14 ᠡᠳᠦᠷ ᠵᠠᠪᠰᠠᠷᠯᠠᠭᠤᠯᠬᠤ ᠪᠡᠷ ᠲᠤᠭᠲᠠᠪᠠ
2025-12-30 09:44:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《2026 ᠣᠨ ᠎ᠤ ᠱᠠᠩᠨᠠᠯᠲᠤ ᠰᠤᠭᠤᠯᠤᠭ᠎ᠠ ᠎ᠶᠢᠨ ᠵᠠᠬ᠎ᠠ ᠳᠡᠯᠭᠡᠭᠦᠷ ᠵᠠᠪᠰᠠᠷᠯᠠᠬᠤ ᠲᠣᠬᠢᠷᠠᠭᠤᠯᠤᠯᠲᠠ᠎ᠶᠢᠨ ᠲᠤᠬᠠᠢ ᠡᠳ᠋᠎ᠦᠨ ᠵᠠᠰᠠᠭ᠎ᠤᠨ ᠶᠠᠮᠤᠨ᠎ᠤ ᠠᠯᠪᠠᠨ ᠵᠠᠷᠯᠠᠯ》᠎ᠢ ᠲᠦᠷᠦᠭᠦᠭᠡᠨ ᠨᠡᠢᠲᠡᠯᠡᠵᠦ᠂ 2026 ᠣᠨ᠎ᠤ ᠱᠠᠩᠨᠠᠯᠲᠤ ᠰᠤᠭᠤᠯᠤᠭ᠎ᠠ᠎ᠶᠢᠨ ᠵᠠᠬ᠎ᠠ ᠳᠡᠯᠭᠡᠭᠦᠷ ᠎ᠢ ᠵᠠᠪᠰᠠᠷᠯᠠᠭᠤᠯᠬᠤ ᠵᠢ ᠳᠣᠣᠷᠠᠬᠢ ᠮᠡᠲᠦ ᠲᠣᠬᠢᠷᠠᠭᠤᠯᠪᠠ᠃

ᠨᠢᠭᠡ᠂ ᠵᠠᠬ᠎ᠠ ᠲᠡᠯᠭᠡᠭᠦᠷ ᠵᠠᠪᠰᠠᠷᠯᠠᠬᠤ ᠴᠠᠭ

ᠴᠠᠭᠠᠨ ᠰᠠᠷ᠎ᠠ᠎ᠶᠢᠨ ᠬᠤᠭᠤᠴᠠᠭᠠᠨ᠎ᠤ 10 ᠡᠳᠦᠷ᠂ 2026 ᠣᠨ᠎ᠤ 2 ᠰᠠᠷ᠎ᠠ᠎ᠶᠢᠨ 14 ᠎ᠦ ᠡᠳᠦᠷ᠎ᠦᠨ 0:00᠎ᠠᠴᠠ 2 ᠰᠠᠷ᠎ᠠ᠎ᠶᠢᠨ 23 ᠎ᠤ ᠡᠳᠦᠷ᠎ᠦᠨ 24:00 ᠪᠣᠯᠳᠠᠯ᠎ᠠ ᠵᠠᠪᠰᠠᠷᠯᠠᠨ᠎ᠠ᠃ ᠤᠯᠤᠰ᠎ᠤᠨ ᠪᠠᠶᠠᠷ᠎ᠤᠨ ᠬᠤᠭᠤᠴᠠᠭᠠᠨ᠎ᠤ 4 ᠡᠳᠦᠷ᠂ 2026 ᠣᠨ᠎ᠤ 10 ᠰᠠᠷ᠎ᠠ᠎ᠶᠢᠨ 1 ᠎ᠦ ᠡᠳᠦᠷ᠎ᠦᠨ 0:00 ᠎ᠠᠴᠠ 10 ᠰᠠᠷ᠎ᠠ᠎ᠶᠢᠨ 4 ᠎ᠦ ᠡᠳᠦᠷ᠎ᠦᠨ 24:00 ᠪᠣᠯᠲᠠᠯ᠎ᠠ ᠵᠠᠪᠰᠠᠷᠯᠠᠨ᠎ᠠ᠃

ᠬᠣᠶᠠᠷ᠂ ᠵᠠᠬ᠎ᠠ ᠳᠡᠯᠭᠡᠭᠦᠷ᠎ᠵᠠᠪᠰᠠᠷᠯᠠᠬᠤ ᠬᠤᠭᠤᠴᠠᠭᠠᠨ᠎ᠳᠤ᠂ ᠪᠠᠷᠢᠨ ᠨᠡᠭᠡᠭᠡᠭᠦ ᠬᠡᠯᠪᠡᠷᠢ ᠵᠢᠨ ᠱᠠᠨᠭᠨᠠᠯᠲᠦ ᠰᠤᠭᠤᠯᠤᠭ᠎ᠠ᠎ᠡᠴᠡ ᠭᠠᠳᠠᠨ᠎ᠠ᠂ ᠪᠦᠬᠦ ᠤᠯᠤᠰ ᠎ᠤᠨ ᠪᠤᠰᠤᠳ ᠬᠡᠯᠪᠡᠷᠢ᠎ᠶᠢᠨ ᠱᠠᠨᠭᠨᠠᠯᠲᠦ ᠰᠤᠭᠤᠯᠤᠭ᠎ᠠ ᠲᠣᠭᠯᠠᠭᠠᠮ ᠎ᠢ ᠪᠣᠷᠣᠯᠠᠭᠤᠯᠬᠤ᠂ ᠱᠠᠩᠨᠠᠯ ᠨᠡᠢᠲᠡᠯᠡᠬᠦ ᠪᠠ ᠱᠠᠩᠨᠠᠯ ᠰᠣᠯᠢᠬᠤ᠎ᠶᠢ ᠵᠣᠭᠰᠣᠭᠠᠨ᠎ᠠ᠃ ᠱᠠᠨᠭᠨᠠᠯᠲᠦ ᠰᠤᠭᠤᠯᠤᠭ᠎ᠠ ᠲᠣᠭᠯᠠᠭᠠᠮ ᠎ᠤᠨ ᠱᠠᠩᠨᠠᠯ ᠨᠡᠢᠲᠡᠯᠡᠬᠦ᠂ ᠱᠠᠩᠨᠠᠯ ᠰᠣᠯᠢᠬᠤ ᠵᠡᠷᠭᠡ ᠵᠢᠨ ᠪᠣᠳᠠᠲᠠᠢ ᠴᠠᠭ ᠎ᠤᠨ ᠲᠤᠬᠢᠷᠠᠭᠤᠯᠤᠯᠳᠠ ᠵᠢ ᠱᠠᠨᠭᠨᠠᠯᠲᠦ ᠰᠤᠭᠤᠯᠤᠭ᠎ᠠ ᠲᠠᠷᠬᠠᠭᠠᠬᠤ ᠪᠠᠢᠭᠤᠯᠤᠮᠵᠢ ᠪᠠ ᠱᠠᠨᠭᠨᠠᠯᠲᠦ ᠰᠤᠭᠤᠯᠤᠭ᠎ᠠ ᠪᠣᠷᠣᠯᠠᠭᠤᠯᠬᠤ ᠪᠠᠢᠭᠤᠯᠤᠮᠵᠢ ᠎ᠠᠴᠠ ᠨᠡᠢᠭᠡᠮ ᠨᠡᠢᠲᠡ᠎ᠳᠦ ᠤᠷᠢᠳᠴᠢᠯᠠᠨ ᠵᠠᠷᠯᠠᠬᠤ ᠬᠡᠷᠡᠭᠳᠡᠢ᠃

ᠭᠤᠷᠪᠠ᠂ ᠵᠠᠬ᠎ᠠ ᠳᠡᠯᠭᠡᠭᠦᠷ᠎ᠵᠠᠪᠰᠠᠷᠯᠠᠬᠤ ᠬᠤᠭᠤᠴᠠᠭᠠᠨ᠎ᠳᠤ᠂ ᠪᠠᠷᠢᠨ ᠨᠡᠭᠡᠭᠡᠭᠦ  ᠬᠡᠯᠪᠡᠷᠢ ᠵᠢᠨ ᠱᠠᠨᠭᠨᠠᠯᠲᠦ ᠰᠤᠭᠤᠯᠤᠭ᠎ᠠ ᠪᠤᠷᠤᠯᠠᠭᠤᠯᠬᠤ ᠠᠵᠢᠯᠯᠠᠭ᠎ᠠ ᠎ᠶᠢ ᠱᠠᠨᠭᠨᠠᠯᠲᠦ ᠰᠤᠭᠤᠯᠤᠭ᠎ᠠ ᠪᠣᠷᠣᠯᠠᠭᠤᠯᠬᠤ ᠪᠠᠢᠭᠤᠯᠤᠮᠵᠢ᠎ᠠᠴᠠ ᠱᠠᠨᠭᠨᠠᠯᠲᠦ ᠰᠤᠭᠤᠯᠤᠭ᠎ᠠ ᠲᠠᠷᠬᠠᠭᠠᠬᠤ ᠪᠠᠢᠭᠤᠯᠤᠮᠵᠢ᠎ᠶᠢᠨ ᠱᠠᠭᠠᠷᠳᠠᠯᠭ᠎ᠠ ᠪᠣᠯᠣᠨ ᠲᠤᠬᠠᠢ ᠵᠢᠨ ᠭᠠᠵᠠᠷ᠎ᠤᠨ ᠪᠣᠳᠠᠲᠤ ᠪᠠᠢᠳᠠᠯ᠎ᠵᠢᠡᠨ ᠦᠨᠳᠦᠰᠦᠯᠡᠨ ᠥᠪᠡᠰᠦᠪᠡᠨ ᠲᠣᠭᠲᠠᠭᠠᠨ᠎ᠠ᠃ ᠱᠠᠨᠭᠨᠠᠯᠲᠦ ᠰᠤᠭᠤᠯᠤᠭ᠎ᠠ ᠣᠷᠣᠯᠠᠨ ᠪᠣᠷᠣᠯᠠᠭᠤᠯᠤᠭ᠍ᠴᠢ ᠎ᠶᠢᠨ ᠬᠦᠰᠡᠯ ᠰᠠᠨᠠᠭ᠎ᠠ᠎ᠶᠢ ᠭᠦᠢᠴᠡᠳ ᠬᠦᠨᠳᠦᠳᠬᠡᠵᠦ᠂ ᠠᠯᠪᠠᠳᠠᠯᠭ᠎ᠠ ᠪᠡᠷ ᠪᠣᠷᠣᠯᠠᠭᠤᠯᠬᠤ ᠎ᠪᠡᠷ ᠱᠠᠭᠠᠷᠳᠠᠵᠤ ᠪᠣᠯᠬᠤ ᠦᠭᠡᠢ᠃ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠪᠠᠢᠭᠤᠯᠤᠮᠵᠢ᠎ᠨᠤᠭᠤᠳ ᠪᠤᠷᠤᠯᠠᠭᠤᠯᠬᠤ ᠠᠵᠢᠯ ᠎ᠤᠨ ᠨᠠᠷᠢᠨ ᠲᠥᠰᠥᠯ ᠲᠣᠭᠲᠠᠭᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢ ᠦᠨᠡᠨᠬᠦ ᠴᠢᠩᠭᠠᠳᠬᠠᠬᠤ ᠬᠡᠷᠡᠭᠲᠡᠢ᠃

ᠳᠥᠷᠪᠡ᠂ ᠱᠠᠨᠭᠨᠠᠯᠲᠦ ᠰᠤᠭᠤᠯᠤᠭ᠎ᠠ ᠲᠠᠷᠬᠠᠭᠠᠬᠤ ᠪᠠᠢᠭᠤᠯᠤᠮᠵᠢ ᠪᠣᠯᠣᠨ ᠱᠠᠨᠭᠨᠠᠯᠲᠦ ᠰᠤᠭᠤᠯᠤᠭ᠎ᠠ ᠪᠣᠷᠣᠯᠠᠭᠤᠯᠬᠤ ᠪᠠᠢᠭᠤᠯᠤᠮᠵᠢ᠎ᠨᠤᠭᠤᠳ ᠵᠠᠬ᠎ᠠ ᠳᠡᠯᠭᠡᠭᠦᠷ ᠵᠠᠪᠰᠠᠷᠯᠠᠬᠤ ᠡᠴᠡ ᠡᠮᠦᠨ᠎ᠡ ᠪᠤᠶ ᠪᠣᠯᠤᠭᠰᠠᠨ ᠪᠣᠷᠣᠯᠠᠭᠤᠯᠤᠨ ᠬᠤᠳᠠᠯᠳᠤᠭᠰᠠᠨ ᠲᠣᠭ᠎ᠠ ᠪᠠᠷᠢᠮᠲᠠ᠎ᠪᠠᠨ ᠲᠣᠬᠢᠲᠠᠢ ᠬᠠᠳᠠᠭᠠᠯᠠᠵᠤ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠢ; ᠵᠠᠬ᠎ᠠ ᠳᠡᠯᠭᠡᠭᠦᠷ ᠵᠠᠪᠰᠠᠷᠯᠠᠬᠤ ᠬᠤᠭᠤᠴᠠᠭ᠎ᠠ ᠵᠢ ᠭᠦᠢᠴᠡᠳ ᠠᠰᠢᠭ᠍ᠯᠠᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠰᠢᠰᠲᠧᠮ ᠵᠢᠴᠢ ᠲᠥᠬᠦᠭᠡᠷᠦᠮᠵᠢ᠎ᠳᠦ ᠲᠣᠬᠢᠷᠠᠭᠤᠯᠤᠯᠲᠠ ᠪᠠ ᠬᠠᠮᠠᠭᠠᠯᠠᠯᠲᠠ ᠬᠢᠵᠦ᠂ ᠵᠠᠬ᠎ᠠ ᠳᠡᠯᠭᠡᠭᠦᠷ᠎ᠵᠠᠪᠰᠠᠷᠯᠠᠬᠤ ᠬᠤᠭᠤᠴᠠᠭ᠎ᠠ ᠲᠠᠭᠤᠰᠤᠭᠰᠠᠨ᠎ᠤ ᠳᠠᠷᠠᠭᠠᠬᠢ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠠᠵᠢᠯᠯᠠᠭ᠎ᠠ᠎ᠳᠤ ᠰᠠᠢᠲᠤᠷ ᠪᠡᠯᠡᠳᠬᠡᠯ ᠬᠢᠬᠦ ᠬᠡᠷᠡᠭᠲᠡᠢ᠃


ᠢᠷᠡᠯᠲᠡ᠄ ᠡᠳ᠋᠎ᠤᠨ ᠵᠠᠰᠠᠭ᠎ᠤᠨ ᠶᠠᠮᠤᠨ᠎ᠤ ᠰᠦᠯᠵᠢᠶ᠎ᠡ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号