ᠦᠪᠦᠷ ᠮᠤᠩᠭᠤᠯ ᠨᠢᠬᠡ ᠪᠦᠯᠦᠭ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠢ᠋ ᠬᠢᠨᠠᠨ ᠰᠢᠯᠭᠠᠬᠤ ᠠᠵᠢᠯ ᠢ᠋ ᠪᠡᠶᠡᠯᠡᠭᠦᠯᠪᠡ
2025-12-30 10:15:44
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 2025 ᠤᠨ ᠤ᠋ ᠪᠦᠬᠦ ᠤᠷᠤᠨ ᠤ᠋ ᠤᠯᠠᠭᠠᠨ ᠴᠠᠨ᠎ᠠ ᠴᠡᠴᠡᠭ᠂ ᠱᠦᠭᠦᠷᠭᠡᠨ᠎ᠠ᠂ ᠤᠯᠠᠭᠠᠨ ᠭᠤᠶᠤᠤ ᠵᠡᠷᠭᠡ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠢ᠋ ᠬᠢᠨᠠᠨ ᠰᠢᠯᠭᠠᠬᠤ ᠠᠵᠢᠯ ᠢ᠋ ᠠᠮᠵᠢᠯᠳᠠ ᠲᠠᠢ ᠪᠡᠶᠡᠯᠡᠭᠦᠯᠵᠦ᠂ ᠡᠳᠡᠭᠡᠷ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠤ᠋ᠨ ᠠᠮᠦᠷ ᠲᠦᠪᠰᠢᠨ ᠤ᠋ ᠪᠠᠢᠳᠠᠯ ᠢ᠋ ᠤᠯᠠᠮ ᠨᠢᠭᠡ ᠠᠯᠬᠤᠮ ᠤᠢᠯᠠᠭᠠᠨ᠂ ᠦᠪᠡᠷᠳᠡᠭᠡᠨ ᠵᠠᠰᠠᠬᠤ ᠤᠷᠤᠨ ᠤ᠋ ᠬᠢᠲᠠᠳ ᠡᠮ ᠡᠮᠨᠡᠯᠭᠡ ᠶ᠋ᠢᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠪᠠ᠃

ᠤᠯᠠᠭᠠᠨ ᠴᠠᠨ᠎ᠠ ᠴᠡᠴᠡᠭ᠂ ᠱᠦᠭᠦᠷᠭᠡᠨ᠎ᠠ᠂ ᠤᠯᠠᠭᠠᠨ ᠭᠤᠶᠤᠤ ᠪᠤᠯ ᠦᠪᠦᠷ ᠮᠤᠩᠭᠤᠯ ᠤ᠋ᠨ ᠤᠨᠴᠠ ᠭᠠᠷᠤᠯᠳᠠᠳᠤ ᠡᠮ ᠤ᠋ᠨ ᠮᠠᠲᠧᠷᠢᠶᠠᠯ ᠪᠠᠢᠵᠤ᠂ ᠡᠮᠴᠢᠯᠡᠭᠡᠨ ᠳ᠋ᠤ ᠦᠷᠭᠡᠨ ᠳᠡᠯᠭᠡᠷ ᠬᠡᠷᠡᠭᠯᠡᠬᠦ᠂ ᠬᠢᠲᠠᠳ ᠡᠮ (ᠮᠤᠩᠭᠤᠯ ᠡᠮ) ᠤ᠋ᠨ ᠨᠠᠢᠷᠠᠭᠤᠯᠭ᠎ᠠ ᠳ᠋ᠤ ᠪᠠᠢᠩᠭᠤ ᠬᠡᠷᠡᠭᠯᠡᠬᠦ ᠡᠮ ᠤ᠋ᠨ ᠮᠠᠲᠧᠷᠢᠶᠠᠯ ᠪᠤᠯᠤᠨ᠎ᠠ᠃ ᠲᠤᠰ ᠤᠳᠠᠭ᠎ᠠ ᠵᠢᠨ ᠬᠢᠨᠠᠨ ᠰᠢᠯᠭᠠᠬᠤ ᠠᠵᠢᠯ ᠨᠢ ᠪᠦᠬᠦ ᠤᠷᠤᠨ ᠤ᠋ 11 ᠠᠢᠮᠠᠭ ᠬᠤᠳᠠ ᠶ᠋ᠢᠨ 59 ᠡᠮ ᠤ᠋ᠨ ᠵᠦᠢᠯᠡᠰ ᠦᠢᠯᠡᠳᠪᠤᠷᠢᠯᠡᠵᠦ ᠡᠵᠡᠩᠨᠡᠬᠦ ᠠᠵᠤ ᠠᠬᠤᠢᠯᠠᠯ ᠤ᠋ᠨ 110 ᠪᠦᠯᠦᠭ ᠡᠮ ᠤ᠋ᠨ ᠮᠠᠲᠧᠷᠢᠶᠠᠯ ᠢ᠋ ᠬᠠᠮᠤᠷᠴᠤ᠂ ᠨᠡᠢᠳᠡ 7 ᠰᠠᠷ᠎ᠠ ᠦᠷᠭᠦᠯᠵᠢᠯᠡᠵᠠᠢ᠃ ᠬᠢᠨᠠᠨ ᠰᠢᠯᠭᠠᠭᠰᠠᠨ ᠦᠯᠢᠭᠡᠷ ᠨᠢ ᠬᠢᠲᠠᠳ ᠡᠮᠨᠡᠯᠭᠡ ᠶ᠋ᠢᠨ ᠪᠡᠯᠡᠨ ᠡᠮ (ᠴᠢᠨᠠᠬᠤ ᠡᠮ) ᠦᠢᠯᠡᠳᠪᠤᠷᠢᠯᠡᠬᠦ ᠠᠵᠤ ᠠᠬᠤᠢᠯᠠᠯ ᠤ᠋ᠨ ᠲᠦᠬᠦᠭᠡᠢ ᠮᠠᠲᠧᠷᠢᠶᠠᠯ ᠤ᠋ᠨ ᠬᠦᠮᠦᠷᠭᠡ᠂ ᠡᠮ ᠤ᠋ᠨ ᠮᠠᠲᠧᠷᠢᠶᠠᠯ ᠲᠠᠷᠢᠵᠤ ᠤᠷᠭᠤᠭᠤᠯᠬᠤ ᠰᠠᠭᠤᠷᠢᠨ᠂ ᠤᠷᠭᠤᠮᠠᠯ ᠤ᠋ᠨ ᠬᠦᠷᠢᠶᠡᠯᠡᠩ᠂ ᠡᠮ ᠤ᠋ᠨ ᠮᠠᠲᠧᠷᠢᠶᠠᠯ ᠬᠤᠳᠠᠯᠳᠤᠨ ᠠᠪᠬᠤ ᠦᠷᠳᠡᠭᠡ ᠵᠢᠴᠢ ᠬᠤᠪᠢ ᠶ᠋ᠢᠨ ᠲᠠᠷᠢᠶᠠᠯᠠᠬᠤ ᠡᠷᠦᠬᠡ ᠵᠡᠷᠭᠡ ᠭᠤᠤᠯᠳᠠᠯᠭ᠎ᠠ ᠲᠠᠢ ᠭᠤᠭᠴᠤᠭ᠎ᠠ ᠶ᠋ᠢ ᠬᠠᠮᠤᠷᠴᠤ᠂ ᠲᠠᠷᠢᠵᠤ ᠤᠷᠭᠤᠭᠤᠯᠬᠤ ᠡᠴᠡ ᠦᠢᠯᠡᠳᠪᠤᠷᠢᠯᠡᠯ ᠤ᠋ᠨ ᠡᠮᠦᠨ᠎ᠠ ᠹᠷᠤᠨᠲ ᠪᠤᠯᠳᠠᠯ᠎ᠠ ᠪᠦᠬᠦ ᠶᠠᠪᠤᠴᠠ ᠪᠡᠷ ᠬᠢᠨᠠᠨ ᠰᠢᠯᠭᠠᠵᠤ᠂ ᠬᠢᠨᠠᠨ ᠰᠢᠯᠭᠠᠬᠤ ᠡᠮ ᠤ᠋ᠨ ᠮᠠᠲᠧᠷᠢᠶᠠᠯ ᠤ᠋ᠨ ᠦᠯᠢᠭᠡᠷ ᠤ᠋ᠨ ᠲᠦᠯᠦᠭᠡᠯᠡᠬᠦ ᠴᠢᠨᠠᠷ ᠪᠠ ᠬᠠᠮᠤᠷᠬᠤ ᠬᠡᠪᠴᠢᠶ᠎ᠠ ᠶ᠋ᠢ ᠪᠦᠲᠦᠮᠵᠢᠳᠠᠢ ᠪᠠᠳᠤᠯᠠᠵᠠᠢ᠃ ᠡᠭᠦᠨ ᠳ᠋ᠤ ᠤᠯᠠᠭᠠᠨᠬᠠᠳᠠ ᠬᠤᠳᠠ ᠵᠡᠷᠭᠡ 3 ᠠᠢᠮᠠᠭ ᠬᠤᠳᠠ ᠶ᠋ᠢᠨ ᠬᠢᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠡᠮ ᠤ᠋ᠨ ᠲᠤᠯᠢ》 ᠵᠡᠷᠭᠡ ᠶ᠋ᠢᠨ ᠪᠠᠷᠢᠮᠵᠢᠶ᠎ᠠ ᠶᠤᠰᠤᠭᠠᠷ ᠤᠯᠠᠭᠠᠨ ᠴᠠᠨ᠎ᠠ ᠴᠡᠴᠡᠭ ᠤ᠋ᠨ ᠤᠷᠭᠤᠯᠳᠠ ᠶ᠋ᠢ ᠳᠤᠬᠢᠷᠠᠭᠤᠯᠬᠤ ᠡᠮ ᠤ᠋ᠨ ᠦᠯᠡᠳᠡᠭᠳᠡᠯ ᠤ᠋ᠨ ᠰᠤᠳᠤᠯᠬᠤ ᠴᠢᠨᠠᠷᠳᠠᠢ ᠲᠤᠰᠬᠠᠢ ᠰᠢᠯᠭᠠᠨ ᠪᠠᠢᠴᠠᠭᠠᠯᠳᠠ᠂ ᠤᠯᠠᠭᠠᠨ ᠭᠤᠶᠤᠤ ᠳ᠋ᠡᠬᠢ ᠭᠠᠮᠪᠠᠷ ᠴᠠᠢ ᠶ᠋ᠢᠨ ᠬᠦᠴᠢᠯ ᠤ᠋ᠨ ᠠᠭᠤᠯᠤᠭᠳᠠᠴᠠ ᠶ᠋ᠢᠨ ᠰᠤᠳᠤᠯᠬᠤ ᠴᠢᠨᠠᠷᠳᠠᠢ ᠰᠢᠯᠭᠠᠨ ᠪᠠᠢᠴᠠᠭᠠᠯᠳᠠ ᠶ᠋ᠢ ᠲᠤᠰ ᠲᠤᠰ ᠬᠢᠭᠰᠡᠨ ᠪᠦᠭᠡᠳ ᠱᠦᠭᠦᠷᠭᠡᠨ᠎ᠠ ᠶ᠋ᠢᠨ ᠠᠯᠠᠭᠠᠨ ᠬᠡ ᠶ᠋ᠢᠨ ᠴᠠᠳᠢᠭ ᠢ᠋ ᠬᠢᠨᠡᠨ ᠦᠨᠡᠯᠡᠬᠦ ᠠᠷᠭ᠎ᠠ ᠶ᠋ᠢ ᠳᠤᠭᠳᠠᠭᠠᠨ᠂ ᠱᠦᠭᠦᠷᠭᠡᠨ᠎ᠠ ᠶ᠋ᠢᠨ ᠵᠢᠩᠬᠢᠨᠢ ᠬᠠᠭᠤᠷᠮᠠᠭ ᠢ᠋ ᠢᠯᠭᠠᠬᠤ ᠳ᠋ᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃

ᠲᠤᠰ ᠤᠳᠠᠭ᠎ᠠ ᠵᠢᠨ ᠬᠢᠨᠠᠨ ᠰᠢᠯᠭᠠᠯᠳᠠ ᠶ᠋ᠢᠨ ᠳ᠋ᠦᠩ ᠢ᠋ ᠦᠨᠳᠦᠰᠦᠯᠡᠪᠡᠯ᠂ ᠮᠠᠨ ᠤ᠋ ᠤᠷᠤᠨ ᠤ᠋ ᠤᠯᠠᠭᠠᠨ ᠴᠠᠨ᠎ᠠ ᠴᠡᠴᠡᠭ᠂ ᠱᠦᠭᠦᠷᠭᠡᠨ᠎ᠠ᠂ ᠤᠯᠠᠭᠠᠨ ᠭᠤᠶᠤᠤ ᠵᠡᠷᠭᠡ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠨᠢ ᠦᠨᠳᠦᠰᠦᠨ ᠳ᠋ᠡᠭᠡᠨ ᠪᠠᠷᠢᠮᠵᠢᠶ᠎ᠠ ᠳ᠋ᠤ ᠨᠡᠢᠴᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号