ᠢᠷᠡᠭᠡᠳᠦᠶ ᠢ᠋ᠢᠨ ᠠᠵᠤ ᠦᠶ᠋ᠯᠡᠰ ᠦᠷᠨᠢᠩᠬᠦᠢ ᠬᠦᠭᠵᠢᠵᠤ ᠬᠦᠭᠵᠢᠯᠳᠡ ᠢ᠋ᠢᠨ ᠵᠠᠮ ᠵᠤᠷᠠᠢᠪᠠ
2025-12-30 09:39:48
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

— ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠤ᠋ᠨ ᠪᠠᠢᠭᠤᠯᠤᠯᠳᠡ᠎ᠠᠴᠠ ᠥᠪᠥᠷ ᠮᠣᠩᠭᠣᠯ ᠤ᠋ᠨ ᠠᠵᠤ ᠠᠬᠤᠶ ᠢ᠋ᠢᠨ ᠲᠣᠭ᠍ᠲᠠᠭᠤᠨ᠎ᠤ ᠲᠤᠮᠳᠠᠬᠢ ᠰᠠᠢᠵᠢᠷᠠᠯᠳᠡ ᠢ᠋ᠢ ᠬᠠᠷᠠᠬᠤᠢ

   

《ᠳ᠋ᠦᠩ ᠱᠢᠩ ᠡᠨᠧᠷᠭᠢ ᠨᠥᠭᠡᠴᠡᠯᠡᠬᠦ᠌ ᠴᠠᠬᠢᠯᠭᠠᠨ ᠥᠷᠲᠡᠭᠡ ᠴᠠᠬᠢᠯᠭᠠᠨ ᠴᠡᠨᠡᠭ᠌ᠯᠡᠬᠦ᠌ ᠡᠬᠦᠷᠬᠡ ᠪᠡᠨ 5 ᠤᠳᠠᠭ᠎ᠠ ᠪᠡᠶᠡᠯᠡᠭᠦᠯᠵᠦ᠍᠂ ᠲᠥᠬᠥᠭᠡᠷᠦᠮᠵᠢ ᠢ᠋ᠢᠨ ᠠᠵᠢᠯᠯᠠᠭ᠎ᠠ ᠬᠡᠪ ᠤ᠋ᠨ ᠪᠠᠢᠳᠠᠯ᠎ᠲᠠᠢ ᠪᠠᠢᠨ᠎ᠡ!》 11 ᠰᠠᠷ᠎ᠠ ᠢ᠋ᠢᠨ 30 ᠤ᠋ ᠡᠳᠦᠷ ᠤ᠋ᠨ 21 ᠴᠠᠭ 59 ᠮᠢᠨᠦ᠋ᠲ ᠲᠦ᠍ ᠳᠤᠮᠳᠠᠳᠤ ᠤᠯᠤᠰ ᠤ᠋ᠨ ᠪᠣᠬᠢᠷᠲᠤᠯ ᠥᠬᠡᠶ ᠴᠠᠬᠢᠯᠭᠠᠨ (ᠦᠬᠠᠶ)᠎ᠤ᠋ ᠨᠦᠬᠡᠴᠡ ᠡᠨ᠋ᠸᠷᠬᠢ ᠢ᠋ᠢᠨ ᠬᠢᠵᠠᠭᠠᠷᠳᠤ ᠺᠤᠮᠫᠠᠨᠢ 20 ᠲᠦᠮᠡᠨ ᠺᠢᠯᠦᠸᠠᠲ / 80 ᠲᠦᠮᠡᠨ ᠺᠢᠯᠦᠸᠠᠲ ᠴᠠᠭ ᠤ᠋ᠨ ᠬᠠᠭᠠᠰ ᠬᠠᠲᠠᠭᠤ ᠪᠡᠶᠡᠲᠦ ᠴᠡᠨᠡᠭ ᠤ᠋ᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ ᠢ᠋ᠢᠨ ᠲᠥᠷᠥᠯ ᠵᠦᠶ᠋ᠯ᠎ᠠᠮᠵᠢᠯᠳᠡ ᠲᠠᠢ ᠪᠡᠷ ᠲᠤᠤᠷ ᠲᠦ᠍ ᠨᠠᠢᠯᠡᠬᠦᠯᠦᠨ ᠠᠰᠢᠭᠯᠠᠯᠳᠡ ᠳ᠋ᠤ᠌ ᠤᠷᠤᠪᠡ᠃

ᠡᠨᠡ ᠨᠢ ᠮᠠᠨ᠎ᠤ ᠤᠯᠤᠰ ᠤ᠋ᠨ ᠮᠠᠱᠢᠨ ᠴᠣᠭ᠍ᠴᠠᠯᠠᠪᠤᠷᠢ ᠢ᠋ᠢᠨ ᠬᠡᠪᠴᠢᠶ᠎ᠡ᠎ᠪᠡᠷ ᠬᠠᠮᠤᠭ ᠤ᠋ᠨ ᠶᠡᠬᠡ ᠬᠠᠭᠠᠰ ᠬᠠᠲᠠᠭᠤ ᠪᠡᠶᠡᠲᠦ ᠯᠢᠲ᠋ᠢ ᠴᠡᠨᠡᠭ ᠤ᠋ᠨ ᠴᠠᠬᠢᠯᠭᠠᠨ ᠲᠤᠤᠷ ᠤ᠋ᠨ ᠱᠢᠨ᠎ᠡ ᠬᠡᠯᠪᠡᠷᠢ ᠢ᠋ᠢᠨ ᠲᠤᠰᠠᠭᠠᠷ ᠡᠨᠧᠷᠭᠢ ᠨᠥᠭᠡᠴᠡᠯᠡᠬᠦ᠌ ᠲᠥᠷᠥᠯ ᠵᠦᠶ᠋ᠯ ᠪᠣᠯᠬᠤ ᠪᠡᠷ ᠪᠠᠷᠠᠬᠤ ᠥᠬᠡᠶ᠂ ᠪᠠᠰᠠ ᠴᠤ᠌ ᠥᠪᠥᠷ ᠮᠣᠩᠭᠣᠯ ᠤ᠋ᠨ ᠠᠩᠬᠠᠳᠠᠭ᠍ᠴᠢ ᠬᠠᠭᠠᠰ ᠬᠠᠲᠠᠭᠤ ᠪᠡᠶᠡᠲᠦ ᠹᠣᠰᠹᠣᠷ ᠬᠦᠴᠢᠯ ᠤ᠋ᠨ ᠲᠡᠮᠦᠷ ᠯᠢᠲ᠋ᠢ ᠴᠡᠨᠡᠭ ᠤ᠋ᠨ ᠮᠡᠷᠭᠡᠵᠢᠯ ᠢ᠋ ᠬᠡᠷᠡᠭ᠌ᠯᠡᠭ᠌ᠰᠡᠨ ᠬᠡᠪᠴᠢᠶᠡᠵᠢᠭ᠌ᠰᠡᠨ ᠡᠨᠧᠷᠭᠢ ᠨᠥᠭᠡᠴᠡᠯᠡᠬᠦ᠌ ᠲᠥᠷᠥᠯ ᠵᠦᠶ᠋ᠯ ᠪᠠᠢᠵᠤ᠂ ᠦᠬᠠᠶ ᠢ᠋ᠢᠨ ᠴᠠᠬᠢᠯᠭᠠᠨ ᠲᠤᠤᠷ ᠲᠦ᠍ 《ᠲᠠᠰ᠎ᠠᠴᠠ ᠳᠠᠪᠠᠭ᠍ᠰᠠᠨ ᠴᠡᠨᠡᠭᠯᠡᠬᠦᠷ》 ᠲᠣᠬᠢᠷᠠᠭᠤᠯᠤᠭ᠍ᠰᠠᠨ᠎ᠲᠠᠶ ᠠᠳᠠᠯᠢ ᠪᠤᠯᠵᠠᠢ᠃ 《ᠡᠨᠡ ᠬᠦ᠌ 〈ᠴᠠᠬᠢᠯᠭᠠᠨ ᠴᠡᠨᠡᠭ᠌ᠯᠡᠬᠦᠷ〉᠎ᠤ᠋ᠨ ᠪᠠᠭ᠍ᠲᠠᠭᠠᠮᠵᠢ᠎ᠨᠢ ᠨᠡᠯᠢᠶᠡᠳ ᠶᠡᠬᠡ ᠪᠠᠢᠵᠤ᠂ ᠵᠢᠯ ᠪᠦᠷᠢ ᠵᠢᠱ᠌ᠢᠯᠲᠡ᠎ᠪᠡᠷ ᠴᠠᠬᠢᠯᠭᠠᠨ ᠲᠤᠤᠷ ᠲᠦ᠍ 1.89 ᠳ᠋ᠦᠩᠱᠢᠭᠤᠷ ᠺᠢᠯᠦᠸᠠᠲ ᠴᠠᠭ ᠤ᠋ᠨ ᠴᠡᠪᠡᠷ ᠴᠠᠬᠢᠯᠭᠠᠨ ᠢ᠋ ᠲᠡᠮᠵᠢᠭᠤᠯᠬᠤ ᠪᠣᠯᠤᠨ᠎ᠠ》 ᠬᠡᠵᠤ ᠲᠥᠷᠥᠯ ᠵᠦᠢᠯ ᠤ᠋ᠨ ᠳᠠᠭᠠᠭᠠᠮᠠᠯ ᠴᠢᠨ ᠯᠸᠢ ᠶᠠᠷᠢᠵᠤ ᠪᠠᠢᠯ᠎ᠡ᠃

ᠱᠢᠨ᠎ᠡ ᠬᠡᠯᠪᠡᠷᠢ ᠢ᠋ᠢᠨ ᠨᠦᠬᠡᠴᠡ ᠡᠨᠧᠷᠭᠢ ᠪᠣᠯ ᠱᠢᠨ᠎ᠡ ᠬᠡᠯᠪᠡᠷᠢ ᠢ᠋ᠢᠨ ᠡᠨᠧᠷᠭᠢ ᠢ᠋ᠢᠨ ᠰᠤᠷᠪᠤᠯᠵᠢ ᠢ᠋ᠢᠨ ᠱᠢᠰᠲ᠋ᠧᠮ ᠪᠤᠯᠤᠨ ᠱᠢᠨ᠎ᠡ ᠬᠡᠯᠪᠡᠷᠢ ᠢ᠋ᠢᠨ ᠴᠠᠬᠢᠯᠭᠠᠨ ᠬᠦᠴᠦᠨ ᠤ᠋ ᠱᠢᠰᠲ᠋ᠧᠮ ᠢ᠋ ᠲᠤᠯᠭᠠᠭᠤᠷᠢᠯᠠᠨ ᠪᠠᠢᠭᠤᠯᠬᠤ ᠵᠠᠩᠭᠢᠯᠠᠭ᠎ᠠ ᠢ᠋ᠢᠨ ᠮᠡᠷᠭᠡᠵᠢᠯ ᠪᠠᠢᠵᠤ᠂ ᠡᠭᠦᠨ ᠤ᠋ ᠲᠠᠭᠠᠤ ᠠᠵᠤ ᠦᠢᠯᠡᠰ ᠤ᠋ᠨ ᠬᠡᠯᠬᠢᠶ᠎ᠡ ᠢ᠋ᠢᠨ ᠡᠬᠢᠨ ᠤ᠋ ᠪᠠ ᠡᠴᠤᠰ ᠤ᠋ᠨ ᠤᠢᠯᠡᠳᠬᠦᠨ ᠤ᠋ ᠬᠡᠯᠬᠢᠶ᠎ᠡ ᠢ᠋ᠢ ᠤᠯᠠᠮ ᠨᠢᠭᠡ ᠠᠯᠬᠤᠮ ᠥᠷᠭᠡᠳᠬᠡᠬᠦ ᠢ᠋ᠢ ᠳᠠᠢᠴᠢᠯᠠᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌ ᠱᠢᠨ᠎ᠡ ᠬᠥᠳᠡᠯᠭᠡᠬᠦ ᠬᠦᠴᠦᠨ ᠤ᠋ ᠨᠢᠭᠡ ᠪᠤᠯᠵᠡᠢ᠃ ᠣᠢᠷ᠎ᠠ ᠢ᠋ᠢᠨ ᠵᠢᠯ ᠡᠴᠡ ᠨᠠᠭᠠᠰᠢ᠂ ᠥᠪᠥᠷ ᠮᠣᠩᠭᠣᠯ ᠱᠢᠨ᠎ᠡ ᠬᠡᠯᠪᠡᠷᠢ ᠢ᠋ᠢᠨ ᠨᠥᠭᠡᠴᠡ ᠡᠨᠧᠷᠭᠢ ᠢ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠥᠷᠭᠡᠳᠭᠡᠵᠦ᠍᠂ ᠣᠲᠣ ᠪᠣᠯᠲᠠᠯ᠎ᠠ ᠪᠥᠬᠥ᠌ ᠣᠷᠣᠨ᠎ᠳᠤ ᠪᠡᠶ᠎ᠡ᠎ᠪᠡᠨ ᠳᠠᠭᠠᠭᠠᠭ᠍ᠰᠠᠨ ᠱᠢᠨ᠎ᠡ ᠬᠡᠯᠪᠡᠷᠢ ᠢ᠋ᠢᠨ ᠨᠥᠭᠡᠴᠡ ᠡᠨᠧᠷᠭᠢ ᠢ᠋ᠢᠨ 42 ᠴᠠᠬᠢᠯᠭᠠᠨ ᠥᠷᠲᠡᠭᠡ ᠱᠢᠨ᠎ᠡ᠎ᠪᠡᠷ ᠠᠵᠢᠯ ᠡᠬᠢᠯᠡᠭᠦᠯᠵᠦ᠍᠂  ᠶᠡᠷᠦᠩᠬᠡᠶ ᠮᠠᠱᠢᠨ ᠴᠣᠭ᠍ᠴᠠᠯᠠᠪᠤᠷᠢ ᠢ᠋ᠢᠨ ᠬᠡᠪᠴᠢᠶᠡᠵᠢᠯ 1765 ᠲᠦᠮᠡᠨ ᠺᠢᠯᠦᠸᠠᠲ ᠲᠦ᠍ ᠬᠦᠷᠴᠦ᠍᠂ ᠨᠥᠭᠡᠴᠡ ᠡᠨᠧᠷᠭᠢ ᠢ᠋ᠢᠨ ᠠᠵᠤ ᠦᠶ᠋ᠯᠡᠰ ᠲᠠᠪᠠᠯᠳᠠᠳᠤ ᠮᠠᠶᠢᠭ ᠤ᠋ᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠣᠷᠣᠨ ᠪᠦᠰᠡ ᠢ᠋ᠢᠨ ᠠᠵᠤ ᠠᠬᠤᠶ᠎ᠳᠤ ᠲᠠᠰᠤᠷᠠᠯᠲᠠ ᠥᠬᠡᠶ ᠠᠮᠢᠵᠢᠷᠠᠯ ᠤ᠋ᠨ ᠬᠦᠴᠦᠨ ᠪᠠ ᠬᠥᠳᠡᠯᠭᠡᠬᠦ᠌ ᠬᠦᠴᠦᠨ ᠨᠡᠮᠡᠷᠢᠯᠡᠪᠡ᠃

ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ᠌ ᠴᠡᠭ ᠮᠥᠨ᠃ ᠤᠷᠤᠭ᠍ᠰᠢᠯᠠᠯᠲᠠ ᠢ᠋ᠢᠨ ᠵᠠᠮ ᠳᠡᠭᠡᠷ᠎ᠡ᠂ ᠭᠠᠵᠠᠷ ᠣᠷᠣᠨ᠎ᠤ ᠪᠠᠢᠳᠠᠯ᠎ᠳ᠋ᠠᠭᠠᠨ ᠲᠤᠬᠢᠷᠠᠭᠤᠯᠤᠨ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ ᠢ᠋ᠢ ᠨᠡᠩ ᠲᠤᠪᠤᠢ᠌ᠮ᠎ᠠ ᠪᠠᠢᠯᠳᠤᠬᠤ ᠪᠤᠳᠤᠯᠭ᠎ᠠ ᠢ᠋ᠢᠨ ᠪᠠᠢᠷᠢᠨ᠎ᠳᠤ ᠲᠠᠯᠪᠢᠵᠤ᠂ ᠠᠵᠤ ᠠᠬᠤᠢ ᠢ᠋ᠢᠨ ᠬᠥᠭ᠌ᠵᠢᠯᠲᠡ ᠢ᠋ᠢᠨ ᠱᠢᠨ᠎ᠡ ᠬᠥᠳᠡᠯᠭᠡᠬᠦ᠌ ᠬᠦᠴᠦᠨ᠂ ᠱᠢᠨ᠎ᠡ ᠳᠠᠪᠠᠭᠤᠯᠢᠭ ᠢ᠋ ᠲᠠᠰᠤᠷᠠᠯᠳᠠ ᠦᠭᠡᠢ ᠪᠤᠢ ᠪᠣᠯᠭᠠᠪᠠᠯ ᠰᠠᠶᠢ ᠬᠥᠭ᠌ᠵᠢᠯᠲᠡ ᠢ᠋ᠢᠨ ᠰᠠᠨᠠᠭᠠᠴᠢᠯᠠᠭᠠᠲᠤ ᠡᠷᠬᠡ᠎ᠶ᠋ᠢ ᠥᠪᠡᠷ ᠤ᠋ᠨ ᠭᠠᠷ᠎ᠲᠠᠭᠠᠨ ᠪᠠᠲᠤ ᠡᠵᠡᠮᠳᠡᠵᠦ᠍ ᠴᠢᠳᠠᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠌᠂  ᠱᠢᠨ᠎ᠡ ᠬᠡᠯᠪᠡᠷᠢ ᠢ᠋ᠢᠨ ᠨᠥᠭᠡᠴᠡ ᠡᠨᠧᠷᠭᠢ ᠂ ᠪᠤᠳᠤᠯᠳᠡ ᠢ᠋ᠢᠨ ᠬᠦᠴᠦᠨ ᠤ᠋ ᠰᠦᠯᠵᠢᠶ᠎ᠡ᠂ ᠤᠢᠷ᠎ᠡ ᠤᠭᠳᠠᠷᠭᠤᠢ ᠢ᠋ᠢᠨ ᠠᠵᠤ ᠠᠬᠤᠶ ᠵᠡᠷᠭᠡ ᠲᠦᠯᠦᠬᠡᠯᠡᠬᠦ ᠴᠢᠨᠠᠷ ᠲᠠᠢ ᠢᠷᠡᠭᠡᠳᠦᠶ ᠢ᠋ᠢᠨ ᠠᠵᠤ ᠦᠶ᠋ᠯᠡᠰ᠎ᠨᠢ ᠶᠠᠭ ᠱᠢᠨ᠎ᠡ ᠨᠢᠬᠡᠨ ᠡᠭᠡᠯᠵᠢ ᠢ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠤᠪᠢᠰᠭᠠᠯ ᠪᠣᠯᠤᠨ ᠠᠵᠤ ᠦᠶ᠋ᠯᠡᠰ ᠤ᠋ᠨ ᠬᠤᠪᠢᠰᠤᠯᠲᠠ ᠢ᠋ᠢᠨ ᠴᠢᠭ᠌ᠯᠡᠯ ᠢ᠋ ᠬᠥᠲᠥᠯᠥᠨ ᠳᠠᠭᠠᠭᠤᠯᠵᠤ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠪᠣᠶ ᠪᠤᠯᠭᠠᠬᠤ ᠴᠢᠬᠤᠯᠠ ᠰᠢᠮᠡᠯᠢᠭ ᠬᠥᠷᠥᠰᠥ᠍ ᠪᠤᠯᠪᠠ᠃ ᠥᠪᠥᠷ ᠮᠣᠩᠭᠣᠯ ᠠᠵᠠ ᠲᠣᠬᠢᠶᠠᠯ ᠢ᠋ ᠠᠳᠬᠤᠵᠤ᠂ ᠢᠷᠡᠭᠡᠳᠦᠶ ᠢ᠋ᠢᠨ ᠠᠵᠤ ᠦᠶ᠋ᠯᠡᠰ ᠤ᠋ᠨ ᠱᠢᠨ᠎ᠡ ᠴᠢᠭ᠌ᠯᠡᠯ ᠢ᠋ ᠲᠣᠭ᠍ᠲᠠᠭᠠᠵᠤ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠲᠦᠷᠭᠡᠨ ᠪᠤᠢᠵᠢᠭᠤᠯᠪᠡ᠃

2024 ᠣᠨ᠎ᠤ 11 ᠰᠠᠷ᠎ᠠ᠎ᠳᠤ᠂ ᠥᠪᠥᠷ ᠮᠣᠩᠭᠣᠯ ᠢᠷᠡᠭᠡᠳᠦᠶ ᠢ᠋ᠢᠨ ᠠᠵᠤ ᠦᠶ᠋ᠯᠡᠰ ᠤ᠋ᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠢ᠋ᠢᠨ ᠬᠡᠷᠡᠭ᠌ᠵᠢᠭᠦᠯᠬᠦ᠌ ᠲᠥᠰᠦᠯ ᠢ᠋ ᠨᠡᠢᠲᠡᠯᠡᠵᠦ᠍᠂ ᠨᠡᠭᠦᠷᠡᠰᠦᠲᠥ᠋ᠷᠥᠭ᠌ᠴᠢ ᠢ᠋ᠢᠨ ᠱᠢᠨ᠎ᠡ ᠮᠠᠲ᠋ᠧᠷᠢᠶᠠᠯ᠂ ᠬᠢᠮᠢ ᠢ᠋ᠢᠨ ᠠᠵᠤ ᠦᠶ᠋ᠯᠡᠳᠪᠦᠷᠢ ᠢ᠋ᠢᠨ ᠱᠢᠨ᠎ᠡ ᠮᠠᠲ᠋ᠧᠷᠢᠶᠠᠯ᠂ ᠬᠣᠪᠣᠷ ᠱᠢᠷᠣᠶ ᠢ᠋ᠢᠨ ᠱᠢᠨ᠎ᠡ ᠮᠠᠲ᠋ᠧᠷᠢᠶᠠᠯ᠂ ᠤᠰᠤᠲᠥ᠋ᠷᠥᠭ᠌ᠴᠢ ᠡᠨᠧᠷᠭᠢ᠂ ᠱᠢᠨ᠎ᠡ ᠨᠢᠬᠡᠨ ᠦᠶ᠎ᠡ ᠢ᠋ᠢᠨ ᠬᠠᠭᠠᠰ ᠳᠠᠮᠵᠢᠭᠤᠯᠤᠭ᠍ᠴᠢ ᠮᠠᠲ᠋ᠧᠷᠢᠶᠠᠯ᠂ ᠱᠢᠨ᠎ᠡ ᠬᠡᠯᠪᠡᠷᠢ ᠢ᠋ᠢᠨ ᠨᠥᠭᠡᠴᠡ ᠡᠨᠧᠷᠭᠢ᠂ ᠪᠤᠳᠤᠯᠳᠡ ᠢ᠋ᠢᠨ ᠬᠦᠴᠦᠨ ᠤ᠋ ᠰᠦᠯᠵᠢᠶ᠎ᠡ᠂ ᠤᠢᠷ᠎ᠡ ᠤᠭᠳᠠᠷᠭᠤᠢ ᠢ᠋ᠢᠨ ᠠᠵᠤ ᠠᠬᠤᠶ᠂ ᠨᠡᠢᠯᠡᠮᠡᠯ ᠠᠮᠢᠳᠤ ᠪᠣᠳᠠᠰ ᠵᠡᠷᠭᠡ 9 ᠶᠡᠬᠡ ᠳᠠᠪᠠᠭᠤᠯᠢᠭ ᠠᠵᠤ ᠦᠶ᠋ᠯᠡᠰ ᠢ᠋ ᠤᠷᠢᠳ ᠢ᠋ᠢᠡᠷ ᠬᠥᠭ᠌ᠵᠢᠭᠦᠯᠦᠨ᠎ᠡ ᠭᠡᠵᠦ᠍ ᠲᠣᠳᠣᠷᠬᠠᠶ ᠳᠤᠷᠠᠳᠤᠨ ᠭᠠᠷᠭᠠᠪᠠ; ᠠᠮᠢᠳᠤ ᠪᠣᠳᠠᠰ ᠤ᠋ᠨ ᠪᠣᠬᠢᠷᠲᠤᠯ ᠥᠬᠡᠶ ᠡᠨᠧᠷᠭᠢ᠂  ᠮᠠᠲ᠋ᠧᠷᠢᠶᠠᠯ ᠨᠡᠮᠡᠵᠦ᠍ ᠦᠶ᠋ᠯᠡᠳᠬᠦ᠌᠂ ᠣᠶᠤᠨᠴᠢ ᠮᠠᠱᠢᠨ ᠬᠥᠮᠦᠨ᠂ ᠵᠣᠬᠢᠶᠠᠮᠠᠯ ᠣᠶᠤᠨ ᠴᠢᠳᠠᠪᠤᠷᠢ᠂ ᠰᠠᠨᠰᠠᠷ ᠤ᠋ᠨ ᠠᠶᠠᠯᠠᠯ ᠤ᠋ᠨ ᠠᠵᠤ ᠦᠶ᠋ᠯᠡᠰ ᠵᠡᠷᠭᠡ 5 ᠶᠡᠬᠡ ᠳᠠᠯᠳᠠ ᠬᠦᠴᠦᠨ ᠲᠠᠢ ᠠᠵᠤ ᠦᠶ᠋ᠯᠡᠰ ᠢ᠋ ᠲᠦᠷᠭᠡᠳᠭᠡᠨ ᠪᠣᠢᠵᠢᠭᠤᠯᠪᠡ; ᠬᠡᠲᠦ ᠳᠠᠮᠵᠢᠭᠤᠯᠬᠤ ᠮᠠᠲ᠋ᠧᠷᠢᠶᠠᠯ᠂ ᠬᠡᠢᠰᠪᠤᠷᠢ ᠤᠷᠴᠢᠨ᠂ ᠲᠡᠷᠢᠭᠦᠨ ᠤ᠋ ᠴᠥᠮ᠎ᠡ ᠢ᠋ᠢᠨ ᠡᠨᠧᠷᠭᠢ ᠵᠡᠷᠭᠡ 3 ᠲᠣᠮᠣ ᠪᠠᠷᠠᠯᠠᠯ ᠤ᠋ᠨ ᠬᠡᠯᠪᠡᠷᠢ ᠢ᠋ᠢᠨ ᠠᠵᠤ ᠦᠶ᠋ᠯᠡᠰ ᠢ᠋ ᠤᠷᠢᠳᠴᠢᠯᠠᠨ ᠪᠠᠢᠷᠢᠱᠢᠭᠤᠯᠵᠤ᠂ ᠢᠷᠡᠭᠡᠳᠦᠶ ᠢ᠋ᠢᠨ ᠠᠵᠤ ᠦᠶ᠋ᠯᠡᠰ ᠤ᠋ᠨ ᠬᠥᠭ᠌ᠵᠢᠯᠲᠡ ᠢ᠋ᠢᠨ 《ᠳᠥᠷᠪᠡᠨ ᠨᠢᠷᠤᠭᠤ ᠨᠠᠶ᠋ᠮᠠᠨ ᠲᠤᠯᠭᠠᠭᠤᠷᠢ》 ᠎ᠶ᠋ᠢ ᠱᠢᠰᠲ᠋ᠧᠮ ᠲᠠᠢ᠎ᠪᠡᠷ ᠴᠣᠭ᠍ᠴᠠᠯᠠᠨ ᠪᠠᠢᠭᠤᠯᠪᠠ᠃

ᠡᠨᠡ ᠵᠢᠯ ᠡᠴᠡ ᠨᠠᠭᠠᠰᠢ᠂ ᠥᠪᠥᠷ ᠮᠣᠩᠭᠣᠯ ᠤ᠋ᠨ ᠡᠯ᠎ᠡ ᠭᠠᠵᠠᠷ ᠤ᠋ᠨ ᠬᠢᠨ ᠢᠷᠡᠭᠡᠳᠦᠢ᠎ᠳᠦ ᠬᠠᠨᠳᠤᠭ᠍ᠰᠠᠨ 《ᠠᠵᠤ ᠦᠢᠯᠡᠰ ᠤ᠋ᠨ ᠨᠢᠷᠤᠭᠤ ᠲᠤᠯᠭᠠᠭᠤᠷᠢ》 ᠵᠢ ᠢᠳᠡᠪᠬᠢᠲᠡᠢ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠠᠬᠢᠭᠤᠯᠬᠤ ᠬᠦᠴᠦᠨ ᠪᠠ ᠲᠤᠯᠭᠠᠭᠤᠷᠢᠯᠠᠬᠤ ᠬᠦᠴᠦᠨ ᠬᠠᠩᠭᠠᠪᠠ᠃

ᠤᠢᠷ᠎ᠡ ᠤᠭᠳᠠᠷᠭᠤᠢ ᠢ᠋ᠢᠨ ᠠᠵᠤ ᠠᠬᠤᠶ ᠨᠢ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠤ᠋ ᠨᠡᠢᠲᠡᠯᠢᠭ ᠲᠥᠯᠥᠭᠡᠯᠡᠭ᠌ᠴᠢ ᠪᠠ ᠤᠯᠤᠰ ᠤ᠋ᠨ ᠪᠠᠢᠯᠳᠤᠬᠤ ᠪᠣᠳᠣᠯᠭ᠎ᠠ ᠢ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ ᠪᠣᠯᠤᠭ᠍ᠰᠠᠨ᠎ᠤ ᠬᠤᠪᠢ᠎ᠳᠤ᠂ ᠣᠢᠷ᠎ᠠ ᠢ᠋ᠢᠨ ᠵᠢᠯ ᠡᠴᠡ ᠬᠠᠯᠠᠮᠰᠢᠯ ᠤ᠋ᠨ ᠬᠡᠮᠵᠢᠶ᠎ᠡ ᠨᠢ ᠦᠷᠭᠦᠯᠵᠢᠯᠡᠨ ᠨᠡᠮᠡᠭᠳᠡᠵᠤ ᠪᠠᠢᠨ᠎ᠡ᠃ ᠬᠥᠬᠡᠬᠣᠲᠠ ᠥᠪᠡᠷᠮᠢᠴᠡ ᠠᠭᠠᠷ ᠤ᠋ᠨ ᠣᠷᠣᠨ᠎ᠤ ᠡᠬᠢ ᠪᠠᠶᠠᠯᠢᠭ᠂ ᠣᠷᠣᠨ ᠪᠠᠢᠷᠢ ᠢ᠋ᠢᠨ ᠨᠥᠬᠥᠴᠡᠯ ᠪᠣᠯᠤᠨ ᠲᠦᠷᠦ᠍ ᠢ᠋ᠢᠨ ᠪᠤᠳᠤᠯᠭ᠎ᠠ ᠢ᠋ᠢᠨ ᠳᠠᠪᠠᠭᠤᠯᠢᠭ᠎ᠲᠠᠭᠠᠨ ᠲᠦᠱᠢᠭ᠌ᠯᠡᠵᠦ᠍᠂ ᠤᠢᠷ᠎ᠡ ᠤᠭᠳᠠᠷᠭᠤᠢ ᠢ᠋ᠢᠨ ᠠᠵᠤ ᠠᠬᠤᠢ ᠢ᠋ᠢᠨ ᠪᠦᠬᠦ᠌ ᠬᠡᠯᠬᠢᠶ᠎ᠡ ᠢ᠋ᠢᠨ ᠪᠠᠢᠷᠢᠱᠢᠭᠤᠯᠤᠯᠲᠠ᠎ᠶ᠋ᠢ ᠲᠦᠷᠬᠡᠳᠬᠡᠪᠡ᠃

ᠣᠳᠣᠬᠠᠨ ᠳ᠋ᠤ᠂ ᠬᠥᠬᠡᠬᠣᠲᠠ ᠨᠢᠭᠡᠨᠲᠡ ᠪᠦᠦ ᠱᠧᠩ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠵᠢᠶ ᠬᠠᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᡁᠢ ᠬᠠᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠲᠢᠶᠠᠨ ᠵᠢᠶᠠᠩ ᠬᠠᠮᠠᠭᠠᠯᠠᠯᠲᠠ ᠶ᠋ᠢᠨ ᠶᠠᠪᠤᠳᠠᠯ ᠵᠡᠷᠭᠡ ᠨᠢᠭᠡ ᠪᠦᠯᠦᠭ ᠵᠢᠯᠣᠭᠣᠴᠢ ᠥᠬᠡᠶ ᠨᠢᠰᠭᠡᠯ ᠤ᠋ᠨ ᠶᠡᠷᠦᠩᠬᠡᠶ ᠤᠭ᠍ᠰᠠᠷᠠᠯᠲᠠ ᠦᠶ᠋ᠯᠡᠳᠭᠡᠯ ᠤ᠋ᠨ ᠲᠥᠷᠥᠯ ᠵᠦᠶ᠋ᠯ ᠢ᠋ ᠣᠷᠣᠭᠤᠯᠤᠨ ᠠᠪᠴᠢᠷᠠᠭ᠍ᠰᠠᠨ ᠪᠥᠭᠡᠳ ᠠᠭᠠᠷ ᠤ᠋ᠨ ᠨᠢᠰᠦᠭᠦᠷ ᠤ᠋ᠨ ᠨᠢᠰᠴᠦ᠍ ᠪᠠᠭᠤᠬᠤ ᠲᠠᠯᠠᠪᠤᠷ᠂ ᠨᠢᠰᠦᠯᠲᠡ ᠶ᠋ᠢᠨ ᠬᠠᠮᠢᠶᠠᠷᠤᠯᠲᠠ ᠶ᠋ᠢᠨ ᠦᠶ᠋ᠯᠡᠴᠢᠯᠡᠭᠡᠨ ᠤ᠋ ᠲᠠᠪᠴᠠᠩ᠂ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠦᠶ᠋ᠯᠡᠳᠬᠦ ᠦᠶ᠋ᠯᠡᠰ ᠤ᠋ᠨ ᠪᠦᠯᠦᠭ᠌ᠵᠢᠯ᠂ ᠰᠢᠯᠭᠠᠨ ᠪᠠᠢᠴᠠᠭᠠᠵᠤ ᠬᠢᠨᠠᠨ ᠬᠡᠮᠵᠢᠬᠦ᠌ ᠲᠥᠪ ᠵᠢᠴᠢ ᠳᠡᠭᠡᠳᠦ ᠤᠷ᠎ᠠ ᠮᠡᠷᠭᠡᠵᠢᠯ ᠤ᠋ᠨ ᠴᠢᠳᠠᠪᠤᠷᠢᠲᠠᠨ ᠤ᠋ ᠪᠣᠯᠪᠠᠰᠤᠷᠠᠯ ᠤ᠋ᠨ ᠲᠥᠪ ᠵᠡᠷᠭᠡ ᠢᠵᠢ ᠪᠥᠷᠢᠳᠦᠭ᠌ᠰᠡᠨ ᠱᠢᠰᠲ᠋ᠧᠮ ᠢ᠋ ᠲᠦᠷᠭᠡᠨ ᠪᠠᠢᠷᠢᠱᠢᠭᠤᠯᠪᠠ᠃

ᠪᠤᠭᠤᠲᠤ ᠳ᠋ᠤ᠂ 《ᠬᠣᠶᠠᠷ ᠬᠣᠪᠣᠷ ᠱᠢᠷᠣᠶ ᠶ᠋ᠢᠨ ᠰᠠᠭᠤᠷᠢᠨ》 ᠤ᠋ ᠪᠥᠲᠥᠭᠡᠨ ᠪᠠᠢᠭᠤᠯᠤᠯᠲᠠ ᠶᠠᠭ ᠢᠲᠠ ᠬᠥᠭ ᠲᠠᠢ ᠶᠠᠪᠤᠭ᠍ᠳᠠᠵᠤ᠂ ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯ ᠤ᠋ᠨ ᠠᠵᠤ ᠦᠶ᠋ᠯᠡᠰ ᠥᠷᠨᠢᠨ ᠬᠥᠭ᠌ᠵᠢᠬᠦ᠌ ᠬᠠᠨᠳᠤᠰᠢ ᠢᠯᠡᠷᠡᠪᠡ ᠃ ᠣᠳᠣᠬᠠᠨ ᠳ᠋ᠤ᠂ ᠪᠤᠭᠤᠲᠤ ᠶ᠋ᠢᠨ ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯ ᠤ᠋ᠨ ᠦᠶ᠋ᠯᠡᠳᠪᠦᠷᠢᠯᠡᠬᠦ᠌ ᠴᠢᠳᠠᠪᠤᠷᠢ 30 ᠲᠦᠮᠡᠨ ᠲᠣᠨ ᠱᠢᠬᠠᠮ ᠬᠦᠷᠴᠦ᠂ ᠬᠣᠪᠣᠷ ᠱᠢᠷᠣᠶ ᠶ᠋ᠢᠨ ᠲᠣᠭ᠍ᠲᠠᠮᠠᠯ ᠰᠣᠷᠢᠨᠵᠢᠨ᠂ ᠤᠰᠤᠲᠥ᠋ᠷᠥᠭ᠌ᠴᠢ ᠬᠠᠳᠠᠭᠠᠯᠠᠬᠤ᠂ ᠭᠢᠯᠠᠢᠯᠭᠠᠬᠤ᠂ ᠲᠤᠰᠠᠯᠠᠬᠤ ᠲᠦᠷᠭᠡᠳᠭᠡᠭᠦᠷ ᠵᠡᠷᠭᠡ ᠳᠥᠷᠪᠡᠨ ᠲᠥᠷᠥᠯ ᠤ᠋ᠨ ᠱᠢᠨ᠎ᠡ ᠮᠠᠲ᠋ᠧᠷᠢᠶᠠᠯ ᠤ᠋ᠨ ᠦᠶ᠋ᠯᠡᠳᠪᠦᠷᠢᠯᠡᠬᠦ᠌ ᠴᠢᠳᠠᠪᠤᠷᠢ ᠴᠥᠮ ᠪᠥᠬᠥ᠌ ᠤᠯᠤᠰ ᠤ᠋ᠨ ᠲᠦᠷᠦᠬᠦᠨ᠎ᠳᠤ ᠵᠢᠬᠰᠠᠪᠠ᠃ 2025 ᠤᠨ ᠤ᠋ 1— 11 ᠰᠠᠷ᠎ᠠ ᠳ᠋ᠤ᠂ ᠪᠤᠭᠤᠲᠤ ᠶ᠋ᠢᠨ ᠬᠣᠪᠣᠷ ᠱᠢᠷᠣᠶ ᠶ᠋ᠢᠨ ᠠᠵᠤ ᠦᠶ᠋ᠯᠡᠰ ᠤ᠋ᠨ ᠨᠡᠮᠡᠭ᠌ᠳᠡᠯ ᠥᠷᠲᠡᠭ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠪᠠᠨ 24.6% ᠪᠡᠷ ᠨᠡᠮᠡᠭ᠌ᠳᠡᠵᠦ᠍᠂ ᠪᠥᠬᠥ᠌ ᠬᠣᠲᠠ ᠶ᠋ᠢᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ ᠤ᠋ᠨ ᠵᠠᠭᠤᠨ ᠤ᠋ ᠬᠠᠷᠢᠴᠠᠯ ᠢ᠋ᠶ᠋ᠡᠷ 3.2 ᠬᠤᠪᠢ ᠨᠡᠮᠡᠭ᠌ᠳᠡᠬᠦ᠌ ᠵᠢ ᠳᠠᠢᠴᠢᠯᠠᠪᠠ᠃

ᠤᠰᠤᠲᠥ᠋ᠷᠥᠭ᠌ᠴᠢ ᠡᠨᠧᠷᠭᠢ ᠨᠢ 21 ᠳ᠋ᠦ᠍ᠭᠡᠷ ᠵᠠᠭᠤᠨ ᠤ᠋ 《ᠲᠦᠢᠯ ᠤ᠋ᠨ ᠡᠨᠧᠷᠭᠢ》 ᠬᠡᠮᠡᠭᠳᠡᠳᠡᠭ᠃ ᠤᠷᠳᠤᠰ ᠲᠦ᠍᠂ ᠪᠦᠷᠢᠨ ᠪᠦᠲᠦᠨ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠢᠯᠡᠰ ᠤ᠋ᠨ ᠬᠡᠯᠬᠢᠶ᠎ᠡ ᠪᠡᠷ ᠭᠣᠣᠯ ᠪᠣᠯᠭᠠᠭ᠍ᠰᠠᠨ ᠪᠣᠬᠢᠷᠲᠤᠯ ᠦᠭᠡᠢ ᠡᠨᠧᠷᠭᠢ ᠲᠡᠢᠰᠢ ᠬᠡᠯᠪᠡᠷᠢ ᠵᠢ ᠬᠤᠪᠢᠷᠠᠭᠤᠯᠬᠤ ᠵᠢ ᠶᠠᠭ ᠭᠦᠨᠵᠡᠭᠡᠢ ᠠᠬᠢᠭᠤᠯᠵᠤ ᠪᠠᠢᠨ᠎ᠠ᠃ 2025 ᠤᠨ ᠤ᠋ 8 ᠰᠠᠷ᠎ᠠ ᠳ᠋ᠤ ᠂ ᠪᠥᠬᠥ᠌ ᠤᠯᠤᠰ ᠤ᠋ᠨ ᠠᠩᠬᠠᠳᠠᠭ᠍ᠴᠢ 30  ᠮᠸᠭᠠᠸᠠᠲ  ᠲᠠᠰ ᠤ᠋ᠨ ᠴᠡᠪᠡᠷ ᠤᠰᠤᠲᠥ᠋ᠷᠥᠭ᠌ᠴᠢ ᠱᠢᠲᠠᠮᠠᠬᠠᠶ ᠬᠡᠢᠲᠦ ᠲᠦᠷᠪᠢᠨ ᠤ᠋ ᠤᠰᠤᠲᠥ᠋ᠷᠥᠭ᠌ᠴᠢ ᠬᠠᠳᠠᠭᠠᠯᠠᠬᠤ ᠡᠨᠧᠷᠭᠢ ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠣᠲᠣᠭ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠲᠣᠭᠣᠷᠢᠭ ᠲᠦ᠍ ᠪᠠᠷᠢᠯᠭ᠎ᠠ ᠡᠬᠢᠯᠡᠪᠡ; 9 ᠰᠠᠷ᠎ᠠ ᠳ᠋ᠤ᠂ ᠥᠪᠥᠷ ᠮᠣᠩᠭᠣᠯ ᠤ᠋ᠨ ᠠᠩᠬᠠᠳᠠᠭ᠍ᠴᠢ ᠤᠰᠤᠲᠥ᠋ᠷᠥᠭ᠌ᠴᠢ ᠡᠨᠧᠷᠭᠢ ᠶ᠋ᠢᠨ ᠬᠠᠮᠲᠤ ᠪᠡᠷ ᠡᠳ᠋ᠯᠡᠬᠦ᠌ ᠵᠠᠮ ᠬᠠᠷᠢᠯᠴᠠᠭᠠᠨ ᠤ᠋ ᠵᠢᠱ᠌ᠢᠶ᠎ᠡ ᠦᠵᠡᠭᠦᠯᠬᠦ᠌ ᠱᠢᠰᠲ᠋ᠧᠮ ᠤ᠋ᠨ ᠲᠥᠷᠥᠯ ᠵᠦᠶ᠋ᠯ ᠣᠷᠳᠣᠰ ᠬᠣᠲᠠ ᠶ᠋ᠢᠨ ᠬᠢᠶ᠎ᠠ ᠪᠠᠭ᠍ᠰᠢ ᠲᠣᠭᠣᠷᠢᠭ ᠲᠦ᠍ ᠪᠠᠷᠢᠯᠭ᠎ᠠ ᠡᠬᠢᠯᠡᠪᠡ ᠁ ᠠᠯᠢ ᠣᠯᠠᠨ ᠤᠰᠤᠲᠥ᠋ᠷᠥᠭ᠌ᠴᠢ ᠡᠨᠧᠷᠭᠢ ᠶ᠋ᠢᠨ ᠲᠥᠷᠥᠯ ᠵᠦᠶ᠋ᠯ ᠢ᠋ ᠨᠠᠢᠳᠠᠪᠤᠷᠢᠵᠢᠭᠤᠯᠤᠨ ᠠᠱᠢᠭ᠍ᠯᠠᠯᠲᠠ ᠳ᠋ᠤ ᠣᠷᠣᠭᠤᠯᠵᠤ᠂ ᠣᠷᠳᠣᠰ ᠤ᠋ᠨ ᠤᠰᠤᠲᠥ᠋ᠷᠥᠭ᠌ᠴᠢ ᠡᠨᠧᠷᠭᠢ ᠶ᠋ᠢᠨ ᠠᠵᠤ ᠦᠶ᠋ᠯᠡᠰ ᠤ᠋ᠨ ᠥᠨᠳᠥᠷᠯᠢᠭ ᠤ᠋ᠨ ᠬᠥᠭ᠌ᠵᠢᠯᠲᠡ ᠶ᠋ᠢᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠵᠦ᠍ ᠪᠠᠢᠨ᠎ᠠ᠃

ᠤᠯᠤᠰ ᠤ᠋ᠨ 《ᠵᠡᠭᠦᠨᠳᠡᠬᠢ ᠲᠤᠭ᠎ᠠ ᠵᠢ ᠪᠠᠷᠠᠭᠤᠨ ᠳ᠋ᠤ ᠪᠤᠳᠤᠬᠤ》 ᠨᠠᠶ᠋ᠮᠠᠨ ᠶᠡᠬᠡ ᠭᠤᠤᠯ ᠵᠠᠩᠭᠢᠯᠠᠭ᠎ᠠ ᠶ᠋ᠢᠨ ᠴᠡᠭ ᠤ᠋ᠨ ᠨᠢᠭᠡ ᠪᠣᠯᠤᠭ᠍ᠰᠠᠨ ᠤ᠋ ᠬᠤᠪᠢ ᠳ᠋ᠤ᠂ ᠤᠯᠠᠭᠠᠨᠴᠠᠪ ᠬᠣᠲᠠ ᠡᠯᠪᠡᠭ ᠪᠠᠶᠠᠯᠢᠭ ᠰᠠᠯᠬᠢᠨ ᠬᠦᠴᠤᠨ ᠭᠡᠷᠡᠯᠴᠢ ᠴᠡᠨᠡᠭ ᠤ᠋ᠨ ᠡᠨ᠋ᠸᠷᠬᠢ ᠶ᠋ᠢᠨ ᠡᠬᠢ ᠪᠠᠶᠠᠯᠢᠭ ᠵᠢᠴᠢ 《ᠵᠡᠭᠦᠨᠳᠡᠬᠢ ᠲᠤᠭ᠎ᠠ ᠵᠢ ᠪᠠᠷᠠᠭᠤᠨ ᠳ᠋ᠤ ᠪᠤᠳᠤᠬᠤ》 ᠢᠨᠵᠧᠨᠧᠷᠢᠩ ᠤ᠋ᠨ ᠵᠠᠩᠭᠢᠯᠠᠭ᠎ᠠ ᠶ᠋ᠢᠨ ᠴᠡᠭ ᠤ᠋ᠨ ᠲᠥᠷᠥ ᠶ᠋ᠢᠨ ᠪᠣᠳᠣᠯᠭ᠎ᠠ ᠶ᠋ᠢᠨ ᠳᠠᠪᠠᠭᠤᠯᠢᠭ ᠲᠠᠭᠠᠨ ᠲᠦᠱᠢᠭ᠌ᠯᠡᠨ᠂ ᠪᠣᠬᠢᠷᠲᠤᠯ ᠥᠬᠡᠶ ᠪᠤᠳᠤᠯᠳᠠ᠎ᠵᠢᠨ ᠬᠦᠴᠦᠨ ᠤ᠋ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠪᠡᠷ ᠣᠷᠣᠨ ᠪᠦᠰᠡ ᠶ᠋ᠢᠨ ᠲᠣᠭᠠᠴᠢᠯᠠᠭ᠍ᠰᠠᠨ ᠠᠵᠤ ᠠᠬᠤᠶ ᠶ᠋ᠢᠨ ᠬᠥᠭ᠌ᠵᠢᠯᠲᠡ ᠶ᠋ᠢᠨ ᠢᠯᠡ ᠲᠣᠳᠣ ᠬᠠᠷᠢᠭᠤᠯᠲᠠ ᠶ᠋ᠢᠨ ᠬᠠᠭᠤᠳᠠᠰᠤ ᠵᠢ ᠪᠢᠴᠢᠭᠯᠡᠪᠡ᠃ ᠣᠳᠣᠬᠠᠨ ᠳ᠋ᠤ᠂ ᠬᠤᠸᠠ ᠸᠧᠶ᠂ ᠠ ᠯᠢ ᠪᠠ ᠪᠠ᠂ ᠪᠤᠰᠢᠭᠤ ᠭᠠᠷ᠂ ᠵᠥᠩ ᠵᠢᠨ ᠲᠣᠭ᠎ᠠ ᠪᠠᠷᠢᠮᠲᠠ ᠵᠡᠷᠭᠡ 55 ᠨᠠᠷᠠᠲᠤ ᠠᠵᠤ ᠠᠬᠤᠢᠯᠠᠯ ᠤᠯᠠᠭᠠᠨᠴᠠᠪ ᠲᠦ᠍ ᠨᠤᠳᠤᠭᠰᠢᠵᠤ᠂ ᠨᠡᠢᠲᠡ 67 ᠳ᠋ᠠᠢᠲ᠋ᠠ ᠶ᠋ᠢᠨ ᠲᠥᠪ ᠤ᠋ᠨ ᠲᠥᠷᠥᠯ ᠵᠦᠶ᠋ᠯ ᠢ᠋ ᠵᠥᠪᠯᠡᠯᠴᠡᠬᠡᠷ ᠲᠣᠭ᠍ᠲᠠᠵᠤ ᠨᠠᠢᠳᠠᠪᠤᠷᠢᠵᠢᠭᠤᠯᠵᠤ᠂ ᠡᠭᠦᠨ ᠳ᠋ᠤ ᠤᠶᠤᠨᠴᠢ ᠪᠣᠳᠣᠯᠳᠠ᠎ᠵᠢᠨ ᠲᠥᠪ 64 ᠪᠠᠢᠵᠤ᠂ ᠶᠡᠷᠦᠩᠬᠡᠶ ᠪᠠᠯᠠ ᠣᠷᠣᠭᠤᠯᠤᠯᠲᠠ ᠨᠢ 2600 ᠳ᠋ᠦᠩᠱᠢᠭᠤᠷ ᠲᠥᠭᠥᠷᠢᠭ ᠢ᠋ ᠳᠠᠪᠠᠪᠠ᠃ 《ᠳᠤᠮᠳᠠᠳᠤ ᠤᠯᠤᠰ ᠤ᠋ᠨ ᠡᠭᠦᠯᠡᠨ ᠬᠥᠨᠳᠡᠶ》  ᠬᠡᠮᠡᠭᠳᠡᠭᠰᠡᠨ ᠬᠥᠬᠡᠬᠣᠲᠠ ᠶ᠋ᠢᠨ ᠪᠤᠳᠤᠯᠳᠠ᠎ᠵᠢᠨ ᠬᠦᠴᠤᠨ᠎ᠤ ᠶᠡᠷᠦᠩᠬᠡᠶ ᠬᠡᠪᠴᠢᠶ᠎ᠡ ᠨᠢ ᠨᠢᠭᠡᠨᠲᠡ 11 ᠲᠦᠮᠡᠨ P  ᠳ᠋ᠤ ᠬᠦᠷᠴᠦ᠍᠂ ᠡᠭᠦᠨ ᠳ᠋ᠤ ᠤᠶᠤᠨᠴᠢ ᠪᠤᠳᠤᠯᠳᠠ᠎ᠵᠢᠨ ᠬᠦᠴᠤᠨ᠎ᠤ ᠡᠵᠡᠯᠡᠬᠦ᠌ ᠬᠠᠷᠢᠴᠠᠯ ᠨᠢ  95% ᠎ᠳ᠋ᠤ ᠬᠦᠷᠴᠡᠶ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ 《ᠵᠡᠭᠦᠨᠳᠡᠬᠢ ᠲᠤᠭ᠎ᠠ ᠵᠢ ᠪᠠᠷᠠᠭᠤᠨ ᠳ᠋ᠤ ᠪᠤᠳᠤᠬᠤ》 ᠪᠠᠢᠯᠳᠤᠬᠤ ᠪᠣᠳᠣᠯᠭ᠎ᠠ ᠶ᠋ᠢᠨ ᠠᠵᠠ ᠲᠣᠬᠢᠶᠠᠯ ᠢ᠋ ᠠᠮᠵᠢᠵᠤ᠂ ᠲᠣᠭᠠᠴᠢᠯᠠᠯᠲᠠ ᠶ᠋ᠢᠨ ᠰᠠᠭᠤᠷᠢ ᠲᠥᠬᠥᠭᠡᠷᠦᠮᠵᠢ ᠶ᠋ᠢᠨ ᠪᠥᠲᠥᠭᠡᠨ ᠪᠠᠢᠭᠤᠯᠤᠯᠲᠠ ᠵᠢ ᠪᠥᠬᠥ᠌ ᠬᠦᠴᠦᠨ ᠢ᠋ᠶ᠋ᠡᠷ ᠢ᠋ᠶ᠋ᠡᠨ ᠠᠬᠢᠭᠤᠯᠪᠠ᠃ ᠣᠳᠣᠬᠠᠨ ᠳ᠋ᠤ᠂ ᠥᠪᠥᠷ ᠮᠣᠩᠭᠣᠯ ᠨᠢᠭᠡᠨᠲᠡ 《ᠬᠥᠬᠡᠬᠣᠲᠠ ᠪᠤᠭᠤᠲᠤ ᠣᠷᠳᠣᠰ ᠤᠯᠠᠭᠠᠨᠴᠠᠪ》 ᠢ᠋ ᠬᠠᠮᠤᠷᠤᠭ᠍ᠰᠠᠨ 2 ᠮᠢᠯᠢᠰᠸᠺᠦ᠋ᠨ᠋ᠳ᠋᠂ ᠪᠡᠭᠡᠵᠢᠩ ᠲᠢᠶᠠᠨᠵᠢᠨ ᠾᠧᠪᠧᠶ ᠶ᠋ᠢᠨ 5 ᠮᠢᠯᠢᠰᠸᠺᠦ᠋ᠨ᠋ᠳ᠋᠂ ᠬᠥᠬᠡᠮᠥ᠋ᠷᠡᠨ ᠤ᠋ ᠭᠤᠷᠪᠠᠯᠵᠢᠨ ᠬᠣᠢᠭ ᠤ᠋ᠨ 20 ᠮᠢᠯᠢᠰᠸᠺᠦ᠋ᠨ᠋ᠳ᠋ ᠪᠥᠬᠥᠶ ᠤᠬᠤᠷ ᠴᠠᠭ ᠤ᠋ᠨ ᠪᠤᠳᠤᠯᠳᠠ᠎ᠵᠢᠨ ᠬᠦᠴᠦᠨ ᠤ᠋ ᠦᠶ᠋ᠯᠡᠴᠢᠯᠡᠭᠡᠨ ᠤ᠋ ᠲᠣᠭᠣᠷᠢᠭ ᠢ᠋ ᠪᠠᠢᠭᠤᠯᠵᠤ᠂ ᠪᠥᠬᠥ᠌ ᠤᠯᠤᠰ ᠤ᠋ᠨ ᠪᠤᠳᠤᠯᠳᠠ᠎ᠵᠢᠨ ᠬᠦᠴᠦᠨ ᠤ᠋ ᠡᠬᠢ ᠪᠠᠶᠠᠯᠢᠭ ᠤ᠋ᠨ ᠥᠨᠳᠥᠷ ᠪᠦᠲᠦᠮᠵᠢᠲᠡᠶ ᠲᠣᠬᠢᠷᠠᠭᠤᠯᠤᠯᠲᠠ ᠵᠢ ᠬᠦᠴᠦᠲᠡᠶ ᠲᠤᠯᠭᠠᠭᠤᠷᠢᠯᠠᠪᠠ᠃

ᠵᠣᠬᠢᠶᠠᠮᠠᠯ ᠣᠶᠤᠨ ᠴᠢᠳᠠᠪᠤᠷᠢ ᠶ᠋ᠢᠨ ᠬᠡᠷᠡᠭ᠌ᠯᠡᠭᠡᠨ ᠤ᠋ ᠥᠨᠳᠥᠷᠯᠢᠭ ᠢ᠋ ᠴᠣᠭ᠍ᠴᠠᠯᠠᠬᠤ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠡᠨᠡ ᠵᠢᠯ᠂ ᠥᠪᠥᠷ ᠮᠣᠩᠭᠣᠯ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠣᠬᠢᠶᠠᠮᠠᠯ ᠣᠶᠤᠨ ᠴᠢᠳᠠᠪᠤᠷᠢ ᠶ᠋ᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠬᠡᠷᠡᠭ᠌ᠵᠢᠭᠦᠯᠬᠦ᠌ ᠲᠥᠰᠦᠯ (2025—2027 ᠣᠨ) 》 ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠣᠭ᠎ᠠ ᠪᠠᠷᠢᠮᠲᠠ ᠪᠠ ᠵᠣᠬᠢᠶᠠᠮᠠᠯ ᠣᠶᠤᠨ ᠴᠢᠳᠠᠪᠤᠷᠢ ᠶ᠋ᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠥᠷᠥ ᠶ᠋ᠢᠨ ᠪᠣᠳᠣᠯᠭ᠎ᠠ᠎ᠨᠤᠭᠤᠳ》 ᠵᠡᠷᠭᠡ ᠵᠢ ᠵᠠᠯᠭᠠᠭ᠎ᠠ ᠪᠡᠷ ᠨᠡᠢᠲᠡᠯᠡᠵᠦ᠍᠂ ᠥᠪᠥᠷ ᠮᠣᠩᠭᠣᠯ ᠤ᠋ᠨ ᠣᠨᠴᠠᠯᠢᠭ ᠲᠠᠢ ᠵᠣᠬᠢᠶᠠᠮᠠᠯ ᠣᠶᠤᠨ ᠴᠢᠳᠠᠪᠤᠷᠢ ᠶ᠋ᠢᠨ ᠠᠵᠤ ᠦᠶ᠋ᠯᠡᠰ ᠤ᠋ᠨ ᠪᠦᠯᠦᠭ᠌ᠵᠢᠯ ᠤ᠋ᠨ ᠪᠠᠢᠭᠤᠯᠤᠯᠲᠠ ᠵᠢ ᠲᠦᠷᠭᠡᠳᠭᠡᠨ ᠠᠬᠢᠭᠤᠯᠪᠠ᠃ ᠡᠭᠦᠨ ᠤ᠋ ᠬᠠᠮᠲᠤ ᠪᠡᠭᠡᠵᠢᠩ᠂ ᠵᠧᠵᠢᠶᠠᠩ᠂ ᠠᠨᠾᠦ᠋ᠢ ᠲᠠᠢ ᠵᠣᠬᠢᠶᠠᠮᠠᠯ ᠣᠶᠤᠨ ᠴᠢᠳᠠᠪᠤᠷᠢ ᠶ᠋ᠢᠨ ᠪᠣᠯᠪᠠᠰᠤᠷᠠᠯ ᠤ᠋ᠨ ᠲᠠᠯᠠᠪᠠᠶ ᠶ᠋ᠢᠨ ᠬᠠᠮᠲᠤᠷᠠᠯᠴᠠᠭ᠎ᠠ ᠥᠷᠨᠢᠭᠦᠯᠵᠦ᠍᠂ ᠪᠥᠬᠥ᠌ ᠤᠯᠤᠰ ᠤ᠋ᠨ ᠲᠣᠮᠣ ᠵᠠᠭ᠍ᠪᠤᠷ ᠤ᠋ᠨ ᠪᠣᠯᠪᠠᠰᠤᠷᠠᠯ ᠤ᠋ᠨ ᠰᠠᠭᠤᠷᠢᠨ ᠢ᠋ ᠪᠠᠢᠭᠤᠯᠪᠠ᠃ ᠣᠳᠣᠬᠠᠨ ᠳ᠋ᠤ᠂ ᠥᠪᠥᠷ ᠮᠣᠩᠭᠣᠯ ᠨᠢᠭᠡᠨᠲᠡ ᠪᠤᠳᠤᠯᠳᠠ᠎ᠵᠢᠨ ᠬᠦᠴᠤᠨ᠎ᠵᠢᠡᠷ ᠭᠤᠤᠯ ᠪᠣᠯᠭᠠᠭ᠍ᠰᠠᠨ᠂ ᠲᠣᠭ᠎ᠠ ᠪᠠᠷᠢᠮᠲᠠ ᠵᠢ ᠪᠣᠯᠪᠠᠰᠤᠷᠠᠭᠤᠯᠬᠤ ᠪᠠ ᠪᠤᠳᠤᠯᠳᠠ᠎ᠵᠢᠨ ᠬᠦᠴᠤᠨ᠎ᠤ ᠬᠠᠮᠢᠶ᠎ᠠ ᠪᠥᠬᠥᠶ ᠲᠥᠬᠥᠭᠡᠷᠦᠮᠵᠢ ᠦᠶ᠋ᠯᠡᠳᠬᠦ᠌ ᠪᠡᠷ ᠬᠥᠳᠡᠯᠭᠡᠭᠦᠷ ᠪᠣᠯᠭᠠᠭ᠍ᠰᠠᠨ᠂ ᠣᠯᠠᠨ ᠬᠦᠷᠢᠶᠡᠨ ᠤ᠋ ᠠᠵᠢᠯ ᠲᠥᠷᠥᠯ ᠤ᠋ᠨ᠎ᠬᠢᠨ ᠳ᠋ᠤ ᠡᠨᠧᠷᠭᠢ ᠣᠯᠭᠣᠬᠤ ᠬᠡᠷᠡᠭ᠌ᠯᠡᠭᠡᠨ ᠤ᠋ ᠵᠣᠬᠢᠶᠠᠮᠠᠯ ᠣᠶᠤᠨ ᠴᠢᠳᠠᠪᠤᠷᠢ ᠶ᠋ᠢᠨ ᠠᠵᠤ ᠦᠶ᠋ᠯᠡᠰ ᠤ᠋ᠨ ᠪᠠᠢᠷᠢᠱᠢᠯ ᠢ᠋ ᠪᠦᠷᠢᠯᠳᠦᠭᠦᠯᠵᠡᠶ᠃

ᠠᠮᠢᠵᠢᠷᠠᠯ ᠤ᠋ᠨ ᠬᠦᠴᠦᠨ ᠣᠷᠭᠢᠯᠵᠤ᠂ ᠬᠦᠭᠵᠢᠯᠲᠡ ᠶ᠋ᠢᠨ ᠢᠷᠡᠭᠡᠳᠦᠶ ᠨᠢᠭᠡᠨᠲᠡ ᠬᠦᠷᠴᠦ᠍ ᠢᠷᠡᠪᠡ᠃ ᠥᠨᠥᠳᠦᠷ ᠤ᠋ᠨ ᠥᠪᠥᠷ ᠮᠣᠩᠭᠣᠯ ᠢ᠋ ᠪᠠᠷᠠᠯᠠᠬᠤᠶ᠎ᠠ᠂ ᠱᠢᠨ᠎ᠡ ᠬᠡᠯᠪᠡᠷᠢ ᠶ᠋ᠢᠨ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ᠂ ᠪᠤᠳᠤᠯᠳᠠ᠎ᠵᠢᠨ ᠬᠦᠴᠦᠨ ᠤ᠋ ᠲᠤᠤᠷ᠂ ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯ᠂ ᠤᠢᠷ᠎ᠠ ᠤᠬᠲᠠᠷᠭᠤᠢ ᠶ᠋ᠢᠨ ᠠᠵᠤ ᠠᠬᠤᠶ ᠵᠡᠷᠭᠡ ᠣᠯᠠᠨ ᠬᠦᠷᠢᠶᠡᠨ ᠳ᠋ᠤ ᠬᠠᠮᠵᠢᠯᠴᠠᠨ ᠬᠥᠭ᠌ᠵᠢᠬᠦ᠌ ᠢᠷᠡᠭᠡᠳᠦᠶ ᠶ᠋ᠢᠨ ᠠᠵᠤ ᠦᠶ᠋ᠯᠡᠰ ᠤ᠋ᠨ ᠱᠢᠨ᠎ᠡ ᠪᠠᠢᠷᠢᠱᠢᠯ ᠶᠠᠭ ᠲᠦᠷᠭᠡᠨ ᠪᠦᠷᠢᠯᠳᠦᠵᠦ᠍᠂ 《ᠱᠢᠨ᠎ᠡ ᠵᠢ ᠡᠭᠦᠳᠬᠦ》 ᠎ᠪᠠᠷ ᠰᠠᠭᠤᠷᠢ ᠪᠣᠯᠭᠠᠭ᠍ᠰᠠᠨ᠂ 《ᠶᠠᠰᠤ ᠴᠢᠨᠠᠷ》 ᠢ᠋ᠶ᠋ᠡᠷ ᠬᠥᠳᠡᠯᠭᠡᠭᠦᠷ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠶ᠋ᠢᠨ ᠬᠠᠭᠤᠲᠠᠰᠤ ᠶᠠᠭ ᠡᠨᠡ ᠬᠦ᠌ ᠬᠠᠯᠠᠭᠤᠨ ᠬᠥᠷᠥᠰᠥᠨ ᠳ᠋ᠤ ᠲᠡᠯᠭᠡᠭᠳᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号