2026 ᠤᠨ᠎ᠳᠦ 《ᠤᠯᠤᠰ᠎ᠤᠨ ᠨᠥᠬᠥᠪᠦᠷᠢ》 ᠵᠢ ᠦᠷᠭᠦᠯᠵᠢᠯᠡᠨ ᠬᠡᠷᠡᠭᠵᠢᠭᠦᠯᠦᠨ᠎ᠡ
2025-12-30 09:43:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠳ᠋᠎ᠦᠨ ᠵᠠᠰᠠᠭ᠎ᠤᠨ ᠶᠠᠮᠤᠨ᠎ᠤ ᠰᠠᠢᠳ ᠯᠠᠨ ᠹᠦᠸᠸ ᠠᠨ 12 ᠰᠠᠷ᠎ᠠ᠎ᠶᠢᠨ 27 ᠎ᠤ ᠡᠳᠦᠷ᠎ᠡᠴᠡ 28 ᠎ᠤ ᠡᠳᠦᠷ ᠪᠣᠯᠲᠠᠯ᠎ᠠ ᠬᠤᠷᠠᠯᠳᠤᠭᠰᠠᠨ ᠪᠦᠬᠦ ᠤᠯᠤᠰ᠎ᠤᠨ ᠡᠳ᠋᠎ᠦᠨ ᠵᠠᠰᠠᠭ᠎ᠤᠨ ᠠᠵᠢᠯ ᠎ᠤᠨ ᠬᠤᠷᠠᠯ ᠳᠡᠭᠡᠷ᠎ᠡ᠂ ᠢᠷᠡᠬᠦ ᠵᠢᠯ ᠦᠷᠭᠦᠯᠵᠢᠯᠡᠨ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ ᠭᠡᠵᠦ ᠢᠯᠡᠷᠭᠡᠢᠯᠡᠵᠡᠢ᠃ 《ᠨᠡᠩ ᠢᠳᠡᠪᠬᠢᠲᠡᠢ》 ᠭᠡᠳᠡᠭ  ᠨᠢ  ᠪᠡᠯᠡ ᠮᠥᠩᠭᠥ ᠎ᠶᠢᠨ ᠬᠡᠪᠴᠢᠶ᠎ᠡ ᠳᠡᠭᠡᠷ᠎ᠡ ᠢᠯᠡᠷᠡᠬᠦ᠎ᠪᠠᠷ ᠪᠠᠷᠠᠬᠤ ᠦᠭᠡᠢ ᠨᠡᠩ ᠴᠤ᠌ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋ ᠎ᠢ ᠳᠡᠭᠡᠭᠰᠢᠯᠡᠭᠦᠯᠬᠦ ᠳᠡᠭᠡᠷ᠎ᠡ ᠢᠯᠡᠷᠡᠨ᠎ᠠ᠃ ᠡᠭᠦᠨ ᠎ᠳᠦ᠂ ᠢᠷᠡᠬᠦ ᠵᠢᠯ ᠡᠳ᠋ ᠎ᠦᠨ ᠵᠠᠰᠠᠭ ᠎ᠤᠨ ᠵᠠᠷᠤᠯᠭ᠎ᠠ᠎ᠶᠢᠨ ᠬᠡᠪᠴᠢᠶ᠎ᠡ ᠎ᠶᠢ ᠥᠷᠭᠡᠳᠬᠡᠵᠦ᠂ ᠴᠢᠬᠤᠯᠠ ᠪᠦᠬᠦᠢ ᠵᠠᠷᠤᠯᠭ᠎ᠠ᠎ᠶᠢᠨ ᠡᠷᠴᠢᠮ᠎ᠢ ᠪᠠᠲᠤᠯᠠᠨ᠎ᠠ; ᠵᠠᠰᠠᠭ ᠎ᠤᠨ ᠣᠷᠳᠣᠨ ᠎ᠤ ᠵᠢᠭᠡᠯᠡᠯᠭᠡ ᠎ᠶᠢᠨ ᠲᠡᠮᠳᠡᠭᠲᠦ ᠎ᠶᠢᠨ ᠪᠠᠭᠠᠵᠢ ᠎ᠶᠢᠨ ᠪᠦᠷᠢᠯᠳᠦᠯ᠎ᠢ ᠰᠢᠯᠢᠳᠡᠭᠵᠢᠭᠦᠯᠵᠦ᠂ ᠵᠢᠭᠡᠯᠡᠯᠭᠡ ᠎ᠶᠢᠨ ᠲᠡᠮᠳᠡᠭᠲᠦ ᠎ᠶᠢᠨ ᠦᠷ᠎ᠡ ᠠᠰᠢᠭ᠋ ᠎ᠢ ᠨᠡᠩ ᠰᠠᠢᠨ ᠪᠠᠳᠠᠷᠠᠭᠤᠯᠤᠨ᠎ᠠ᠃

ᠯᠠᠨ ᠹᠦᠸᠸ ᠠᠨ ᠢᠯᠡᠷᠬᠡᠢᠯᠡᠭᠦ ᠳ᠋ᠡᠭᠡᠨ᠂ ᠢᠷᠡᠬᠦ ᠵᠢᠯ ᠡᠳ᠋᠎ᠦᠨ ᠵᠠᠰᠠᠭ ᠡᠴᠡ ᠬᠡᠷᠡᠭᠯᠡᠭᠡ᠎ᠶᠢ ᠶᠡᠬᠡᠪᠡᠷ ᠬᠦᠭᠵᠢᠭᠡᠨ᠎ᠡ᠃ ᠬᠡᠷᠡᠭᠯᠡᠭᠡ᠎ᠶᠢ ᠬᠦᠭᠵᠢᠭᠡᠭᠦ ᠲᠤᠰᠬᠠᠢ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠦᠷᠭᠦᠯᠵᠢᠯᠡᠨ ᠪᠡᠯᠡ ᠮᠥᠩᠭᠥ ᠲᠣᠬᠢᠷᠠᠭᠤᠯᠤᠨ ᠬᠡᠷᠡᠭᠯᠡᠭᠡᠨ᠎ᠦ ᠵᠦᠢᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠳᠠᠮᠵᠢᠵᠤ᠂ ᠨᠥᠬᠥᠪᠦᠷᠢ ᠎ᠶᠢᠨ ᠬᠡᠪᠴᠢᠶ᠎ᠡ ᠪᠠ ᠪᠠᠷᠢᠮᠵᠢᠶ᠎ᠠ ᠎ᠶᠢ ᠲᠣᠬᠢᠷᠠᠭᠤᠯᠤᠨ ᠰᠢᠯᠢᠳᠡᠭᠵᠢᠭᠦᠯᠦᠨ᠎ᠡ ᠭᠡᠵᠡᠢ᠃

 

ᠢᠷᠡᠯᠲᠡ᠄  ᠰᠢᠨᠬᠤᠸᠠ ᠬᠣᠷᠢᠶ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号