29 ᠦ ᠡᠳᠦᠷ᠂ ᠰᠤᠷᠭᠠᠨ ᠬᠥᠮᠦᠵᠢᠯ ᠦᠨ
ᠶᠠᠮᠤᠨ《ᠪᠥᠬᠥ ᠤᠯᠤᠰ᠎ᠤᠨ ᠰᠤᠷᠭᠠᠭᠤᠯᠢ ᠵᠢᠨ ᠨᠠᠰᠤᠨ ᠠᠴᠠ ᠡᠮᠦᠨᠡᠬᠢ ᠬᠡᠦᠬᠡᠳ ᠦᠨ ᠰᠤᠷᠭᠠᠭᠤᠯᠢ ᠶᠢᠨ
ᠬᠠᠷᠢᠶᠠᠯᠠᠯ᠎ᠤᠨ ᠬᠠᠮᠢᠶᠠᠷᠤᠯᠲᠠ᠎ᠶᠢᠨ ᠠᠷᠭ᠎ᠠ ( ᠲᠤᠷᠰᠢᠨ ᠬᠡᠷᠡᠭᠵᠢᠭᠦᠯᠬᠦ ) 》ᠨᠡᠢᠲᠡᠯᠡᠵᠦ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠰᠤᠷᠭᠠᠨ ᠬᠥᠮᠦᠵᠢᠯ
ᠭᠥᠷᠳᠡᠬᠦ ᠡᠷᠬᠡ ᠠᠰᠢᠭ᠋ ᠢ ᠤᠯᠠᠮ ᠨᠢᠭᠡ ᠠᠯᠬᠤᠮ ᠪᠠᠲᠤᠯᠠᠵᠤ᠂ ᠬᠡᠦᠬᠡᠳ ᠦᠨ ᠴᠡᠴᠡᠷᠯᠢᠭ ᠡᠷᠭᠢᠯᠡᠬᠦ ᠠᠵᠢᠯᠯᠠᠭ᠎ᠠ᠎ᠶᠢ
ᠵᠢᠷᠤᠮᠵᠢᠭᠤᠯᠪᠠ᠃
ᠣᠳᠣᠬᠠᠨ᠎ᠳᠤ᠂ ᠮᠠᠨ ᠤ ᠤᠯᠤᠰ᠎ᠤᠨ
ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠭᠤᠷᠪᠠᠨ ᠵᠢᠯ᠎ᠦᠨ ᠴᠡᠴᠡᠷᠯᠢᠭ᠎ᠲᠦ ᠣᠷᠣᠬᠤ ᠪᠥᠬᠥ ᠨᠣᠷᠮ᠎ᠠ ᠨᠢᠭᠡᠨᠲᠡ
92% ᠲᠤ ᠬᠦᠷᠴᠦ᠂ ᠦᠨᠳᠦᠰᠦᠨ᠎ᠳᠡᠭᠡᠨ ᠲᠦᠭᠡᠮᠡᠯᠵᠢᠭᠦᠯᠬᠦ ᠵᠢ ᠪᠡᠶᠡᠯᠡᠭᠦᠯᠦᠭᠰᠡᠨ ᠪᠤᠯᠪᠠᠴᠤ ᠲᠥᠷᠥᠭᠰᠡᠨ ᠬᠥᠮᠥᠨ
ᠠᠮᠠ᠎ᠶᠢᠨ ᠬᠤᠪᠢᠷᠠᠯᠲᠠ᠂ ᠰᠢᠨ᠎ᠡ ᠬᠡᠯᠪᠡᠷᠢ᠎ᠶᠢᠨ ᠬᠣᠲᠠ ᠪᠠᠯᠭᠠᠰᠤᠵᠢᠯᠲᠠ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ
ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠪᠥᠬᠥ ᠲᠠᠯ᠎ᠠ᠎ᠪᠠᠷ ᠠᠬᠢᠭᠤᠯᠵᠤ ᠪᠠᠢᠭ᠎ᠠ ᠰᠢᠨ᠎ᠡ ᠪᠠᠢᠳᠠᠯ ᠳᠣᠣᠷ᠎ᠠ᠂
ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ
ᠰᠢᠯᠢᠳᠡᠭᠵᠢᠭᠦᠯᠬᠦ᠂ ᠡᠳ᠋᠎ᠦᠨ ᠵᠠᠰᠠᠭ᠎ᠤᠨ ᠨᠥᠬᠥᠪᠦᠷᠢ ᠥᠭᠬᠦ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠣᠨᠣᠴᠠᠳᠠᠢ
ᠬᠡᠷᠡᠭᠵᠢᠭᠦᠯᠬᠦ ᠵᠡᠷᠭᠡ ᠨᠢ ᠴᠥᠮ ᠴᠡᠴᠡᠷᠯᠢᠭ᠎ᠲᠦ ᠪᠠᠢᠭ᠎ᠠ ᠬᠡᠦᠬᠡᠳ᠎ᠦᠨ ᠮᠡᠳᠡᠭᠡ ᠵᠠᠩᠭᠢ᠎ᠶᠢ ᠣᠨᠣᠪᠴᠢᠲᠠᠶ
ᠡᠵᠡᠮᠰᠢᠬᠦ᠎ᠳᠦ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠰᠤᠷᠭᠠᠭᠤᠯᠢ ᠵᠢᠨ ᠨᠠᠰᠤᠨ ᠡᠴᠡ ᠡᠮᠦᠨᠡᠬᠢ ᠬᠡᠦᠬᠡᠳ᠎ᠦᠨ
ᠰᠤᠷᠭᠠᠭᠤᠯᠢ᠎ᠶᠢᠨ ᠬᠠᠷᠢᠶᠠᠯᠠᠯ᠎ᠤᠨ ᠬᠠᠮᠢᠶᠠᠷᠤᠯᠲᠠ᠎ᠶᠢᠨ ᠳᠦᠷᠢᠮ᠎ᠢ ᠲᠦᠷᠭᠡᠨ ᠪᠠᠢᠭᠤᠯᠵᠤ᠂ ᠰᠤᠷᠭᠠᠭᠤᠯᠢ
ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠲᠤᠯᠭᠠᠭᠤᠷᠢᠯᠠᠯ ᠬᠠᠩᠭᠠᠬᠤ
ᠴᠢᠬᠤᠯᠠᠲᠠᠢ ᠪᠠᠢᠨ᠎ᠠ᠃
《ᠪᠥᠬᠥ ᠤᠯᠤᠰ ᠤᠨ ᠰᠤᠷᠭᠠᠭᠤᠯᠢ
ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ ᠤᠨ ᠬᠠᠮᠢᠶᠠᠷᠤᠯᠲᠠ᠎ᠶᠢᠨ ᠠᠷᠭ᠎ᠠ
(ᠲᠤᠷᠰᠢᠨ ᠬᠡᠷᠡᠭᠵᠢᠭᠦᠯᠬᠦ )》 ᠳ᠋ᠤ ᠰᠤᠷᠭᠠᠭᠤᠯᠢ ᠵᠢᠨ ᠨᠠᠰᠤᠨ᠎ᠠᠴᠠ
ᠡᠮᠦᠨᠡᠬᠢ ᠰᠤᠷᠭᠠᠨ ᠬᠥᠮᠦᠵᠢᠯ ᠦᠨ ᠬᠠᠮᠢᠶᠠᠷᠤᠯᠲᠠ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠠᠰᠠᠭᠤᠳᠠᠯ᠎ᠢᠶᠠᠷ
ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠰᠤᠷᠭᠠᠭᠤᠯᠢ ᠵᠢᠨ ᠨᠠᠰᠤᠨ ᠡᠴᠡ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ᠎ᠤᠨ
ᠮᠡᠳᠡᠭᠡ ᠵᠠᠩᠭᠢ᠎ᠶᠢᠨ ᠣᠨᠣᠪᠴᠢᠲᠤ ᠴᠢᠨᠠᠷ ᠪᠠ ᠬᠠᠮᠢᠶᠠᠷᠤᠯᠲᠠ᠎ᠶᠢᠨ ᠵᠢᠷᠤᠮᠵᠢᠯᠳᠤ ᠴᠢᠨᠠᠷ᠎ᠢ ᠴᠢᠩᠭᠠᠳᠬᠠᠬᠤ
ᠪᠡᠷ ᠭᠠᠷᠳᠠᠴᠠ ᠪᠤᠯᠭᠠᠨ᠂ ᠭᠣᠣᠯᠳᠠᠭᠤ ᠳᠥᠷᠪᠡᠨ ᠲᠠᠯ᠎ᠠ᠎ᠶᠢᠨ ᠠᠭᠤᠯᠭ᠎ᠠ᠎ᠶᠢ ᠲᠣᠭᠲᠠᠭᠠᠪᠠ ᠄
ᠨᠢᠭᠡ᠎ᠳᠦ᠂ ᠰᠤᠷᠭᠠᠭᠤᠯᠢ
ᠵᠢᠨ ᠨᠠᠰᠤᠨ ᠠᠴᠠ ᠡᠮᠦᠨᠡᠬᠢ ᠬᠡᠦᠬᠡᠳ ᠦᠨ ᠰᠤᠷᠭᠠᠭᠤᠯᠢ᠎ᠶᠢᠨ ᠬᠠᠷᠢᠶᠠᠯᠠᠯ᠎ᠤᠨ ᠬᠠᠮᠢᠶᠠᠷᠤᠯᠲᠠ᠎ᠶᠢᠨ ᠴᠢᠳᠠᠮᠵᠢ᠎ᠶᠢᠨ
ᠪᠠᠢᠷᠢ ᠲᠣᠭᠲᠠᠭᠠᠯᠲᠠ ᠪᠠ ᠬᠡᠷᠡᠭᠯᠡᠬᠦ ᠬᠡᠪᠴᠢᠶ᠎ᠡ᠎ᠶᠢ ᠲᠣᠳᠣᠷᠬᠠᠢᠯᠠᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠴᠡᠴᠡᠷᠯᠢᠭ᠎ᠲᠦ ᠣᠷᠣᠬᠤ᠂
ᠬᠡᠦᠬᠡᠳ᠎ᠦᠨ ᠴᠡᠴᠡᠷᠯᠢᠭ ᠰᠢᠯᠵᠢᠬᠦ᠂ ᠬᠡᠦᠬᠡᠳ᠎ᠦᠨ ᠴᠡᠴᠡᠷᠯᠢᠭ᠎ᠡᠴᠡ ᠰᠠᠯᠬᠤ᠂ ᠰᠤᠷᠭᠠᠭᠤᠯᠢ ᠲᠡᠭᠦᠰᠬᠦ᠂ ᠰᠤᠷᠭᠠᠭᠤᠯᠢ
ᠳᠡᠪᠰᠢᠬᠦ ᠵᠡᠷᠭᠡ ᠪᠠᠢᠳᠠᠯ᠎ᠢ ᠲᠡᠮᠳᠡᠭᠯᠡᠬᠦ᠂ ᠬᠢᠨᠠᠨ ᠬᠠᠷᠭᠤᠭᠤᠯᠬᠤ᠂ ᠰᠢᠢᠳᠪᠦᠷᠢᠯᠡᠬᠦ ᠳ᠋ᠤ ᠬᠡᠷᠡᠭᠯᠡᠬᠦ
ᠵᠢ ᠴᠢᠬᠤᠯᠠᠴᠢᠯᠠᠪᠠ᠂ ᠬᠡᠦᠬᠡᠳ᠎ᠦᠨ ᠴᠡᠴᠡᠷᠯᠢᠭ ᠵᠡᠷᠭᠡ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠪᠠᠢᠭᠤᠯᠤᠮᠵᠢ᠎ᠶᠢᠨ
ᠪᠦᠬᠦᠯᠢ ᠭᠤᠷᠪᠠᠨ ᠨᠠᠰᠤᠨ᠎ᠠᠴᠠ ᠪᠠᠭ᠎ᠠ ᠰᠤᠷᠭᠠᠭᠤᠯᠢ᠎ᠳᠤ ᠣᠷᠣᠬᠤ᠎ᠠᠴᠠ ᠡᠮᠦᠨᠡᠬᠢ ᠬᠡᠦᠬᠡᠳ᠎ᠲᠦ ᠳᠤᠬᠢᠷᠠᠨ᠎ᠠ᠃
ᠬᠣᠶᠠᠷ᠎ᠲᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ᠎ᠤᠨ ᠬᠠᠮᠢᠶᠠᠷᠤᠯᠲᠠ᠎ᠶᠢᠨ ᠪᠠᠢᠭᠤᠯᠤᠯ᠎ᠢ
ᠲᠣᠳᠣᠷᠬᠠᠢ ᠲᠣᠭᠲᠠᠭᠠᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ᠎ᠤᠨ
ᠬᠠᠮᠢᠶᠠᠷᠤᠯᠲᠠ᠎ᠶᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ
ᠰᠠᠯᠠᠭ᠎ᠠ ᠮᠥᠴᠢᠷ᠎ᠡᠴᠡ ᠬᠣᠷᠸ᠎ᠠ ᠲᠠᠯ᠎ᠠ᠎ᠪᠠᠷ ᠵᠢᠯᠤᠭᠣᠳᠴᠤ᠂ ᠮᠤᠵᠢ᠎ᠶᠢᠨ ᠱᠠᠲᠤᠨ ᠡᠴᠡ ᠨᠢᠭᠡᠳᠦᠯᠲᠡᠢ ᠲᠥᠯᠥᠪᠵᠢᠭᠦᠯᠵᠦ᠂
ᠰᠢᠶᠠᠨ᠎ᠢᠶᠠᠷ ᠭᠣᠣᠯᠯᠠᠭᠤᠯᠤᠨ᠂ ᠬᠡᠦᠬᠡᠳ᠎ᠦᠨ ᠴᠡᠴᠡᠷᠯᠢᠭ ᠬᠡᠷᠡᠭᠵᠢᠭᠦᠯᠦᠨ᠎ᠡ᠃
ᠭᠤᠷᠪᠠ᠎ᠳᠤ᠂ ᠰᠤᠷᠭᠠᠭᠤᠯᠢ
ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ᠎ᠢ ᠪᠠᠶ᠋ᠢᠭᠤᠯᠬᠤ ᠪᠠ ᠬᠤᠪᠢᠷᠠᠭᠤᠯᠬᠤ
ᠳᠠᠷᠠᠭᠠᠯᠠᠯ ᠢ ᠲᠣᠳᠣᠷᠬᠠᠢᠯᠠᠵᠤ᠂ ᠬᠠᠤᠯᠢ ᠶᠣᠰᠣᠭᠠᠷ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠰᠤᠷᠤᠯᠴᠠᠬᠤ
ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ ᠪᠦᠬᠦᠨ ᠳ᠋ᠤ ᠡᠷᠬᠡᠪᠰᠢ ᠰᠤᠷᠭᠠᠭᠤᠯᠢ᠎ᠶᠢᠨ ᠬᠠᠷᠢᠶᠠᠯᠠᠯ
ᠪᠠᠢᠭᠤᠯᠵᠤ ᠦᠭᠴᠤ᠂ ᠨᠢᠭᠡ ᠬᠥᠮᠥᠨ᠎ᠳᠦ ᠨᠢᠭᠡ ᠨᠣᠮᠧᠷ᠎ᠲᠠᠢ᠂ ᠪᠠᠭ᠎ᠠ ᠰᠤᠷᠭᠠᠭᠤᠯᠢ᠎ᠳᠤ ᠦᠷᠭᠦᠯᠵᠢᠯᠡᠨ ᠬᠡᠷᠡᠭᠯᠡᠵᠤ᠂
ᠨᠠᠰᠤᠨ ᠲᠤᠷᠰᠢᠲᠠ ᠬᠤᠪᠢᠷᠠᠭᠤᠯᠬᠤ ᠦᠭᠡᠢ᠂ ᠰᠤᠷᠭᠠᠭᠤᠯᠢ ᠶᠢᠨ ᠬᠠᠷᠢᠶᠠᠯᠠᠯ ᠢ ᠬᠤᠪᠢᠷᠠᠭᠤᠯᠬᠤ ᠬᠠᠮᠢᠶᠠᠷᠤᠯᠲᠠ᠎ᠳᠤ 《ᠨᠢᠭᠡ ᠬᠥᠮᠥᠨ᠎ᠳᠦ ᠨᠢᠭᠡ ᠬᠠᠷᠢᠶᠠᠯᠠᠯ᠎ᠲᠠᠢ᠂ ᠬᠠᠷᠢᠶᠠᠯᠠᠯ
ᠨᠢ ᠬᠥᠮᠥᠨ ᠵᠢᠨᠨ ᠳᠠᠭᠠᠨ ᠰᠢᠯᠵᠢᠬᠦ》ᠳᠦᠷᠢᠮ᠎ᠢ ᠬᠡᠷᠡᠭᠵᠢᠭᠦᠯᠬᠦ
ᠬᠡᠷᠡᠭᠲᠡᠢ ᠭᠡᠵᠦ ᠴᠢᠬᠤᠯᠠᠴᠢᠯᠠᠪᠠ᠃
ᠳᠥᠷᠪᠡ᠎ᠳᠦ᠂ ᠰᠤᠷᠭᠠᠭᠤᠯᠢ
ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ ᠤᠨ ᠬᠠᠮᠢᠶᠠᠷᠤᠯᠲᠠ ᠶᠢ ᠪᠠᠲᠤᠯᠠᠬᠤ
ᠠᠷᠭ᠎ᠠ ᠬᠡᠮᠵᠢᠶ᠎ᠡ᠎ᠶᠢ ᠲᠣᠳᠣᠷᠬᠠᠢ ᠲᠣᠭᠲᠠᠭᠠᠵᠤ᠂ ᠡᠯ᠎ᠡ ᠱᠠᠲᠤᠨ ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ
ᠰᠠᠯᠠᠭ᠎ᠠ ᠮᠥᠴᠢᠷ ᠦᠳ ᠰᠤᠷᠭᠠᠭᠤᠯᠢ ᠵᠢᠨ ᠨᠠᠰᠤᠨ ᠠᠴᠠ ᠡᠮᠦᠨᠡᠬᠢ ᠬᠡᠦᠬᠡᠳ᠎ᠦᠨ ᠰᠤᠷᠭᠠᠭᠤᠯᠢ᠎ᠶᠢᠨ ᠬᠠᠷᠢᠶᠠᠯᠠᠯ ᠤᠨ
ᠬᠠᠮᠢᠶᠠᠷᠤᠯᠲᠠ᠎ᠶᠢᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠤᠷᠭᠠᠭᠤᠯᠢ᠎ᠶᠢᠨ ᠬᠠᠷᠢᠶᠠᠯᠠᠯ᠎ᠤᠨ
ᠠᠮᠤᠷ ᠲᠦᠪᠰᠢᠨ᠎ᠦ ᠬᠠᠮᠢᠶᠠᠷᠤᠯᠲᠠ ᠪᠠ ᠮᠡᠷᠭᠡᠵᠢᠯ᠎ᠦᠨ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠡᠭᠦᠨ᠎ᠡᠴᠡ ᠭᠠᠳᠠᠨ᠎ᠠ᠂ 2
— 3 ᠨᠠᠰᠤᠲᠠᠢ ᠬᠡᠦᠬᠡᠳ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠦᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠳᠤ 《ᠲᠣᠰ ᠠᠷᠭ᠎ᠠ ᠪᠠᠷ ᠯᠠᠪᠯᠠᠯᠲᠠ ᠪᠣᠯᠭᠠᠵᠤ ᠬᠠᠮᠢᠶᠠᠷᠤᠨ᠎ᠠ》 ᠭᠡᠵᠦ ᠲᠣᠳᠣᠷᠬᠠᠢᠯᠠᠪᠠ᠃
ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ