂ ᠡᠸ᠋ ᠶᠠᠨ ᠭᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠲᠤᠰ ᠲᠤᠰ ᠤᠯᠠᠭᠠᠨᠬᠠᠳᠠ ᠬᠤᠳᠠ᠂ ᠬᠥᠯᠥᠨ ᠪᠤᠢ᠌ᠷ ᠬᠤᠳᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠠᠶ ᠯᠢ ᠬᠤᠸᠠ ᠤᠯᠠᠭᠠᠨᠬᠠᠳᠠ ᠳᠡᠭᠡᠳᠦ ᠰᠤᠷᠭᠠᠭᠤᠯᠢ᠎ᠳᠤ ᠬᠦᠷᠴᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠳᠤᠮᠳᠠ᠂ ᠠᠢ ᠯᠢ ᠬᠤᠸᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ ᠵᠢᠨ ᠬᠤᠭᠤᠴᠠᠭᠠᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ᠎ᠳᠠᠬᠢ ᠴᠢᠬᠤᠯᠠ ᠪᠠᠢᠷᠢ ᠰᠠᠭᠤᠷᠢ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢᠴᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠬᠡᠷᠬᠢᠨ ᠪᠢᠴᠢᠭ᠌ᠯᠡᠬᠦ᠌ ᠵᠡᠷᠭᠡ ᠭᠣᠣᠯ ᠠᠭᠤᠯᠭ᠎ᠠ᠎ᠶ᠋ᠢᠨ ᠲᠣᠭᠣᠷᠢᠨ᠎ᠳᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠠ ᠭᠦᠨᠵᠡᠭᠡᠢ ᠲᠠᠢᠯᠤᠮᠵᠢ ᠬᠢᠵᠦ᠂ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠎ᠳᠤ ᠣᠨᠣᠪᠴᠢᠲᠠᠢ ᠵᠢᠯᠤᠭᠤᠳᠤᠯᠭ᠎ᠠ ᠬᠠᠩᠭᠠᠪᠠ᠃
ᠡᠦ ᠶᠠᠨ ᠭᠠᠩ ᠬᠥᠯᠥᠨ ᠪᠤᠢ᠌ᠷ ᠳᠡᠭᠡᠳᠦ ᠰᠤᠷᠭᠠᠭᠤᠯᠢ᠎ᠳᠤ ᠬᠦᠷᠴᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠡᠦ ᠶᠠᠨ ᠭᠠᠩ ᠪᠥᠬᠥᠳᠡ ᠬᠤᠷᠠᠯ ᠬᠤᠷᠠᠯᠳᠤᠬᠰᠠᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠨ ᠡᠵᠡᠮᠱᠢᠬᠦ᠌᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ ᠵᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠠ ᠭᠤᠤᠯ ᠬᠠᠷᠠᠯᠲᠠ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠪᠠ ᠬᠦᠨᠵᠡᠬᠡᠢ ᠪᠦᠬᠡᠳ ᠤᠢᠯᠠᠭᠠᠮᠵᠢᠳᠠᠢ ᠲᠠᠢᠯᠪᠤᠷᠢᠯᠠᠯᠳᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠲᠠᠢᠯᠤᠮᠵᠢ ᠬᠢᠵᠡᠶ᠃ ᠡᠦ ᠶᠠᠨ ᠭᠠᠩ᠂ ᠵᠠᠯᠠᠭᠤ ᠤᠶᠤᠲᠠᠳ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠠᠭᠤᠳᠠᠮ ᠲᠠᠪᠴᠠᠩ ᠳᠡᠭᠡᠷ᠎ᠡ ᠥᠪᠥᠷ ᠮᠣᠩᠭᠣᠯ᠎ᠤᠨ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠢᠯᠡᠷᠡᠭᠦᠯᠵᠦ᠍᠂ ᠵᠠᠯᠠᠭᠤ ᠨᠠᠰᠤᠨ᠎ᠤ ᠤᠶᠤᠨ ᠤᠬᠠᠭᠠᠨ᠎ᠢᠶᠠᠨ ᠡᠷᠭᠦᠵᠦ᠍᠂ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠳᠦ ᠬᠦᠷᠴᠦ᠍᠂ ᠺᠠᠳ᠋ᠷ ᠠᠵᠢᠯᠳᠠᠳ ᠲᠦ᠍ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠪᠡ᠃ ᠴᠢ᠊ ᠪᠠᠲᠤ ᠪᠥᠬᠥᠳᠡ ᠬᠤᠷᠠᠯ ᠬᠤᠷᠠᠯᠳᠤᠭ᠍ᠰᠠᠨ ᠴᠢᠬᠤᠯᠠ ᠶᠡᠬᠡ ᠠᠴᠢ ᠬᠣᠯᠪᠣᠭ᠍ᠳᠠᠯ ᠵᠢᠴᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ ᠵᠢᠨ ᠬᠤᠭᠤᠴᠠᠭᠠᠨ᠎ᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠᠬᠢ ᠴᠢᠬᠤᠯᠠ ᠪᠠᠢᠷᠢ ᠰᠠᠭᠤᠷᠢ᠎ᠶ᠋ᠢ ᠱᠢᠰᠲ᠋ᠧᠮ᠎ᠲᠡᠶ ᠲᠠᠢᠯᠪᠤᠷᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ ᠵᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠭᠦᠨᠵᠡᠭᠡᠶ ᠲᠠᠢᠯᠪᠤᠷᠢᠯᠠᠵᠤ᠂ ᠣᠯᠠᠨ᠎ᠢᠶᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠠᠭᠠᠷᠳᠠᠯᠭ᠎ᠠ ᠶᠣᠰᠣᠭᠠᠷ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃