ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠠᠷᠪᠠ ᠶᠢᠰᠦᠳᠦᠭᠡᠷ ᠬᠤᠷᠠᠯ ᠡᠴᠡ 27 ᠤ᠋ ᠡᠳᠦᠷ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠵᠢᠭᠠᠰᠤᠨ ᠠᠵᠤ ᠠᠬᠤᠶ᠎ᠶ᠋ᠢᠨ ᠬᠠᠤᠯᠢ᠎ᠶ᠋ᠢ ᠪᠠᠲᠤᠯᠠᠵᠤ᠂ 2026 ᠣᠨ᠎ᠤ 5 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃ ᠡᠨᠡ ᠬᠦ᠌ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠬᠠᠤᠯᠢ ᠨᠢ ᠵᠢᠭᠠᠰᠤᠨ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠪᠣᠬᠢᠷᠲᠤᠯ ᠥᠬᠡᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃
ᠣᠢᠯᠠᠭᠠᠭ᠍ᠰᠠᠨ᠎ᠢᠶᠠᠷ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠵᠢᠭᠠᠰᠤᠨ ᠠᠵᠤ ᠠᠬᠤᠢ᠎ᠶ᠋ᠢᠨ ᠬᠠᠤᠯᠢ᠎ᠶ᠋ᠢ 1986 ᠣᠨ᠎ᠳᠤ ᠲᠣᠭ᠍ᠲᠠᠭᠠᠨ ᠬᠡᠷᠡᠭ᠌ᠵᠢᠭᠦᠯᠦᠭ᠌ᠰᠡᠨ ᠨᠢ ᠵᠢᠭᠠᠰᠤᠨ ᠠᠵᠤ ᠠᠬᠤᠢ᠎ᠶ᠋ᠢᠨ ᠡᠬᠢ ᠪᠠᠶᠠᠯᠢᠭ᠎ᠢ ᠬᠠᠮᠠᠭᠠᠯᠠᠬᠤ᠂ ᠨᠡᠮᠡᠭ᠌ᠳᠡᠭᠦᠯᠬᠦ᠌᠂ ᠨᠡᠭᠡᠭᠡᠨ ᠬᠥᠭ᠌ᠵᠢᠭᠦᠯᠬᠦ᠌ ᠪᠠ ᠵᠦᠢ ᠵᠣᠬᠢᠰᠲᠠᠢ ᠠᠱᠢᠭ᠍ᠯᠠᠬᠤ᠎ᠶ᠋ᠢ ᠴᠢᠩᠭᠠᠳᠭᠠᠬᠤ᠂ ᠵᠢᠭᠠᠰᠤᠨ ᠠᠵᠤ ᠠᠬᠤᠢ᠎ᠶ᠋ᠢᠨ ᠦᠢᠯᠡᠳᠪᠦᠷᠢᠯᠡᠭ᠌ᠴᠢᠳᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ᠂ ᠵᠢᠭᠠᠰᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠦᠭ᠌ᠰᠡᠨ ᠪᠣᠯᠪᠠᠴᠤ᠌ ᠪᠠᠰᠠ ᠱᠢᠨ᠎ᠡ ᠪᠠᠢᠳᠠᠯ᠎ᠤᠨ ᠳᠣᠣᠷᠠᠬᠢ ᠵᠢᠭᠠᠰᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠪᠣᠳᠠᠲᠠᠢ ᠬᠡᠷᠡᠭ᠌ᠴᠡᠭᠡ᠎ᠲᠡᠶ ᠵᠣᠬᠢᠴᠠᠯᠳᠤᠬᠤ ᠦᠭᠡᠢ ᠵᠠᠷᠢᠮ ᠠᠰᠠᠭᠤᠳᠠᠯ ᠢᠳᠡᠭ ᠢᠳᠡᠭ᠎ᠢᠶᠡᠷ ᠢᠯᠡᠷᠡᠵᠦ᠍᠂ ᠳᠠᠷᠤᠢ ᠲᠦᠷᠭᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠌ ᠴᠢᠬᠤᠯᠠᠲᠠᠢ ᠪᠤᠯᠪᠠ᠃ ᠲᠡᠭᠦᠨ᠎ᠡᠴᠡ ᠬᠣᠢᠰᠢ᠂ 2000 ᠣᠨ᠂ 2004 ᠣᠨ᠂ 2009 ᠣᠨ᠂ 2013 ᠣᠨ᠎ᠳᠤ ᠵᠢᠭᠠᠰᠤᠨ ᠠᠵᠤ ᠠᠬᠤᠢ᠎ᠶ᠋ᠢᠨ ᠬᠠᠤᠯᠢ᠎ᠳᠤ ᠪᠠᠰᠠ ᠲᠦᠷᠪᠡ ᠤᠳᠠᠭ᠎ᠠ ᠵᠠᠰᠠᠪᠤᠷᠢ ᠣᠷᠣᠭᠤᠯᠵᠠᠢ᠃
ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠵᠢᠭᠠᠰᠤᠨ ᠠᠵᠤ ᠠᠬᠤᠶ᠎ᠶ᠋ᠢᠨ ᠬᠠᠤᠯᠢ᠎ᠳᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠵᠢᠭᠠᠰᠤᠨ ᠠᠵᠤ ᠠᠬᠤᠶ᠎ᠶ᠋ᠢᠨ ᠡᠬᠢ ᠪᠠᠶᠠᠯᠢᠭ᠎ᠢ ᠬᠠᠮᠠᠭᠠᠯᠠᠬᠤ ᠪᠠ ᠦᠷᠭᠦᠯᠵᠢᠯᠡᠨ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠡᠮᠵᠢᠶ᠎ᠡ ᠪᠠ ᠴᠢᠨᠠᠷ᠎ᠢ ᠵᠡᠷᠭᠡ᠎ᠪᠡᠷ ᠴᠢᠬᠤᠯᠠᠴᠢᠯᠠᠬᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠬᠤ᠎ᠶ᠋ᠢᠨ ᠬᠠᠮᠲᠤ ᠵᠢᠭᠠᠰᠤᠨ ᠠᠵᠤ ᠠᠬᠤᠶ᠎ᠶ᠋ᠢᠨ ᠲᠡᠵᠢᠭᠡᠨ ᠦᠷᠡᠵᠢᠭᠦᠯᠬᠦ᠌᠎ᠶ᠋ᠢ ᠠᠬᠢᠭᠤᠯᠬᠤ ᠪᠠ ᠵᠢᠷᠤᠮᠵᠢᠭᠤᠯᠬᠤ᠂ ᠵᠢᠭᠠᠰᠤᠨ ᠠᠵᠤ ᠠᠬᠤᠶ᠎ᠶ᠋ᠢᠨ ᠠᠩᠨᠠᠵᠤ ᠱᠦᠭᠦᠬᠦ᠌ ᠬᠠᠮᠢᠶᠠᠷᠤᠯᠲᠠ᠎ᠶ᠋ᠢ ᠴᠢᠩᠭᠠᠳᠭᠠᠬᠤ᠂ ᠵᠢᠭᠠᠰᠤᠨ ᠠᠵᠤ ᠠᠬᠤᠶ᠎ᠶ᠋ᠢᠨ ᠡᠬᠢ ᠪᠠᠶᠠᠯᠢᠭ᠎ᠤᠨ ᠨᠡᠮᠡᠭ᠌ᠳᠡᠯ ᠪᠠ ᠬᠠᠮᠠᠭᠠᠯᠠᠯᠲᠠ᠎ᠶ᠋ᠢ ᠴᠢᠩᠭᠠᠳᠭᠠᠬᠤ᠂ ᠵᠢᠭᠠᠰᠤᠨ ᠠᠵᠤ ᠠᠬᠤᠶ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠵᠢᠭᠠᠰᠤᠨ ᠠᠵᠤ ᠠᠬᠤᠶ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠎ᠠ ᠭᠡᠵᠦ᠍ ᠲᠣᠳᠣᠷᠬᠠᠢᠯᠠᠪᠠ᠃
ᠵᠢᠭᠠᠰᠤᠨ ᠠᠵᠤ ᠠᠬᠤᠢ᠎ᠶ᠋ᠢᠨ ᠲᠡᠵᠢᠭᠡᠨ ᠦᠷᠡᠵᠢᠭᠦᠯᠬᠦ᠌ ᠦᠢᠯᠡᠰ᠎ᠲᠦ ᠵᠤᠷᠢᠭᠤᠯᠤᠨ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠵᠢᠭᠠᠰᠤᠨ ᠠᠵᠤ ᠠᠬᠤᠢ᠎ᠶ᠋ᠢᠨ ᠬᠠᠤᠯᠢ᠎ᠳᠦ᠂ ᠤᠯᠤᠰ ᠡᠴᠡ ᠨᠢᠭᠡᠴᠢ ᠪᠠ ᠬᠤᠪᠢ ᠬᠥᠮᠦᠨ ᠲᠡᠵᠢᠭᠡᠨ ᠦᠷᠡᠵᠢᠭᠦᠯᠬᠦ᠌᠎ᠳᠦ ᠲᠣᠬᠢᠷᠠᠮᠵᠢᠲᠠᠢ ᠤᠰᠤᠨ ᠣᠷᠣᠨ᠂ ᠭᠣᠣᠯ᠎ᠤᠨ ᠲᠠᠩ᠎ᠢ ᠱᠢᠨᠵᠢᠯᠡᠬᠦ᠌ ᠤᠬᠠᠭᠠᠨᠴᠢ᠎ᠪᠠᠷ ᠵᠦᠢ ᠵᠣᠬᠢᠰᠲᠠᠢ ᠠᠱᠢᠭ᠍ᠯᠠᠨ ᠲᠡᠵᠢᠭᠡᠨ ᠦᠷᠡᠵᠢᠭᠦᠯᠬᠦ᠌ ᠦᠢᠯᠡᠰ᠎ᠢ ᠬᠥᠭ᠌ᠵᠢᠭᠦᠯᠬᠦ ᠵᠢ ᠵᠤᠷᠢᠭᠵᠢᠭᠤᠯᠵᠤ᠂ ᠡᠬᠢ ᠪᠠᠶᠠᠯᠢᠭ᠎ᠢ ᠠᠷᠪᠢᠯᠠᠬᠤ᠂ ᠣᠷᠴᠢᠨ ᠲᠤᠭᠤᠷᠢᠨ᠎ᠳᠦ ᠨᠥᠬᠥᠷᠰᠡᠭ᠂ ᠴᠢᠨᠠᠷ ᠨᠢ ᠠᠶᠤᠯᠬᠦᠢ ᠲᠡᠵᠢᠭᠡᠨ ᠦᠷᠡᠵᠢᠭᠦᠯᠬᠦ᠌ ᠵᠠᠭ᠍ᠪᠤᠷ᠎ᠢ ᠳᠡᠮᠵᠢᠨ᠎ᠡ ᠭᠡᠵᠦ ᠲᠣᠳᠣᠷᠬᠠᠢᠯᠠᠪᠠ᠃
ᠵᠢᠭᠠᠰᠤᠨ ᠠᠵᠤ ᠠᠬᠤᠢ᠎ᠶ᠋ᠢᠨ ᠠᠩᠨᠠᠵᠤ ᠱᠦᠭᠦᠬᠦ᠌ ᠦᠢᠯᠡᠰ᠎ᠲᠦ᠂ ᠤᠯᠤᠰ ᠡᠴᠡ ᠠᠩᠨᠠᠵᠤ ᠱᠦᠭᠦᠬᠦ᠌ ᠬᠡᠮᠵᠢᠶ᠎ᠡ᠎ᠶ᠋ᠢ ᠵᠢᠭᠠᠰᠤᠨ ᠠᠵᠤ ᠠᠬᠤᠢ᠎ᠶ᠋ᠢᠨ ᠡᠬᠢ ᠪᠠᠶᠠᠯᠢᠭ᠎ᠤᠨ ᠨᠡᠮᠡᠭ᠌ᠳᠡᠯ᠎ᠦᠨ ᠬᠡᠮᠵᠢᠶ᠎ᠡ᠎ᠡᠴᠡ ᠳᠣᠣᠷ᠎ᠠ ᠪᠠᠢᠯᠭᠠᠬᠤ ᠵᠠᠷᠴᠢᠮ᠎ᠢ ᠦᠨᠳᠦᠰᠦᠯᠡᠵᠦ᠍᠂ ᠵᠢᠭᠠᠰᠤᠨ ᠠᠵᠤ ᠠᠬᠤᠢ᠎ᠶ᠋ᠢᠨ ᠡᠬᠢ ᠪᠠᠶᠠᠯᠢᠭ᠎ᠤᠨ ᠠᠩᠨᠠᠵᠤ ᠱᠦᠭᠦᠬᠦ᠌ ᠶᠡᠷᠦᠩᠬᠡᠢ ᠬᠡᠮᠵᠢᠶ᠎ᠡ᠎ᠶ᠋ᠢ ᠲᠣᠭ᠍ᠲᠠᠭᠠᠵᠤ᠂ ᠠᠩᠨᠠᠵᠤ ᠱᠦᠭᠦᠬᠦ᠌ ᠬᠡᠮᠵᠢᠶ᠎ᠡ᠎ᠶ᠋ᠢ ᠬᠢᠵᠠᠭᠠᠷᠯᠠᠬᠤ ᠳᠦᠷᠢᠮ᠎ᠢ ᠬᠡᠷᠡᠭ᠌ᠵᠢᠭᠦᠯᠦᠨ᠎ᠡ ᠭᠡᠵᠦ ᠳᠤᠳᠤᠷᠬᠠᠢᠯᠠᠪᠠ᠃
ᠵᠢᠭᠠᠰᠤᠨ ᠠᠵᠤ ᠠᠬᠤᠶ᠎ᠶ᠋ᠢᠨ ᠡᠬᠢ ᠪᠠᠶᠠᠯᠢᠭ᠎ᠤᠨ ᠬᠠᠮᠠᠭᠠᠯᠠᠯᠲᠠ᠎ᠳᠤ᠂ ᠤᠯᠤᠰ ᠡᠴᠡ ᠴᠢᠬᠤᠯᠠ ᠵᠢᠭᠠᠰᠤᠨ ᠠᠵᠤ ᠠᠬᠤᠶ᠎ᠶ᠋ᠢᠨ ᠤᠰᠤᠨ ᠣᠷᠣᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠎ᠶ᠋ᠢ ᠲᠣᠳᠣᠷᠬᠠᠢᠯᠠᠪᠠ᠃ ᠤᠯᠤᠰ ᠡᠴᠡ ᠤᠰᠦᠠ ᠭᠠᠷᠤᠯᠲᠠ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠢ ᠪᠠᠢᠴᠠᠭᠠᠬᠤ᠂ ᠴᠤᠭ᠍ᠯᠠᠭᠤᠯᠬᠤ᠂ ᠡᠮᠬᠢᠯᠡᠬᠦ᠌᠂ ᠬᠢᠨᠠᠨ ᠲᠣᠭ᠍ᠲᠠᠭᠠᠬᠤ᠂ ᠳᠠᠩᠰᠠᠯᠠᠬᠤ᠂ ᠬᠠᠳᠠᠭᠠᠯᠠᠬᠤ ᠠᠵᠢᠯ᠎ᠢ ᠴᠢᠩᠭᠠᠳᠭᠠᠵᠤ᠂ ᠤᠰᠦᠠ ᠭᠠᠷᠤᠯᠲᠠ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠤᠨ᠎ᠠ᠃ ᠵᠢᠭᠠᠰᠤ ᠠᠩᠨᠠᠬᠤ ᠬᠣᠷᠢᠭ᠎ᠠ᠎ᠲᠠᠢ ᠣᠷᠣᠨ ᠪᠠ ᠵᠢᠭᠠᠰᠤ ᠠᠩᠨᠠᠬᠤ ᠬᠣᠷᠢᠭ᠎ᠠ᠎ᠲᠠᠢ ᠬᠤᠭᠤᠴᠠᠭᠠᠨ᠎ᠳᠦ ᠲᠣᠭ᠍ᠲᠠᠭᠠᠯ᠎ᠢ ᠵᠥᠷᠢᠴᠡᠨ ᠵᠢᠭᠠᠰᠤ ᠠᠩᠨᠠᠵᠤ ᠱᠦᠭᠦᠬᠦ᠌ ᠠᠵᠢᠯᠯᠠᠭ᠎ᠠ ᠬᠢᠬᠦ᠌᠎ᠶ᠋ᠢ ᠴᠠᠭᠠᠵᠠᠯᠠᠨ᠎ᠠ᠂ ᠲᠣᠭ᠍ᠲᠠᠭᠠᠯ᠎ᠢ ᠵᠥᠷᠢᠴᠡᠨ ᠵᠢᠭᠠᠰᠤ ᠭᠥᠬᠢᠳᠡᠬᠦ᠌ᠶ᠋ᠢ ᠴᠠᠭᠠᠵᠠᠯᠠᠨ᠎ᠠ᠃
ᠡᠭᠦᠨ᠎ᠡᠴᠡ ᠭᠠᠳᠠᠨ᠎ᠠ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠵᠢᠭᠠᠰᠤᠨ ᠠᠵᠤ ᠠᠬᠤᠢ᠎ᠶ᠋ᠢᠨ ᠬᠠᠤᠯᠢ᠎ᠳᠤ ᠪᠠᠰᠠ 《ᠬᠢᠨᠠᠯᠲᠠ ᠬᠠᠮᠢᠶᠠᠷᠤᠯᠲᠠ》ᠭᠡᠬᠦ᠌ ᠪᠦᠯᠦᠭ᠎ᠢ ᠨᠡᠮᠡᠵᠦ᠍᠂ ᠵᠢᠭᠠᠰᠤᠨ ᠠᠵᠤ ᠠᠬᠤᠢ᠎ᠶ᠋ᠢᠨ ᠬᠠᠤᠯᠢ ᠬᠡᠷᠡᠭ᠌ᠵᠢᠭᠦᠯᠬᠦ᠌ ᠪᠠᠢᠭᠤᠯᠤᠮᠵᠢ ᠵᠡᠷᠭᠡ᠎ᠶ᠋ᠢᠨ ᠬᠠᠤᠯᠢ ᠬᠡᠷᠡᠭ᠌ᠵᠢᠭᠦᠯᠬᠦ᠌ ᠲᠤᠱᠢᠶᠠᠯ ᠬᠠᠷᠢᠭᠤᠴᠠᠯᠭ᠎ᠠ ᠵᠢᠴᠢ ᠬᠢᠨᠠᠯᠲᠠ ᠲᠠᠯᠪᠢᠵᠤ ᠪᠠᠢᠴᠠᠭᠠᠬᠤ ᠦᠶ᠎ᠡ᠎ᠳᠦ ᠠᠪᠴᠤ᠌ ᠪᠣᠯᠬᠤ ᠠᠷᠭ᠎ᠠ ᠬᠡᠮᠵᠢᠶ᠎ᠡ᠂ ᠵᠢᠭᠠᠰᠤᠨ ᠠᠵᠤ ᠠᠬᠤᠢ᠎ᠶ᠋ᠢᠨ ᠢᠲᠡᠭᠡᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠲᠣᠳᠣᠷᠬᠠᠢ ᠲᠣᠭ᠍ᠲᠠᠭᠠᠯ ᠭᠠᠷᠭᠠᠵᠠᠢ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 12 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)