ᠬᠦᠦ ᠮᠦᠨᠭᠭᠦ᠎ᠶᠢᠨ ᠨᠣᠷᠮ᠎ᠠ᠎ᠶᠢ 2026 ᠤᠨ᠎ᠤ 1 ᠰᠠᠷ᠎ᠠ ᠵᠢᠨ1 ᠎ᠦ ᠡᠳᠦᠷ ᠎ᠡᠴᠡ ᠡᠬᠢᠯᠡᠨ ᠪᠠᠭᠤᠷᠠᠭᠤᠯᠤᠨ᠎ᠠ
2025-12-30 09:49:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠣᠨ᠎ᠤ 5 ᠰᠠᠷ᠎ᠠ᠎ᠶᠢᠨ 7 ᠎ᠤ ᠡᠳᠦᠷ ᠨᠡᠢᠲᠡᠯᠡᠭᠰᠡᠨ 《ᠬᠤᠪᠢ ᠬᠥᠮᠥᠨ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠵᠢᠨ ᠵᠢᠭᠡᠯᠡᠯᠭᠡ᠎ᠶᠢᠨ ᠬᠦᠦ ᠮᠦᠨᠭᠭᠦ᠎ᠶᠢᠨ ᠨᠣᠷᠮ᠎ᠠ᠎ᠶᠢ ᠪᠠᠭᠤᠷᠠᠭᠤᠯᠬᠤ ᠲᠤᠬᠠᠢ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠮᠡᠳᠡᠭᠳᠡᠯ》᠎ᠢ ᠦᠨᠳᠦᠰᠦᠯᠡᠪᠠᠯ᠂ 2025 ᠣᠨ᠎ᠤ 5 ᠰᠠᠷ᠎ᠠ᠎ᠶᠢᠨ 8᠎ᠤ ᠡᠳᠦᠷ᠎ᠡᠴᠡ ᠡᠬᠢᠯᠡᠨ᠂ ᠬᠤᠪᠢ ᠬᠥᠮᠥᠨ ᠎ᠦ ᠣᠷᠣᠨ ᠰᠠᠭᠤᠴᠠ ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ ᠎ᠶᠢᠨ ᠮᠥᠩᠭᠥ ᠎ᠶᠢᠨ ᠵᠢᠭᠡᠯᠡᠯᠭᠡ ᠎ᠶᠢᠨ ᠬᠦᠦ ᠮᠦᠨᠭᠭᠦ ᠎ᠶᠢᠨ ᠨᠣᠷᠮ᠎ᠠ ᠎ᠶᠢ ᠪᠠᠭᠤᠷᠠᠭᠤᠯᠤᠨ᠎ᠠ᠃ 

ᠬᠤᠪᠢ ᠬᠥᠮᠥᠨ ᠎ᠦ ᠣᠷᠣᠨ ᠰᠠᠭᠤᠴᠠ ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ ᠎ᠶᠢᠨ ᠮᠥᠩᠭᠥ ᠎ᠶᠢᠨ ᠵᠢᠭᠡᠯᠡᠯᠭᠡ ᠎ᠶᠢᠨ ᠬᠦᠦ ᠮᠦᠨᠭᠭᠦ ᠎ᠶᠢᠨ ᠨᠣᠷᠮ᠎ᠠ ᠎ᠶᠢ ᠵᠠᠭᠤᠨ᠎ᠤ ᠬᠠᠷᠢᠴᠠᠯ ᠵᠢᠡᠷ 0.25 ᠬᠤᠪᠢ ᠪᠠᠭᠤᠷᠠᠭᠤᠯᠵᠦ᠂ 5 ᠵᠢᠯ᠎ᠡᠴᠡ ᠳᠣᠷᠣᠭ᠍ᠰᠢ (5 ᠵᠢᠯ᠎ᠢ ᠪᠠᠭᠲᠠᠭᠠᠨ᠎ᠠ) ᠪᠠ 5 ᠵᠢᠯ᠎ᠡᠴᠡ ᠳᠡᠭᠡᠭᠰᠢᠬᠢ ᠠᠩᠬᠠᠨ᠎ᠤ ᠢᠵᠢ ᠬᠤᠪᠢ ᠬᠥᠮᠥᠨ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠎ᠶᠢᠨ ᠵᠢᠭᠡᠯᠡᠯᠭᠡ᠎ᠶᠢᠨ ᠬᠦᠦ ᠮᠦᠨᠭᠭᠦ᠎ᠶᠢᠨ ᠨᠣᠷᠮ᠎ᠠ᠎ᠶᠢ ᠲᠣᠰ ᠲᠣᠰ 2.1% ᠪᠠ 2.6% ᠪᠣᠯᠭᠠᠨ ᠳᠤᠬᠢᠷᠠᠭᠤᠯᠪᠠ᠃ 5 ᠵᠢᠯ᠎ᠡᠴᠡ ᠳᠣᠷᠣᠭ᠍ᠰᠢ  (5 ᠵᠢᠯ ᠪᠠᠭᠲᠠᠨ᠎ᠠ) ᠪᠠ 5 ᠵᠢᠯ᠎ᠡᠴᠡ ᠳᠡᠭᠡᠭᠰᠢ ᠬᠣᠶᠠᠳᠤᠭᠠᠷ ᠢᠵᠢ ᠬᠤᠪᠢ ᠬᠥᠮᠥᠨ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ᠎ᠶᠢᠨ ᠬᠦᠦ ᠮᠦᠨᠭᠭᠦ᠎ᠶᠢᠨ ᠨᠣᠷᠮ᠎ᠠ᠎ᠶᠢ ᠲᠣᠰ ᠪᠦᠷᠢ 2.525% ᠪᠠ 3.075% ᠪᠣᠯᠭᠠᠨ ᠲᠣᠬᠢᠷᠠᠭᠤᠯᠪᠠ᠃

2025 ᠣᠨ᠎ᠤ 5 ᠰᠠᠷ᠎ᠠ᠎ᠶᠢᠨ 8᠎ᠤ ᠡᠳᠦᠷ᠎ᠡᠴᠡ ᠡᠮᠦᠨ᠎ᠡ ᠲᠠᠯᠪᠢᠭ᠍ᠰᠠᠨ ᠬᠤᠪᠢ ᠬᠥᠮᠥᠨ ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ᠎ᠳᠦ᠂ 2026 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠨ ᠲᠣᠬᠢᠷᠠᠭᠤᠯᠤᠯᠲᠠ ᠬᠢᠭᠰᠡᠨ᠎ᠦ ᠳᠠᠷᠠᠭᠠᠬᠢ ᠬᠤᠪᠢ ᠬᠥᠮᠥᠨ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ᠎ᠶᠢᠨ ᠬᠦᠦ ᠮᠦᠨᠭᠭᠦ ᠎ᠶᠢᠨ ᠨᠣᠷᠮ᠎ᠠ᠎ᠶᠢ ᠬᠡᠷᠡᠭᠵᠢᠭᠦᠯᠦᠨ᠎ᠡ᠃ ᠵᠢᠱ᠌ᠢᠶᠡᠯᠡᠪᠡᠯ᠄ ᠡᠩ᠎ᠦᠨ ᠭᠡᠷ ᠪᠦᠯᠢ 120 ᠲᠦᠮᠡᠨ ᠲᠥᠭᠥᠷᠢᠭ ᠵᠢᠭᠡᠯᠡᠵᠦ᠂ ᠵᠢᠭᠡᠯᠡᠯᠭᠡ᠎ᠶᠢᠨ ᠬᠤᠭᠤᠴᠠᠭ᠎ᠠ ᠨᠢ 30 ᠵᠢᠯ ᠪᠠᠢᠪᠠᠯ᠂ ᠲᠡᠩᠴᠡᠭᠦᠦ ᠲᠣᠭᠠᠨ᠎ᠤ ᠡᠬᠡ ᠮᠥᠩᠭᠥ ᠪᠠ ᠬᠦᠦ ᠮᠥᠩᠭᠥ᠎ᠶᠢ ᠪᠤᠴᠠᠭᠠᠬᠤ ᠠᠷᠭ᠎ᠠ ᠮᠠᠶᠢᠭ᠋᠎ᠢᠶᠠᠷ ᠵᠢᠱ᠌ᠢᠶᠡᠯᠡᠪᠡᠯ᠂ ᠬᠦᠦ ᠮᠥᠩᠭᠥ᠎ᠶᠢᠨ ᠨᠣᠷᠮ᠎ᠠ᠎ᠶᠢ ᠲᠣᠬᠢᠷᠠᠭᠤᠯᠤᠭᠰᠠᠨ ᠎ᠤ ᠳᠠᠷᠠᠭ᠎ᠠ᠂ ᠠᠩᠬᠠᠨ᠎ᠤ ᠢᠵᠢ ᠤᠷᠤᠨ ᠰᠠᠭᠤᠴᠠ ᠵᠢᠨ ᠬᠦᠦ ᠮᠥᠩᠭᠥ᠎ᠶᠢ 57100.85 ᠲᠥᠭᠥᠷᠢᠭ ᠠᠷᠪᠢᠯᠠᠵᠤ᠂ ᠬᠣᠶᠠᠳᠤᠭᠠᠷ ᠢᠵᠢ ᠤᠷᠤᠨ ᠰᠠᠭᠤᠴᠠ ᠵᠢᠨ ᠬᠦᠦ ᠮᠥᠩᠭᠥ᠎ᠶᠢ 59070.01 ᠲᠥᠭᠥᠷᠢᠭ ᠠᠷᠪᠢᠯᠠᠨ᠎ᠠ᠃ ᠣᠯᠠᠨ ᠬᠡᠦᠬᠡᠳ᠎ᠲᠠᠢ ᠭᠡᠷ ᠪᠦᠯᠢ 156 ᠲᠦᠮᠡᠨ ᠲᠥᠭᠥᠷᠢᠭ ᠵᠢᠭᠡᠯᠡᠵᠦ᠂ ᠵᠢᠭᠡᠯᠡᠯᠭᠡ᠎ᠶᠢᠨ ᠬᠤᠭᠤᠴᠠᠭ᠎ᠠ ᠨᠢ 30 ᠵᠢᠯ ᠪᠠᠢᠪᠠᠯ᠂ ᠲᠡᠩᠴᠡᠭᠦᠦ ᠲᠣᠭᠠᠨ᠎ᠤ ᠡᠬᠡ ᠮᠥᠩᠭᠥ ᠪᠠ ᠬᠦᠦ ᠮᠥᠩᠭᠥ᠎ᠶᠢ ᠪᠤᠴᠠᠭᠠᠬᠤ ᠠᠷᠭ᠎ᠠ ᠮᠠᠶᠢᠭ᠋᠎ᠢᠶᠠᠷ ᠵᠢᠱ᠌ᠢᠶᠡᠯᠡᠪᠡᠯ᠂ ᠬᠦᠦ ᠮᠥᠩᠭᠥ᠎ᠶᠢᠨ ᠨᠣᠷᠮ᠎ᠠ᠎ᠳᠤ ᠲᠣᠬᠢᠷᠠᠭᠤᠯᠤᠯᠲᠠ ᠬᠢᠭᠰᠡᠨ᠎ᠦ ᠳᠠᠷᠠᠭ᠎ᠠ᠂ ᠠᠩᠬᠠᠨ᠎ᠤ ᠢᠵᠢ ᠣᠷᠣᠨ ᠰᠠᠭᠤᠴᠠ᠎ᠶᠢᠨ ᠬᠦᠦ ᠮᠥᠩᠭᠥ᠎ᠶᠢ 74229.62 ᠲᠥᠭᠥᠷᠢᠭ ᠠᠷᠪᠢᠯᠠᠵᠤ᠂ ᠬᠣᠶᠠᠳᠤᠭᠠᠷ ᠢᠵᠢ ᠣᠷᠣᠨ ᠰᠠᠭᠤᠴᠠ᠎ᠶᠢᠨ ᠬᠦᠦ ᠮᠥᠩᠭᠥ᠎ᠶᠢ 76789.24 ᠲᠥᠭᠥᠷᠢᠭ ᠠᠷᠪᠢᠯᠠᠨ᠎ᠠ᠃


 ᠢᠷᠡᠯᠲᠡ᠄  ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号