12 ᠰᠠᠷ᠎ᠠ᠎ᠶ᠋ᠢᠨ 28 ᠤ᠋ ᠡᠳᠦᠷ᠂ ᠮᠠᠨ᠎ᠤ ᠤᠯᠤᠰ᠎ᠤᠨ ᠠᠩᠬᠠᠳᠠᠭ᠍ᠴᠢ《6 ᠲᠡᠷᠭᠡᠨ ᠵᠠᠮ᠎ᠢ 12 ᠲᠡᠷᠭᠡᠨ ᠵᠠᠮ ᠪᠣᠯᠭᠠᠨ ᠥᠭᠡᠷᠡᠴᠢᠯᠡᠬᠦ᠌》ᠲᠦᠷᠭᠡᠨ ᠤ᠋ ᠵᠠᠰᠠᠮᠠᠯ ᠵᠠᠮ᠎ᠢ ᠥᠭᠡᠷᠡᠴᠢᠯᠡᠵᠦ᠍ ᠥᠷᠭᠡᠳᠭᠡᠨ ᠪᠠᠢᠭᠤᠯᠬᠤ ᠳᠦᠷᠦᠯ ᠵᠦᠢᠯ — ᠪᠡᠭᠡᠵᠢᠩ ᠡᠴᠡ ᠲᠠᠢᠪᠸᠢ ᠬᠦᠷᠬᠦ ᠲᠦᠷᠭᠡᠨ ᠤ᠋ ᠵᠠᠰᠠᠮᠠᠯ ᠵᠠᠮ᠎ᠤᠨ ᠴᠢᠾᠧᠡᠴᠡ ᠵᠢᠨᠠᠨ ᠬᠥᠷᠬᠥ᠌ ᠬᠡᠰᠡᠭ᠎ᠢ ᠥᠭᠡᠷᠡᠴᠢᠯᠡᠵᠦ᠍ ᠥᠷᠭᠡᠳᠭᠡᠨ ᠪᠠᠢᠭᠤᠯᠬᠤ ᠳᠦᠷᠦᠯ ᠵᠦᠢᠯ᠎ᠢ ᠳᠠᠭᠤᠰᠬᠠᠵᠤ ᠲᠡᠷᠭᠡ ᠨᠡᠪᠲᠡᠷᠡᠬᠦᠯᠪᠡ᠃ ᠡᠢᠨᠬᠦ᠂ ᠪᠡᠭᠡᠵᠢᠩ ᠡᠴᠡ ᠲᠠᠢᠪᠸᠢ ᠬᠦᠷᠬᠦ ᠲᠦᠷᠭᠡᠨ ᠤ᠋ ᠵᠠᠰᠠᠮᠠᠯ ᠵᠠᠮ᠎ᠤᠨ ᠱᠠᠨᠳᠦ᠋ᠩ᠎ᠦᠨ ᠬᠡᠰᠡᠭ᠎ᠲᠡᠬᠢ ᠲᠠᠰ ᠳᠡᠪᠱᠢᠭᠦᠯᠬᠦ᠌ ᠥᠭᠡᠷᠡᠴᠢᠯᠡᠯᠲᠡ᠎ᠶ᠋ᠢ ᠪᠦᠬᠦᠨ᠎ᠢ ᠪᠡᠶᠡᠯᠡᠭᠦᠯᠪᠡ᠃
ᠣᠢᠯᠠᠭᠠᠭ᠍ᠰᠠᠨ᠎ᠢᠶᠠᠷ᠂ ᠪᠡᠭᠡᠵᠢᠩ ᠡᠴᠡ ᠲᠠᠢᠪᠸᠢ ᠬᠦᠷᠬᠦ ᠲᠦᠷᠭᠡᠨ ᠤ᠋ ᠵᠠᠰᠠᠮᠠᠯ ᠵᠠᠮ᠎ᠤᠨ ᠴᠢᠾᠧᠡᠴᠡ ᠵᠢᠨᠠᠨ ᠬᠥᠷᠬᠥ᠌ ᠬᠡᠰᠡᠭ᠎ᠢ ᠥᠭᠡᠷᠡᠴᠢᠯᠡᠵᠦ᠍ ᠥᠷᠭᠡᠳᠭᠡᠨ ᠪᠠᠢᠭᠤᠯᠬᠤ ᠳᠦᠷᠦᠯ ᠵᠦᠢᠯ᠎ᠢ ᠱᠠᠨᠳᠦ᠋ᠩ᠎ᠦᠨ ᠲᠦᠷᠭᠡᠨᠤ᠋ ᠵᠠᠰᠠᠮᠠᠯ ᠵᠠᠮ᠎ᠤᠨ ᠪᠦᠯᠦᠭ᠌ᠯᠡᠯ ᠪᠠᠯᠠ ᠣᠷᠣᠭᠤᠯᠤᠨ ᠪᠥᠲᠥᠭᠡᠨ ᠪᠠᠢᠭᠤᠯᠵᠤ᠂ ᠳᠦᠷᠦᠯ ᠵᠦᠢᠯ ᠵᠢᠨᠠᠨ᠎ᠤ ᠬᠣᠲᠠ᠎ᠶ᠋ᠢ ᠲᠣᠭᠣᠷᠢᠭ᠍ᠰᠠᠨ ᠲᠦᠷᠭᠡᠨ ᠤ᠋ ᠵᠠᠰᠠᠮᠠᠯ ᠵᠠᠮ᠎ᠤᠨ ᠶᠠᠨ ᠴᠧᠩ᠎ᠦᠨ ᠬᠦᠶ᠋ᠰᠦ᠎ᠡᠴᠡ ᠡᠬᠢᠯᠡᠵᠦ᠍᠂ ᠳ᠋ᠸᠵᠸᠦ ᠬᠣᠲᠠ᠎ᠶ᠋ᠢᠨ ᠴᠢᠾᠧ ᠱᠢᠶᠠᠨ᠂ ᠵᠢᠨᠠᠨ ᠬᠣᠲᠠ᠎ᠶᠢᠨ ᠬᠤᠸᠠᠢᠶ᠌ᠢᠨ ᠲᠣᠭᠣᠷᠢᠭ᠂ ᠬᠣᠲᠠ᠎ᠶ᠋ᠢᠨ ᠳᠤᠮᠳᠠ ᠲᠣᠭᠣᠷᠢᠭ᠎ᠢᠶᠠᠷ ᠥᠩᠭᠡᠷᠡᠨ᠂ ᠶᠢᠨ ᠵᠢᠶᠠ ᠯᠢᠨ ᠬᠦᠶ᠋ᠰᠦ᠎ᠳᠦ ᠬᠦᠷᠴᠦ᠂ ᠪᠥᠬᠥ᠌ ᠣᠷᠳᠣ ᠨᠢ 23.999 ᠺᠢᠯᠣᠮᠧᠲ᠋ᠷ ᠪᠣᠯᠤᠨ᠎ᠠ᠃ ᠲᠥᠷᠥᠯ ᠵᠦᠶ᠋ᠯ᠎ᠢ ᠪᠠᠢᠭᠤᠯᠵᠤ ᠳᠠᠭᠤᠰᠭᠠᠭᠠᠳ ᠲᠡᠷᠭᠡ ᠨᠡᠪᠲᠡᠷᠡᠭ᠌ᠰᠡᠨᠦ ᠳᠠᠷᠠᠭ᠎ᠠ᠂ ᠤᠯᠤᠰ᠎ᠤᠨ ᠲᠦᠷᠭᠡᠨ ᠤ᠋ ᠵᠠᠰᠠᠮᠠᠯ ᠵᠠᠮ᠎ᠤᠨ ᠡᠮᠦᠨᠡᠲᠦ ᠤᠮᠠᠷᠠᠲᠤ ᠳᠤᠤᠷ᠎ᠤᠨ ᠨᠡᠪᠲᠡᠷᠡᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠪᠡᠭᠡᠵᠢᠩ ᠡᠴᠡ ᠲᠠᠢᠪᠸᠢ ᠬᠦᠷᠬᠦ ᠲᠦᠷᠭᠡᠨ ᠤ᠋ ᠵᠠᠰᠠᠮᠠᠯ ᠵᠠᠮ᠎ᠤᠨ ᠱᠠᠨᠳᠦ᠋ᠩ᠎ᠦᠨ ᠬᠡᠰᠡᠭ᠎ᠦᠨ ᠪᠦᠬᠦᠯᠢ ᠴᠣᠭ᠍ᠴᠠ᠎ᠪᠠᠷ ᠨᠡᠪᠲᠡᠷᠡᠬᠦ᠌ ᠴᠢᠳᠠᠪᠤᠷᠢ ᠪᠠ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠵᠦ᠍᠂ ᠪᠡᠭᠡᠵᠢᠩ ᠡᠴᠡ ᠲᠠᠢᠪᠸᠢ ᠬᠦᠷᠬᠦ ᠲᠦᠷᠭᠡᠨ ᠤ᠋ ᠵᠠᠰᠠᠮᠠᠯ ᠵᠠᠮ᠎ᠤᠨ ᠡᠮᠦᠨᠡᠲᠦ ᠤᠮᠠᠷᠠᠲᠤ᠎ᠶ᠋ᠢᠨ ᠲᠡᠭᠡᠭᠡᠪᠦᠷᠢ᠎ᠶ᠋ᠢᠨ ᠵᠠᠮ ᠱᠤᠭᠤᠮ᠎ᠤᠨ ᠴᠢᠳᠠᠮᠵᠢ᠎ᠶ᠋ᠢ ᠴᠢᠩᠭᠠᠳᠬᠠᠬᠤ ᠪᠣᠯᠤᠨ᠎ᠠ᠃
ᠱᠠᠨᠳᠦ᠋ᠩ᠎ᠦᠨ ᠲᠦᠷᠭᠡᠨ ᠤ᠋ ᠵᠠᠰᠠᠮᠠᠯ ᠵᠠᠮ᠎ᠤᠨ ᠪᠦᠯᠦᠭ᠌ᠯᠡᠯ᠎ᠦᠨ ᠪᠡᠭᠡᠵᠢᠩ ᠡᠴᠡ ᠲᠠᠢᠪᠸᠢ ᠬᠦᠷᠬᠦ ᠲᠦᠷᠭᠡᠨ ᠤ᠋ ᠵᠠᠰᠠᠮᠠᠯ ᠵᠠᠮ᠎ᠤᠨ ᠴᠢᠾᠧᠡᠴᠡ ᠵᠢᠨᠠᠨ ᠬᠥᠷᠬᠥ᠌ ᠬᠡᠰᠡᠭ᠎ᠢ ᠥᠭᠡᠷᠡᠴᠢᠯᠡᠵᠦ᠍ ᠥᠷᠭᠡᠳᠭᠡᠨ ᠪᠠᠢᠭᠤᠯᠬᠤ ᠳᠦᠷᠦᠯ ᠵᠦᠢᠯ ᠤ᠋ᠨ ᠠᠯᠪᠠᠨ ᠬᠡᠷ᠎ᠦᠨ ᠶᠡᠷᠦᠩᠬᠡᠶ ᠲᠥᠯᠥᠪᠯᠡᠭᠡᠨ᠎ᠦ ᠭᠠᠵᠠᠷ᠎ᠤᠨ ᠳᠠᠷᠤᠭ᠎ᠠ ᠸᠠᠩ ᠸᠧᠶ᠂ ᠵᠠᠮ ᠱᠤᠭᠤᠮ᠎ᠤᠨ ᠵᠢᠷᠤᠭ ᠲᠥᠯᠥᠪᠯᠡᠭᠡ᠎ᠶ᠋ᠢᠨ ᠲᠠᠯ᠎ᠠ᠎ᠪᠠᠷ᠂ ᠲᠥᠷᠥᠯ ᠵᠦᠶ᠋ᠯ ᠨᠢ ᠡᠬᠢᠯᠡᠯᠲᠡ ᠳᠡᠭᠦᠰᠬᠡᠯ᠎ᠳᠡᠭᠡᠨ 12 ᠲᠡᠷᠭᠡᠨ ᠵᠠᠮ ᠲᠠᠢ ᠪᠦᠬᠦᠯᠢ ᠴᠣᠭ᠍ᠴᠠ᠎ᠶ᠋ᠢᠨ ᠮᠠᠶᠢᠭ ᠪᠠ ᠵᠠᠮ᠎ᠤᠨ ᠬᠡᠰᠡᠭ᠎ᠢ ᠰᠠᠯᠭᠠᠬᠤ ᠮᠠᠶᠢᠭ᠎ᠢ ᠤᠶᠠᠯᠳᠤᠭᠤᠯᠤᠭ᠍ᠰᠠᠨ ᠨᠡᠢᠯᠡᠮᠡᠯ ᠣᠭ᠍ᠲᠣᠯᠤᠭᠠᠰᠤᠶᠢᠨ ᠵᠢᠷᠤᠭ ᠲᠥᠯᠥᠪᠯᠡᠭᠡ ᠵᠢ ᠱᠢᠨ᠎ᠡ᠎ᠶ᠋ᠢ ᠡᠭᠦᠳᠦᠨ ᠬᠡᠷᠡᠭ᠌ᠯᠡᠵᠦ᠍᠂ ᠡᠬᠢᠯᠡᠯᠲᠡ ᠳᠡᠭᠦᠰᠬᠡᠯ᠎ᠳᠦ 8 ᠲᠡᠷᠭᠡᠨ ᠵᠠᠮ ᠪᠠ 12 ᠲᠡᠷᠭᠡᠨ ᠵᠠᠮ᠎ᠢ ᠵᠠᠯᠭᠠᠯᠳᠤᠭᠤᠯᠤᠨ ᠱᠢᠯᠵᠢᠭᠦᠯᠬᠦ᠌᠎ᠳᠦ ᠴᠢᠭ᠌ᠯᠡᠭᠦᠯᠦᠨ᠂ ᠤᠷᠢᠳᠴᠢᠯᠠᠨ ᠰᠠᠯᠭᠠᠬᠤ ᠬᠤᠯᠪᠤᠭᠠᠰᠤ ᠵᠠᠮ ᠭᠠᠷᠭᠠᠵᠤ᠂ ᠲᠡᠷᠭᠡ ᠬᠥᠰᠭᠡ ᠰᠣᠯᠪᠢᠴᠠᠬᠤ᠎ᠶ᠋ᠢ ᠪᠠᠭᠠᠰᠭᠠᠪᠠ; ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠬᠥᠨᠳᠡᠯᠡᠨ ᠨᠡᠪᠲᠡᠷᠡᠬᠦ᠌ ᠵᠠᠮ᠎ᠢ ᠪᠠᠢᠭᠤᠯᠵᠤ᠂ ᠵᠠᠮ ᠠᠯᠤᠰᠯᠠᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠎ᠳᠤ ᠪᠠᠲᠤᠯᠠᠭ᠎ᠠ ᠬᠠᠩᠭᠠᠪᠠ᠃ ᠡᠭᠦᠨ᠎ᠡᠴᠡ ᠭᠠᠳᠠᠨ᠎ᠠ᠂ ᠲᠥᠷᠥᠯ ᠵᠦᠶ᠋ᠯ᠎ᠨᠢ ᠪᠠᠰᠠ ᠬᠤᠸᠠᠢᠶ᠌ᠢᠨ ᠬᠦᠶ᠋ᠰᠦ᠎ᠶ᠋ᠢᠨ ᠪᠣᠰᠣᠭ᠎ᠠ ᠴᠣᠭ᠍ᠴᠠᠲᠤ ᠨᠡᠢᠯᠡᠮᠡᠯ ᠬᠡᠯᠪᠡᠷᠢ᠎ᠶ᠋ᠢᠨ ᠬᠠᠷᠢᠯᠴᠠᠨ ᠨᠡᠪᠲᠡᠷᠡᠬᠦ᠌᠂ ᠬᠣᠯᠪᠣᠯᠳᠤᠬᠤ ᠬᠤᠯᠪᠤᠭᠠᠰᠤ ᠵᠠᠮ᠎ᠢ ᠪᠥᠲᠥᠭᠡᠨ ᠪᠠᠢᠭᠤᠯᠬᠤ᠎ᠪᠠᠷ ᠳᠠᠮᠵᠢᠨ᠂ ᠱᠢᠨ᠎ᠡ ᠬᠠᠭᠤᠴᠢᠨ ᠵᠠᠮ ᠱᠤᠭᠤᠮ᠎ᠤᠨ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠵᠦ᠍᠂ ᠵᠠᠮ ᠨᠡᠪᠲᠡᠷᠡᠯᠭᠡ᠎ᠶ᠋ᠢᠨ ᠦᠷ᠎ᠡ ᠪᠦᠲᠦᠮᠵᠢ ᠪᠠ ᠠᠶᠠᠯᠠᠬᠤ ᠪᠡᠶᠡᠴᠢ ᠣᠢᠯᠠᠭᠠᠯᠲᠠ᠎ᠶ᠋ᠢ ᠶᠡᠬᠡᠪᠡᠷ ᠳᠡᠭᠡᠭ᠌ᠰᠢᠯᠡᠭᠦᠯᠵᠡᠢ ᠭᠡᠵᠦ ᠳᠠᠨᠢᠯᠴᠠᠭᠤᠯᠪᠠ᠃
ᠡᠭᠦᠨ᠎ᠡᠴᠡ ᠭᠠᠳᠠᠨ᠎ᠠ᠂ ᠣᠶᠤᠨᠴᠢ ᠪᠥᠲᠥᠭᠡᠨ ᠪᠠᠢᠭᠤᠯᠤᠯᠳᠠ᠎ᠶᠢᠨ ᠲᠠᠯ᠎ᠠ᠎ᠪᠠᠷ᠂ ᠲᠥᠷᠥᠯ ᠵᠦᠶ᠋ᠯ᠎ᠨᠢ BIM ᠬᠠᠮᠵᠢᠯᠴᠠᠨ ᠬᠠᠮᠢᠶᠠᠷᠬᠤ ᠲᠠᠪᠴᠠᠩ᠎ᠢ ᠪᠡᠶ᠎ᠡ᠎ᠪᠡᠨ ᠳᠠᠭᠠᠭᠠᠵᠤ ᠨᠡᠭᠡᠭᠡᠨ ᠬᠥᠭ᠌ᠵᠢᠭᠦᠯᠵᠦ᠍᠂ ᠪᠠᠷᠢᠯᠭ᠎ᠠ ᠪᠠᠷᠢᠬᠤ᠂ ᠱᠢᠯᠭᠠᠨ ᠠᠪᠬᠤ ᠡᠴᠡ ᠠᠪᠤᠭᠠᠳ ᠬᠡᠮᠵᠢᠨ ᠲᠣᠭᠠᠴᠠᠭ᠎ᠠ ᠬᠢᠬᠦ᠌ ᠬᠦᠷᠲᠡᠯᠡᠬᠢ ᠪᠥᠬᠥ᠌ ᠶᠠᠪᠤᠴᠠ᠎ᠶᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠬᠢᠭᠡᠳ ᠦᠵᠡᠭ᠌ᠳᠡᠬᠦᠯᠬᠦ ᠬᠠᠮᠢᠶᠠᠷᠤᠯᠲᠠ᠎ᠶ᠋ᠢ ᠪᠡᠶᠡᠯᠡᠭᠦᠯᠪᠡ᠃ ᠬᠠᠲᠤᠨ ᠭᠤᠤᠯ᠎ᠢ ᠰᠤᠨᠳᠠᠯᠠᠨ ᠬᠣᠲᠠ ᠲᠣᠭᠣᠷᠢᠭ᠎ᠢᠶᠡᠷ ᠦᠩᠭᠡᠷᠡᠬᠦ ᠪᠣᠬᠢᠷᠲᠤᠯ ᠥᠬᠡᠶ ᠵᠣᠬᠢᠴᠠᠩᠭᠤᠶ ᠬᠥᠭ᠌ᠵᠢᠯᠲᠡ᠂ ᠬᠠᠲᠤᠨ ᠭᠤᠤᠯ᠎ᠤᠨ ᠣᠨᠴᠠ ᠶᠡᠬᠡ ᠬᠥᠭᠥᠷᠭᠡ᠎ᠶ᠋ᠢᠨ ᠠᠮᠤᠷ ᠲᠦᠪᠱᠢᠨ ᠪᠠᠢᠭᠤᠯᠤᠯᠲᠠ᠂ ᠬᠡᠲᠦ ᠣᠯᠠᠨ ᠲᠡᠷᠭᠡᠨ ᠵᠠᠮ᠎ᠤᠨ ᠡᠵᠡᠩᠨᠡᠯᠲᠡ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠣᠶᠤᠨᠴᠢ ᠬᠠᠮᠢᠶᠠᠷᠤᠯᠲᠠ ᠡᠵᠡᠮᠳᠡᠯ ᠵᠡᠷᠭᠡ ᠭᠤᠷᠪᠠᠨ ᠶᠡᠬᠡ ᠴᠢᠭ᠌ᠯᠡᠯ᠎ᠦᠨ ᠲᠣᠭᠣᠷᠢᠨ᠎ᠳᠤ᠂ ᠰᠢᠷᠢᠰ ᠲᠤᠰᠭᠠᠶ ᠠᠱᠢᠭ ᠪᠠ ᠠᠵᠢᠯ᠎ᠤᠨ ᠠᠷᠭ᠎ᠠ᠎ᠨᠤᠭᠤᠳ᠎ᠢ ᠪᠦᠷᠢᠯᠳᠦᠭᠦᠯᠪᠡ᠃
(ᠱᠢᠨᠬᠤᠸᠠ ᠬᠤᠷᠢᠶ᠎ᠠ᠎ᠶᠢᠨ ᠵᠢᠨᠠᠨ᠎ᠤ 12 ᠰᠠᠷ᠎ᠠ᠎ᠶ᠋ᠢᠨ 28 ᠤ᠋ ᠴᠠᠬᠢᠯᠭᠠᠨ ᠮᠡᠳᠡᠭᠡ)