《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠦᠭᠡᠢ ᠰᠡᠬᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤᠳᠠᠯ ᠦᠭᠡᠢ ᠡᠬᠢᠯᠡᠬᠦ᠌ ᠭᠡᠵᠦ᠍ ᠪᠠᠢᠨ᠎ᠠ᠃ ᠵᠠᠩᠭᠢᠯᠠᠭ᠎ᠠ᠎ᠶ᠋ᠢᠨ ᠴᠠᠭ ᠮᠥᠴᠡ᠂ ᠴᠢᠬᠤᠯᠠ ᠵᠠᠩᠬᠢᠯᠠᠭ᠎ᠠ ᠵᠢᠨ ᠴᠡᠭ ᠲᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠣᠳᠣᠬᠠᠨ᠎ᠤ ᠠᠵᠤ ᠠᠬᠤᠶ᠎ᠶ᠋ᠢᠨ ᠪᠠᠢᠳᠠᠯ᠎ᠢ ᠵᠠᠳᠠᠯᠵᠤ᠂ 2026 ᠣᠨ᠎ᠤ ᠭᠤᠤᠯᠳᠠᠯᠭ᠎ᠠ᠎ᠲᠠᠶ ᠠᠵᠢᠯ᠎ᠢ ᠲᠣᠬᠢᠷᠠᠭᠤᠯᠤᠨ ᠪᠠᠢᠷᠢᠯᠠᠭᠤᠯᠵᠤ᠂ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠣᠳᠣᠷᠬᠠᠶ ᠳᠤᠷᠠᠳᠴᠠᠶ᠃
ᠡᠨᠡ ᠪᠣᠯ ᠣᠳᠣᠬᠠᠨ᠎ᠳᠤ ᠰᠠᠭᠤᠷᠢᠯᠠᠵᠤ᠂ ᠠᠯᠤᠰ ᠬᠡᠳᠦ᠍᠎ᠶ᠋ᠢ ᠲᠥᠯᠥᠪᠵᠢᠭᠦᠯᠦᠭᠰᠡᠨ ᠴᠢᠬᠤᠯᠠ ᠬᠤᠷᠠᠯ ᠪᠣᠯᠤᠨ᠎ᠠ᠂ ᠨᠡᠩ ᠴᠤ᠌ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠲᠡᠮᠡᠴᠡᠯ᠎ᠦᠨ ᠵᠣᠷᠢᠭ᠎ᠢ ᠬᠥᠪᠴᠢᠯᠡᠬᠦ᠌ ᠪᠦᠬᠦ᠌ ᠲᠠᠯ᠎ᠠ᠎ᠶ᠋ᠢᠨ ᠳᠠᠢ᠌ᠴᠢᠯᠠᠯᠳᠠ ᠪᠠᠢᠵᠤ᠂ ᠥᠪᠥᠷ ᠮᠣᠩᠭᠣᠯ᠎ᠤᠨ ᠱᠢᠨ᠎ᠡ ᠠᠶᠠᠯᠠᠯ᠎ᠤᠨ ᠴᠢᠭ᠌ᠯᠡᠯ᠎ᠢ ᠡᠵᠡᠮᠳᠡᠨ᠂ ᠱᠢᠨ᠎ᠡ ᠪᠠᠢᠷᠢᠯᠠᠭᠤᠯᠤᠯᠲᠠ ᠬᠢᠵᠡᠢ᠃ ᠬᠤᠷᠠᠯ ᠨᠢ ᠦᠵᠡᠯ ᠰᠠᠨᠠᠭ᠎ᠠ ᠲᠠᠨᠢᠯᠲᠠ ᠵᠢ ᠤᠯᠠᠮ ᠨᠢᠭᠡ ᠠᠯᠬᠤᠮ ᠨᠢᠭᠡᠳᠭᠡᠵᠦ᠍᠂ ᠬᠠᠷᠠᠯᠲᠠ ᠡᠭᠦᠷᠭᠡ᠎ᠪᠡᠨ ᠲᠣᠳᠣᠷᠬᠠᠢᠯᠠᠵᠤ᠂ ᠬᠥᠭ᠌ᠵᠢᠯᠲᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠣᠷᠣᠨ ᠳᠠᠶᠠᠭᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠴᠠᠭ ᠬᠤᠭᠤᠴᠠᠭᠠᠨ ᠳ᠋ᠤ ᠤᠷᠤᠭ᠍ᠰᠢᠯᠠᠯᠳᠠ ᠵᠢᠨ ᠬᠦᠴᠦᠨ ᠠᠭᠤᠯᠤᠬᠳᠠᠵᠦ᠂ ᠡᠷᠡᠮᠡᠭᠡᠢᠯᠡᠨ ᠲᠡᠮᠡᠴᠡᠵᠤ ᠬᠠᠷᠢᠭᠤᠯᠲᠠ ᠵᠢᠨ ᠬᠠᠭᠤᠳᠠᠰᠤ ᠵᠢ ᠪᠢᠴᠢᠭᠯᠡᠨ᠎ᠠ᠃ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠨᠢᠭᠡ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠥᠭ᠌ᠵᠢᠯᠲᠡ᠎ᠶ᠋ᠢᠨ ᠳᠤᠮᠳᠠ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠳᠤᠮᠳᠠ ᠠᠮᠢᠵᠢᠷᠠᠯ᠎ᠤᠨ ᠬᠦᠴᠦᠨ᠎ᠢᠶᠡᠨ ᠬᠥᠭ᠌ᠵᠢᠭᠡᠵᠦ᠍᠂ ᠠᠷᠠᠳ᠎ᠤᠨ ᠠᠮᠢᠳᠤᠷᠠᠯ ᠵᠢᠡᠷ ᠭᠤᠤᠯ ᠪᠤᠯᠭᠠᠬᠤ ᠲᠤᠮᠳᠠ ᠬᠠᠯᠠᠭᠤᠨ ᠳᠤᠯᠠᠭᠠᠨ᠎ᠢᠶᠠᠨ ᠢᠯᠡᠷᠡᠭᠦᠯᠵᠤ᠂ ᠪᠦᠯᠬᠦᠮᠳᠡᠨ ᠲᠡᠮᠡᠴᠡᠬᠦ᠌ ᠳᠤᠮᠳᠠ ᠬᠦᠴᠦᠨ ᠴᠢᠳᠠᠯ᠎ᠢᠶᠠᠨ ᠪᠠᠳᠠᠷᠠᠭᠤᠯᠵᠤ᠂ ᠠᠵᠤ ᠠᠬᠤᠶ᠂ ᠤᠯᠤᠰ ᠲᠥᠷᠥ᠍᠂ ᠰᠣᠶᠣᠯ᠂ ᠨᠡᠢᠭᠡᠮ᠂ ᠠᠮᠢ ᠠᠬᠤᠶ᠎ᠶ᠋ᠢᠨ ᠪᠣᠯᠪᠠᠰᠤᠨ ᠪᠠ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠶ᠋ᠯ᠎ᠦᠨ ᠦᠶ᠋ᠯᠡᠰ᠎ᠦᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ ᠲᠡᠭᠦᠰ ᠠᠮᠵᠢᠯᠲᠠ᠎ᠲᠠᠶ ᠥᠨᠳᠥᠷᠯᠡᠬᠦ ᠪᠤᠯᠤᠯ᠎ᠠ᠃ ᠡᠳᠡᠭᠡᠷ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ ᠳ᠋ᠦ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠵᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳ᠋ᠦ ᠪᠤᠢ᠂ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠪᠣᠯᠤᠨ᠎ᠠ᠃
ᠢᠷᠡᠬᠦ᠌ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠠᠵᠤ ᠠᠬᠤᠢ᠎ᠶ᠋ᠢᠨ ᠠᠵᠢᠯ᠎ᠢ ᠬᠡᠷᠬᠢᠨ ᠬᠢᠬᠦ᠌ ᠪᠤᠢ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠣᠳᠣᠷᠬᠠᠢ ᠳᠤᠷᠠᠳᠴᠤ᠌᠂ ᠨᠢᠭᠡᠳᠦᠭᠡᠷ 《1》 ᠨᠢ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ; 《5》 ᠭᠡᠳᠡᠭ ᠨᠢ ᠳᠠᠷᠤᠢ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠠᠢᠭᠤᠯᠬᠤ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢ ᠵᠢᠭᠠᠵᠤ ᠪᠤᠢ; 《7》 ᠭᠡᠳᠡᠭ ᠨᠢ ᠳᠠᠷᠤᠢ ᠥᠪᠥᠷ ᠮᠣᠩᠭᠣᠯ᠎ᠤᠨ ᠣᠨᠴᠠᠯᠢᠬ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠦᠲᠦᠭᠡᠨ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠂ ᠥᠨᠳᠥᠷ ᠲᠦᠪᠱᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠬᠡᠯᠡᠵᠦ᠍ ᠪᠤᠢ; ᠬᠣᠶᠠᠳᠤᠭᠠᠷ 《1》 ᠨᠢ ᠳᠠᠷᠤᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠶᠠᠪᠤᠳᠠᠯ ᠪᠣᠯᠤᠨ᠎ᠠ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠠᠳᠤ ᠦᠶ᠎ᠠ ᠵᠢᠨ ᠴᠢᠨᠠᠷᠲᠠᠢ ᠣᠨᠴᠠᠯᠢᠭ᠎ᠢ ᠭᠦᠨᠵᠡᠭᠡᠢ ᠵᠠᠳᠠᠯᠵᠤ ᠭᠠᠷᠭᠠᠭ᠍ᠰᠠᠨ ᠴᠢᠬᠤᠯᠠ ᠪᠠᠢᠷᠢᠯᠠᠭᠤᠯᠤᠯᠲᠠ ᠪᠣᠯᠤᠨ᠎ᠠ᠂ ᠯᠠᠪᠲᠠᠢ ᠵᠢᠱ᠌ᠢᠯᠲᠡ᠎ᠶ᠋ᠢ ᠬᠦᠳᠦᠯᠥᠨ ᠵᠢᠯᠣᠭᠣᠳᠴᠤ᠌᠂ ᠢᠲᠡᠭᠡᠯ ᠵᠣᠷᠢᠭ᠎ᠢ ᠬᠥᠪᠴᠢᠯᠡᠵᠦ᠍᠂ ᠣᠷᠣᠨ ᠳᠠᠶᠠᠭᠠᠷ᠎ᠤᠨ ᠴᠢᠭ᠌ᠯᠡᠯ᠎ᠢ ᠨᠡᠩ ᠪᠠᠲᠤ ᠴᠢᠩᠭ᠎ᠠ᠂ ᠠᠷᠭ᠎ᠠ ᠵᠠᠮ᠎ᠢ ᠨᠡᠩ ᠲᠣᠳᠣᠷᠬᠠᠢ᠂ ᠠᠵᠢᠯᠯᠠᠭ᠎ᠠ᠎ᠶ᠋ᠢ ᠨᠡᠩ ᠯᠠᠪᠳᠠᠭᠤᠨ ᠪᠠᠲᠤᠲᠠᠢ ᠪᠣᠯᠭᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠨᠡᠭᠡᠭᠡᠵᠦ᠍ ᠴᠢᠳᠠᠨ᠎ᠠ᠃
ᠠᠵᠤ ᠠᠬᠤᠢ᠎ᠶ᠋ᠢᠨ ᠠᠵᠢᠯ ᠡᠭᠡᠳᠡᠷᠡᠭᠡᠨ ᠪᠤᠳᠤᠯᠢᠶᠠᠨᠳᠠᠢ ᠪᠠᠢᠳᠠᠭ ᠴᠦ᠍ ᠵᠠᠩᠭᠢᠯᠠᠭᠠᠪᠤᠯᠤᠨ ᠬᠥᠲᠥᠯᠪᠦᠷᠢ᠎ᠶ᠋ᠢ ᠠᠳᠭᠤᠪᠠᠯ ᠠᠯᠢᠪᠠ ᠪᠦᠬᠦᠨ ᠨᠢ ᠲᠠᠭᠠᠯᠳᠤᠨ ᠱᠢᠢᠳᠪᠦᠷᠢᠯᠡᠭ᠌ᠳᠡᠵᠦ᠍᠂ ᠭᠣᠣᠯᠳᠠᠯᠭ᠎ᠠ᠎ᠪᠠᠷ ᠪᠦᠬᠦ᠌ ᠲᠠᠯ᠎ᠠ᠎ᠶ᠋ᠢ ᠳᠠᠢ᠌ᠴᠢᠯᠠᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠪᠣᠯ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠶᠡᠷᠦᠩᠬᠡᠶ ᠭᠠᠷᠳᠠᠴᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠭᠦᠨᠵᠡᠭᠡᠶ ᠰᠤᠷᠤᠯᠴᠠᠨ ᠡᠵᠡᠮᠱᠢᠵᠦ᠍᠂ ᠡᠭᠦᠨ᠎ᠳᠦ ᠠᠭᠤᠯᠤᠭ᠍ᠳᠠᠵᠤ ᠪᠠᠢᠭ᠎ᠠ ᠴᠢᠬᠤᠯᠠ ᠶᠡᠬᠡ ᠤᠯᠤᠰ ᠲᠥᠷᠥ᠎ᠶ᠋ᠢᠨ ᠠᠴᠢ ᠬᠣᠯᠪᠣᠭ᠍ᠳᠠᠯ᠂ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠶ; ᠢᠳᠡᠪᠬᠢᠲᠡᠶᠵᠢᠳᠬᠦᠯ ᠴᠢᠷᠮᠠᠢᠯᠠᠭᠠ ᠭᠠᠷᠭᠠᠵᠦ᠂ ᠴᠢᠬᠤᠯᠠ ᠡᠭᠦᠷᠭᠡ᠎ᠶ᠋ᠢ ᠵᠣᠷᠢᠭ᠍ᠲᠠᠶ ᠡᠭᠦᠷᠭᠡᠯᠡᠨ᠂ ᠴᠥᠬᠥᠷᠡᠰᠢ ᠥᠬᠡᠶ ᠤᠷᠤᠭ᠍ᠰᠢ ᠠᠬᠢᠭᠤᠯᠵᠤ᠂ ᠨᠢᠭᠡ ᠨᠢᠭᠡ ᠶᠠᠪᠤᠳᠠᠯ᠎ᠢᠶᠠᠷ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ ᠤᠯᠬᠤ᠎ᠪᠠᠷ 《ᠬᠣᠶᠠᠷ ᠵᠢᠬᠰᠠᠭᠠᠯᠲᠠ ᠳ᠋ᠦ ᠲᠣᠭ᠍ᠲᠠᠪᠤᠷᠢᠵᠢᠬᠤ》 ᠶ᠋ᠢ ᠪᠡᠶᠡᠯᠡᠭᠦᠯᠬᠦ᠌᠂ 《ᠬᠣᠶᠠᠷ ᠲᠠᠯ᠎ᠡ ᠪᠡᠷ ᠦᠷᠭᠦᠯᠵᠢᠯᠡᠨ ᠡᠮᠦᠨ᠎ᠠ ᠡᠩᠨᠡᠬᠡᠨ ᠳ᠋ᠤ ᠶᠠᠪᠤᠬᠤ》 ᠵᠢ ᠪᠠᠳᠤᠯᠠᠬᠤ ᠬᠡᠷᠡᠭᠳᠡᠢ᠃
ᠨᠠᠮ᠎ᠢ ᠬᠠᠮᠢᠶᠠᠷᠴᠤ᠌ ᠨᠠᠮ᠎ᠢ ᠵᠠᠰᠠᠬᠤ ᠨᠢ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠳᠠᠭ᠃ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠍᠂ 《ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ》 ᠬᠡᠬᠦ ᠤᠶᠤᠨ ᠰᠠᠨᠠᠭᠠᠨ ᠤ᠋ ᠠᠬᠤᠢ ᠪᠠᠢᠳᠠᠯ ᠪᠠ 《ᠠᠮᠵᠢᠯᠲᠠ ᠭᠠᠷᠭᠠᠬᠤ᠎ᠳᠤ ᠯᠠᠪᠲᠠᠢ ᠪᠢ ᠪᠠᠢᠨ᠎ᠠ》 ᠭᠡᠬᠦ ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠭᠠᠵᠤ᠂ ᠦᠢᠯᠡᠳᠦᠯᠭᠡ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠠᠵᠢᠯ᠎ᠤᠨ ᠠᠮᠵᠢᠯᠲᠠ᠎ᠶ᠋ᠢ ᠴᠢᠷᠮᠠᠢᠨ ᠡᠭᠦᠳᠬᠦ᠌ ᠬᠡᠷᠡᠭ᠌ᠲᠡᠢ᠃ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠢ᠎ᠡ᠂ ᠴᠢᠩᠭ᠎ᠠ ᠠᠭᠤᠷ ᠠᠮᠢᠰᠭᠤᠯ᠎ᠢ ᠢᠮᠠᠭ᠍ᠲᠠ ᠪᠠᠷᠢᠮᠲᠠᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠯᠠᠪᠳᠠᠭᠤᠨ ᠪᠠᠲᠤᠲᠠᠢ ᠪᠤᠢ ᠪᠣᠯᠭᠠᠵᠤ᠂ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠰᠠᠢ᠌ᠨ ᠰᠠᠢᠬᠠᠨ ᠣᠷᠴᠢᠨ ᠨᠦᠬᠦᠴᠡᠯ᠎ᠢ ᠪᠤᠢ ᠪᠣᠯᠭᠠᠬᠤ ᠬᠡᠷᠡᠭ᠌ᠲᠡᠢ᠃
ᠬᠡᠩᠭᠡᠷᠭᠡ ᠳᠡᠯᠡᠳᠦᠨ ᠠᠶᠠᠨ ᠳ᠋ᠠᠭᠠᠨ ᠮᠤᠷᠳᠠᠵᠦ ᠴᠠᠭ ᠮᠦᠴᠡ ᠲᠠᠢ ᠤᠷᠤᠯᠳᠤᠨ᠎ᠠ᠂ ᠲᠠᠷᠪᠠᠭᠤᠯ ᠬᠡᠢᠰᠬᠡᠨ ᠤᠩᠭᠤᠴᠠ ᠤᠷᠤᠯᠳᠤᠬᠤᠢᠠ ᠴᠢᠷᠮᠠᠢᠨ ᠰᠡᠯᠢᠭᠴᠢᠳ ᠬᠤᠰᠢᠭᠤᠷᠠᠮᠤᠢ᠃ ᠱᠢᠨ᠎ᠡ ᠭᠠᠷᠤᠭ᠎ᠠ ᠳ᠋ᠤ ᠱᠢᠨ᠎ᠡ ᠠᠶᠠᠨ᠎ᠢᠶᠠᠨ ᠪᠠᠷᠠᠯᠠᠬᠤᠶ᠎ᠠ᠂ ᠬᠠᠷᠢᠭᠤᠴᠠᠯᠭ᠎ᠠ ᠲᠠᠢᠱᠠᠨ ᠠᠭᠤᠯᠠ ᠡᠴᠡ ᠬᠦᠨᠳᠦ ᠪᠠᠢᠵᠤ᠂ ᠡᠭᠦᠷᠭᠡ ᠬᠦᠮᠦᠰ ᠢ᠋ ᠵᠤᠷᠢᠬᠵᠢᠭᠤᠯᠤᠨ ᠤᠷᠤᠭᠰᠢᠯᠠᠭᠤᠯᠤᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠦᠨᠡᠨ ᠪᠣᠳᠠᠲᠠᠢ ᠠᠵᠢᠯᠯᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠡᠷᠡᠮᠡᠭᠡᠢᠯᠡᠨ ᠤᠷᠤᠬᠰᠢᠯᠠᠵᠦ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠯ᠎ᠡ ᠵᠦᠢᠯ᠎ᠦᠨ ᠠᠵᠢᠯ᠎ᠢᠶᠠᠨ ᠴᠢᠨᠠᠷ ᠰᠠᠢᠲᠠᠢ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠭᠦᠯᠵᠤ᠂ ᠠᠨᠭᠬᠠᠨ᠎ᠤ ᠠᠯᠬᠤᠭ᠎ᠠ ᠵᠢ ᠯᠠᠪᠳᠠᠭᠤᠨ ᠪᠠᠳᠤᠳᠠᠢ ᠠᠯᠬᠤᠪᠠᠯ᠂ ᠥᠪᠥᠷ ᠮᠣᠩᠭᠣᠯ ᠬᠥᠭ᠌ᠵᠢᠨ ᠤᠷᠤᠭᠰᠢᠯᠠᠵᠦ ᠬᠤᠯᠠ ᠠᠶᠠᠯᠠᠵᠦ ᠴᠢᠳᠠᠬᠤ ᠨᠢ ᠯᠠᠪᠲᠠᠢ᠃