ᠥᠪᠡᠷᠲᠡᠭᠡᠨ ᠵᠠᠰᠠᠬᠤ ᠣᠷᠣᠨ ᠤ
ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠵᠢᠭᠠᠨ ᠵᠢᠯᠤᠭᠤᠳᠴᠦ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ
ᠪᠦᠯᠦᠭᠯᠡᠯ᠎ᠡᠴᠡ ᠦᠢᠯᠡᠳᠴᠦ ᠪᠠᠢᠭ᠎ᠠ ᠡᠨᠡᠬᠦ ᠪᠦᠷᠢᠨ ᠴᠢᠳᠠᠮᠵᠢᠲᠦ ᠺᠠᠷᠲ᠎ᠢ 2026 ᠣᠨ᠎ᠤ 1 ᠰᠠᠷ᠎ᠠ᠎ᠳᠤ ᠡᠬᠢᠯᠡᠵᠦ
ᠲᠠᠷᠬᠠᠭᠠᠵᠤ ᠪᠡᠷ ᠪᠤᠢ!
299 ᠲᠥᠭᠥᠷᠢᠭ᠎ᠦᠨ ᠦᠨ᠎ᠡ ᠪᠦᠬᠦᠢ ᠡᠨᠡ ᠺᠠᠷᠲ ᠨᠢ ᠲᠦᠮᠡ ᠰᠢᠬᠠᠮ
ᠲᠥᠭᠥᠷᠢᠭ᠎ᠦᠨ ᠡᠷᠬᠡ ᠠᠰᠢᠭ᠋᠎ᠢ ᠪᠠᠭᠲᠠᠭᠠᠵᠦ᠂ ᠲᠠᠯ᠎ᠠ ᠨᠤᠲᠤᠭ᠂ ᠣᠶ ᠰᠢᠭᠤᠢ᠂ ᠡᠯᠡᠰᠦ ᠮᠠᠩᠬ᠎ᠠ᠂ ᠨᠠᠭᠤᠷ ᠴᠥᠭᠥᠷᠥᠮ᠂
ᠮᠥᠰᠥ ᠴᠠᠰᠤ ᠵᠡᠷᠭᠡ ᠵᠢᠨ A ᠲᠠᠰ᠎ᠤᠨ ᠰᠦᠢᠳᠬᠡᠯ ᠬᠤᠷᠢᠶᠠᠬᠤ ᠦᠵᠡᠮᠵᠢ᠎ᠶᠢᠨ ᠣᠷᠣᠨ᠎ᠢ
ᠬᠠᠮᠤᠷᠴᠠᠢ᠃

ᠳᠠᠷᠠᠭᠠᠴᠢ ᠪᠡᠷ ᠪᠠᠰᠠ ᠤᠷᠠᠨ
ᠰᠠᠢᠬᠠᠨ᠎ᠤ ᠲᠣᠭᠯᠠᠯᠲᠠ᠂ ᠡᠷᠡᠭᠦᠯ ᠮᠡᠨᠳᠦ᠂ ᠺᠢᠨᠤ᠋ ᠵᠦᠴᠦᠭᠡ᠂ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ
ᠵᠢᠨ ᠣᠯᠠᠨ ᠲᠠᠯᠠᠪᠤᠷ᠎ᠲᠦ 《ᠨᠢᠭᠡ ᠺᠠᠷᠲ᠎ᠢᠶᠠᠷ ᠥᠪᠥᠷ ᠮᠣᠩᠭᠣᠯ᠎ᠳᠦ ᠵᠢᠭᠤᠯᠴᠢᠯᠠᠬᠤ》 ᠶᠢ ᠪᠡᠶᠡᠯᠡᠭᠦᠯᠬᠦ ᠪᠤᠯᠤᠨ᠎ᠠ᠃
ᠣᠳᠣᠬᠠᠨ᠎ᠳᠤ ᠠᠩᠬ᠎ᠠ ᠲᠠᠷᠬᠠᠭᠠᠬᠤ
ᠲᠠᠪᠴᠠᠩ ᠪᠤᠯᠬᠤ 《i ᠵᠢᠭᠤᠯᠴᠢᠯᠠᠯ ᠥᠪᠥᠷ
ᠮᠣᠩᠭᠣᠯ》 ᠵᠢᠵᠢᠭ ᠫᠷᠣᠭ᠌ᠷᠠᠮ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ᠂
ᠡᠬᠢ ᠪᠠᠶᠠᠯᠢᠭ᠋᠎ᠢ ᠵᠣᠯᠭᠠᠭᠤᠯᠬᠤ ᠵᠡᠷᠭᠡ ᠪᠡᠯᠡᠳᠬᠡᠯ ᠠᠵᠢᠯ᠎ᠢ ᠶᠠᠭ ᠯᠠᠪᠳᠠᠭᠤᠨ᠎ᠢᠶᠠᠷ ᠠᠬᠢᠭᠤᠯᠵᠤ ᠪᠣᠶ᠃
2026 ᠣᠨ᠎ᠤ 1 ᠰᠠᠷ᠎ᠠ
ᠡᠴᠡ ᠪᠢᠳᠡ ᠪᠦᠷᠢᠨ ᠴᠢᠳᠠᠮᠵᠢᠲᠦ ᠺᠠᠷᠲ᠎ᠢᠶᠠᠷ ᠥᠪᠥᠷ ᠮᠣᠩᠭᠣᠯ᠎ᠤᠨ ᠲᠡᠭᠦᠰ ᠰᠠᠢᠬᠠᠨ ᠥᠩᠭᠡ ᠦᠵᠡᠮᠵᠢ᠎ᠶᠢ
ᠰᠤᠨᠢᠷᠬᠠᠶ᠎ᠠ!
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ