ᠰᠤᠷᠪᠤᠯᠵᠢᠯᠠᠬᠴᠢ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠤᠭ᠎ᠠ ᠪᠦᠷᠢᠳᠭᠡᠯ ᠤ᠋ᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠡᠨᠡ ᠵᠢᠯ ᠤ᠋ᠨ ᠲᠦᠷᠦᠭᠦᠦ 11 ᠰᠠᠷ᠎ᠠ ᠳ᠋ᠤ ᠦᠪᠦᠷ ᠮᠤᠨᠭᠭᠤᠯ ᠤ᠋ᠨ ᠠᠵᠤ ᠦᠢᠯᠡᠳᠪᠦᠷᠢ ᠪᠠ ᠲᠠᠷᠢᠶᠠᠯᠠᠩ ᠤ᠋ᠨ ᠦᠢᠯᠡᠳᠪᠦᠷᠢᠯᠡᠯ᠂ ᠲᠤᠬᠲᠠᠮᠠᠯ ᠬᠦᠷᠦᠨᠭᠭᠡ ᠶ᠋ᠢᠨ ᠪᠡᠯᠡ ᠤᠷᠤᠭᠤᠯᠤᠯᠲᠠ ᠲᠤᠬᠲᠠᠭᠤᠨ ᠤ᠋ ᠳᠤᠮᠳᠠ ᠨᠡᠮᠡᠭᠳᠡᠨ᠂ ᠬᠡᠷᠡᠭ᠌ᠯᠡᠭᠡᠨ ᠤ᠋ ᠵᠠᠬ᠎ᠠ ᠳᠡᠯᠭᠡᠭᠦᠷ ᠲᠣᠭ᠍ᠲᠠᠭᠤᠨ ᠪᠥᠭᠡᠳ ᠡᠮᠬᠢ ᠵᠢᠷᠤᠮ ᠲᠠᠢ ᠪᠠᠢᠵᠤ᠂ ᠪᠥᠬᠥ᠌ ᠣᠷᠣᠨ ᠤ᠋ ᠠᠵᠤ ᠠᠬᠤᠶ ᠲᠤᠬᠲᠠᠭᠤᠨ ᠢ᠋ᠶ᠋ᠡᠷ ᠬᠦᠭᠵᠢᠪᠡ᠃
ᠪᠥᠬᠥ᠌ ᠣᠷᠣᠨ ᠤ᠋ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠣᠯᠵᠤ᠂ ᠦᠶ᠋ᠯᠡᠳᠪᠦᠷᠢᠯᠡᠯ ᠤ᠋ᠨ ᠴᠢᠳᠠᠪᠤᠷᠢ ᠲᠣᠭ᠍ᠲᠠᠭᠤᠨ ᠢ᠋ᠶ᠋ᠡᠷ ᠳᠡᠭᠡᠭ᠌ᠰᠢᠯᠡᠪᠡ᠃ ᠪᠦᠬᠦ᠌ ᠵᠢᠯ ᠤ᠋ᠨ ᠠᠮᠤ ᠪᠤᠳᠠᠭᠠᠨ ᠤ᠋ ᠶᠡᠷᠦᠩᠬᠡᠶ ᠤᠨᠠᠯᠲᠠ 840.7 ᠳ᠋ᠦᠩᠱᠢᠭᠤᠷ ᠵᠢᠩ ᠬᠦᠷᠴᠦ᠂ ᠨᠢᠳᠦᠨᠦᠨ ᠤ᠋ ᠬᠢ ᠡᠴᠡ 20.6 ᠳ᠋ᠦᠩᠱᠢᠭᠤᠷ ᠵᠢᠩ ᠨᠡᠮᠡᠭ᠌ᠳᠡᠨ᠂ 2.5% ᠪᠡᠷ ᠨᠡᠮᠡᠭ᠌ᠳᠡᠵᠦ᠍᠂ ᠠᠮᠤ ᠪᠤᠳᠠᠭᠠᠨ ᠤ᠋ ᠤᠨᠠᠯᠲᠠ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠪᠠ ᠮᠦ᠍ ᠨᠢᠭᠡᠴᠢ ᠶ᠋ᠢᠨ ᠤᠨᠠᠯᠲᠠ ᠶ᠋ᠢᠨ 《ᠬᠤᠤᠰ ᠨᠡᠮᠡᠭ᠌ᠳᠡᠯ》 ᠢ᠋ ᠪᠡᠶᠡᠯᠡᠭᠦᠯᠪᠡ; ᠠᠵᠤ ᠦᠢᠯᠡᠳᠪᠦᠷᠢ ᠶ᠋ᠢᠨ ᠦᠢᠯᠡᠳᠪᠦᠷᠢᠯᠡᠯ ᠲᠣᠭ᠍ᠲᠠᠭᠤᠨ ᠪᠠᠢᠬᠤ ᠶ᠋ᠢᠨ ᠵᠡᠷᠭᠡ ᠳ᠋ᠤ ᠲᠦᠷᠭᠡᠳᠴᠦ᠍᠂ ᠱᠢᠨ᠎ᠡ ᠪᠡᠷ ᠬᠥᠭ᠌ᠵᠢᠭ᠌ᠰᠡᠨ ᠪᠠ ᠳᠠᠪᠠᠭᠤᠯᠢᠬᠲᠤ ᠠᠵᠤ ᠦᠢᠯᠡᠰ ᠤ᠋ᠨ ᠨᠡᠮᠡᠭ᠌ᠳᠡᠯ ᠤ᠋ᠨ ᠬᠠᠨᠳᠤᠰᠢ ᠨᠡᠯᠢᠶᠡᠳ ᠰᠠᠢᠨ ᠪᠠᠢᠨ᠎ᠠ᠃ ᠲᠦᠷᠦᠬᠦᠤ 11 ᠰᠠᠷ᠎ᠠ ᠳ᠋ᠤ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 6.5% ᠪᠡᠷ ᠨᠡᠮᠡᠭ᠌ᠳᠡᠪᠡ᠃ ᠡᠭᠦᠨ ᠳ᠋ᠤ ᠬᠡᠪᠴᠢᠶᠡᠵᠢᠯ ᠡᠴᠡ ᠳᠡᠭᠡᠭ᠌ᠰᠢᠬᠢ ᠲᠣᠨᠣᠬᠯᠠᠯ ᠦᠶ᠋ᠯᠡᠳᠬᠦ᠌ ᠦᠶ᠋ᠯᠡᠰ ᠤ᠋ᠨ ᠨᠡᠮᠡᠭ᠌ᠳᠡᠯ ᠥᠷᠲᠡᠭ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 20.7% ᠪᠡᠷ ᠨᠡᠮᠡᠭ᠌ᠳᠡᠵᠦ᠍᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠬᠥᠭ᠌ᠵᠢᠭ᠌ᠰᠡᠨ ᠠᠵᠤ ᠦᠶ᠋ᠯᠡᠰ 10.2% ᠢ᠋ᠶ᠋ᠡᠷ ᠨᠡᠮᠡᠭ᠌ᠳᠡᠵᠦ᠍᠂ ᠳᠡᠭᠡᠳᠦ ᠮᠡᠷᠭᠡᠵᠢᠯ ᠤ᠋ᠨ ᠦᠶ᠋ᠯᠡᠳᠬᠦ᠌ ᠦᠶ᠋ᠯᠡᠰ 18.6% ᠪᠡᠷ ᠨᠡᠮᠡᠭ᠌ᠳᠡᠵᠦ᠍᠂ ᠱᠢᠨ᠎ᠡ ᠡᠨᠧᠷᠭᠢ ᠵᠢᠴᠢ ᠬᠣᠯᠪᠣᠭ᠍ᠳᠠᠯ ᠪᠥᠬᠥᠶ ᠠᠵᠤ ᠦᠶ᠋ᠯᠡᠰ 16.8% ᠪᠡᠷ ᠨᠡᠮᠡᠭ᠌ᠳᠡᠵᠦ᠍᠂ ᠬᠣᠪᠣᠷ ᠱᠢᠷᠣᠶ ᠶ᠋ᠢᠨ ᠠᠵᠤ ᠦᠶ᠋ᠯᠡᠰ 29.5% ᠪᠡᠷ ᠨᠡᠮᠡᠭ᠌ᠳᠡᠪᠡ; ᠲᠣᠭ᠍ᠲᠠᠮᠠᠯ ᠬᠥᠷᠥᠩᠭᠡ ᠶ᠋ᠢᠨ ᠪᠡᠯᠡ ᠣᠷᠣᠭᠤᠯᠤᠯᠲᠠ ᠲᠣᠭ᠍ᠲᠠᠭᠤᠨ ᠪᠠᠢᠬᠤ ᠶ᠋ᠢᠨ ᠵᠡᠷᠭᠡ ᠳ᠋ᠤ ᠳᠡᠭᠡᠭ᠌ᠰᠢᠯᠡᠵᠦ᠍᠂ ᠠᠷᠠᠳ ᠤ᠋ᠨ ᠪᠡᠯᠡ ᠣᠷᠣᠭᠤᠯᠤᠯᠲᠠ ᠲᠦᠷᠭᠡᠨ ᠢ᠋ᠶ᠋ᠡᠷ ᠨᠡᠮᠡᠭ᠌ᠳᠡᠪᠡ᠃ ᠲᠦᠷᠦᠬᠦᠤ 11 ᠰᠠᠷ᠎ᠠ ᠳ᠋ᠤ ᠪᠥᠬᠥ᠌ ᠣᠷᠣᠨ ᠤ᠋ ᠲᠣᠭ᠍ᠲᠠᠮᠠᠯ ᠬᠥᠷᠥᠩᠭᠡ ᠶ᠋ᠢᠨ ᠪᠠᠯᠠ ᠣᠷᠣᠭᠤᠯᠤᠯᠲᠠ (ᠲᠠᠷᠢᠶᠠᠯᠠᠬᠤ ᠡᠷᠦᠬᠡ ᠵᠢ ᠪᠠᠭ᠍ᠲᠠᠭᠠᠬᠤ ᠥᠬᠡᠶ) ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 3.5% ᠪᠡᠷ ᠨᠡᠮᠡᠭ᠌ᠳᠡᠪᠡ᠃ ᠡᠭᠦᠨ ᠳ᠋ᠤ ᠠᠷᠠᠳ ᠤ᠋ᠨ ᠪᠠᠯᠠ ᠣᠷᠣᠭᠤᠯᠤᠯᠲᠠ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 7.9% ᠪᠡᠷ ᠨᠡᠮᠡᠭ᠌ᠳᠡᠪᠡ; ᠵᠠᠬ᠎ᠠ ᠳᠡᠯᠭᠡᠭᠦᠷ ᠤ᠋ᠨ ᠪᠣᠷᠣᠯᠠᠭᠤᠯᠭ᠎ᠠ ᠶ᠋ᠢᠨ ᠬᠡᠪᠴᠢᠶ᠎ᠡ ᠲᠣᠭ᠍ᠲᠠᠭᠤᠨ ᠢ᠋ᠶ᠋ᠡᠷ ᠥᠷᠭᠡᠳᠴᠦ᠍᠂ ᠬᠠᠭᠤᠴᠢᠨ ᠢ᠋ᠶ᠋ᠡᠷ ᠱᠢᠨ᠎ᠡ ᠵᠢ ᠰᠣᠯᠢᠬᠤ ᠲᠥᠷᠥ ᠶ᠋ᠢᠨ ᠪᠣᠳᠣᠯᠭ᠎ᠠ ᠶ᠋ᠢᠨ ᠦᠷ᠎ᠡ ᠪᠦᠲᠦᠮᠵᠢ ᠦᠷᠭᠦᠯᠵᠢᠯᠡᠨ ᠳᠤᠪᠤᠢᠮ᠎ᠠ ᠪᠣᠯᠪᠠ᠃ ᠲᠦᠷᠦᠬᠦᠤ 11 ᠰᠠᠷ᠎ᠠ ᠳ᠋ᠤ᠂ ᠪᠥᠬᠥ᠌ ᠣᠷᠣᠨ ᠤ᠋ ᠨᠡᠢᠭᠡᠮ ᠤ᠋ᠨ ᠬᠡᠷᠡᠭ᠌ᠯᠡᠭᠡᠨᠦ ᠪᠤᠳᠠᠰ ᠢ᠋ ᠵᠢᠵᠢᠭ᠌ᠯᠡᠨ ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ 4880.6 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 5.3% ᠪᠡᠷ ᠨᠡᠮᠡᠭ᠌ᠳᠡᠪᠡ᠃ ᠡᠭᠦᠨ ᠳ᠋ᠤ ᠬᠠᠭᠤᠴᠢᠨ ᠢ᠋ᠶ᠋ᠡᠷ ᠱᠢᠨ᠎ᠡ ᠵᠢ ᠰᠣᠯᠢᠬᠤ ᠲᠥᠷᠥᠯ ᠤ᠋ᠨ ᠲᠠᠸᠠᠷ ᠤ᠋ᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭ᠌ᠳᠡᠵᠦ᠍᠂ ᠬᠢᠵᠠᠭᠠᠷᠯᠠᠭ᠍ᠰᠠᠨ ᠬᠡᠮᠵᠢᠶ᠎ᠡ ᠡᠴᠡ ᠳᠡᠭᠡᠭ᠌ᠰᠢᠬᠢ ᠨᠢᠭᠡᠴᠢ ᠶ᠋ᠢᠨ ᠮᠠᠱᠢᠨ ᠲᠡᠷᠭᠡᠨ ᠤ᠋ ᠲᠥᠷᠥᠯ᠂ ᠬᠡᠷ ᠤ᠋ᠨ ᠴᠠᠬᠢᠯᠭᠠᠨ ᠬᠡᠷᠡᠭ᠌ᠰᠡᠯ ᠪᠠ ᠲᠠᠭᠤ ᠳᠦᠷᠰᠦ ᠱᠢᠩᠭᠡᠭᠡᠯᠲᠡ ᠶ᠋ᠢᠨ ᠪᠠᠭᠠᠵᠢ ᠬᠡᠷᠡᠭ᠌ᠰᠡᠯ ᠤ᠋ᠨ ᠲᠥᠷᠥᠯ᠂ ᠴᠢᠮᠡᠭᠡ ᠬᠣᠯᠪᠣᠭᠠᠨ ᠤ᠋ ᠪᠠᠭᠠᠵᠢ ᠬᠡᠷᠡᠭ᠌ᠰᠡᠯ ᠤ᠋ᠨ ᠲᠥᠷᠥᠯ ᠤ᠋ᠨ ᠲᠠᠸᠠᠷ ᠤ᠋ᠨ ᠵᠢᠵᠢᠭ᠌ᠯᠡᠨ ᠪᠤᠷᠤᠯᠠᠭᠤᠯᠤᠬᠰᠠᠨ ᠬᠡᠮᠵᠢᠶ᠎ᠡ ᠲᠣᠰ ᠲᠣᠰ 4.6%᠂ 24.2% ᠪᠠ 76.7% ᠪᠡᠷ ᠨᠡᠮᠡᠭ᠌ᠳᠡᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号