84.9%᠎ᠶᠢᠨ ᠠᠷᠠᠳ ᠢᠷᠭᠡᠨ ᠎ᠤ ᠪᠡᠶ᠎ᠡ ᠮᠠᠬᠠᠪᠤᠳ 《ᠬᠢᠷᠢ ᠲᠡᠩᠴᠡᠪᠡ》
2025-12-30 09:58:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ ᠎ᠳᠤ 2025 ᠣᠨ ᠎ᠤ ᠪᠥᠬᠥ ᠤᠯᠤᠰ ᠎ᠤᠨ ᠪᠡᠶ᠎ᠡ ᠎ᠶᠢᠨ ᠲᠠᠮᠢᠷ᠎ᠤᠨ ᠲᠣᠪᠴᠢᠶᠠᠨ ᠎ᠤ ᠳᠠᠷᠤᠭ᠎ᠠ ᠨᠠᠷ ᠎ᠤᠨ ᠬᠤᠷᠠᠯ᠎ᠠᠴᠠ ᠣᠢᠯᠠᠭᠠᠭᠰᠠᠨ᠎ᠢᠶᠠᠷ᠂ 2025 ᠣᠨ᠎ᠳᠤ ᠮᠠᠨ᠎ᠤ ᠤᠯᠤᠰ᠎ᠤᠨ ᠲᠠᠮᠢᠷᠴᠢᠳ ᠨᠡᠶ᠋ᠢᠲᠡ 31 ᠲᠥᠷᠥᠯ ᠵᠦᠢᠯ ᠎ᠳᠦ 146  ᠤᠳᠠᠭ᠎ᠠ ᠳᠡᠯᠡᠬᠡᠢ᠎ᠶᠢᠨ ᠮᠠᠩᠯᠠᠢ ᠪᠡᠷ ᠲᠤᠳᠤᠷᠠᠪᠠ᠂ ᠡᠭᠦᠨ᠎ᠳᠦ ᠣᠯᠢᠮᠫᠢᠺ ᠎ᠤᠨ ᠲᠠᠮᠢᠷ ᠎ᠤᠨ ᠴᠤᠭᠯᠠᠭᠠᠨ᠎ᠤ ᠲᠥᠷᠥᠯ ᠵᠦᠢᠯ᠎ᠳᠦ 3 ᠬᠥᠮᠥᠨ 2 ᠠᠩᠭᠢ 6 ᠤᠳᠠᠭ᠎ᠠ 4 ᠲᠦᠷᠦᠯ᠎ᠦᠨ ᠳᠡᠯᠡᠬᠡᠢ᠎ᠶᠢᠨ ᠲᠡᠮᠳᠡᠭᠯᠡᠯ᠎ᠢ ᠡᠭᠦᠳᠪᠡ᠃

2025 ᠣᠨ᠎ᠳᠤ ᠠᠷᠠᠳ ᠢᠷᠭᠡᠨ᠎ᠤ ᠪᠡᠶ᠎ᠡ ᠮᠠᠬᠠᠪᠤᠳ ᠎ᠤᠨ 《ᠬᠢᠷᠢ ᠲᠡᠩᠴᠡᠭᠰᠡᠨ》ᠵᠢᠴᠢ ᠲᠡᠭᠦᠨ ᠎ᠡᠴᠡ ᠳᠡᠭᠡᠭᠰᠢᠬᠢ ᠲᠠᠰ ᠲᠤ᠌ ᠬᠦᠷᠦᠭᠰᠡᠨ ᠬᠥᠮᠥᠨ ᠎ᠦ ᠲᠣᠭ᠎ᠠ᠎ᠶᠢᠨ ᠬᠠᠷᠢᠴᠠᠯ 84.9% ᠎ᠳᠤ ᠬᠦᠷᠴᠦ᠂ 2020 ᠣᠨ ᠎ᠤ ᠬᠢ᠎ᠡᠴᠡ  ᠵᠠᠭᠤᠨ ᠎ᠤ ᠬᠠᠷᠢᠴᠠᠯ ᠵᠢᠨᠷ 0.8 ᠬᠤᠪᠢ ᠳᠡᠭᠡᠭᠰᠢᠯᠡᠵᠦ᠂ ᠪᠡᠶ᠎ᠡ᠎ᠶᠢᠨ ᠲᠠᠮᠢᠷ ᠎ᠤᠨ ᠪᠣᠯᠪᠠᠰᠤᠷᠠᠯ ᠎ᠳᠤ ᠪᠠᠢᠩᠭᠤ ᠣᠷᠣᠯᠴᠠᠳᠠᠭ ᠬᠥᠮᠥᠨ᠎ᠦ ᠲᠣᠭ᠎ᠠ᠎ᠶᠢᠨ ᠬᠠᠷᠢᠴᠠᠯ 38.52% ᠎ᠲᠤ ᠬᠦᠷᠴᠡᠢ᠃

2025 ᠣᠨ ᠎ᠳᠤ᠂ 16 ᠮᠤᠵᠢ ᠣᠷᠣᠨ ᠮᠤᠵᠢ ᠎ᠶᠢᠨ ᠬᠡᠪᠴᠢᠶᠡᠨ ᠎ᠦ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ ᠡᠷᠭᠢᠯᠡᠪᠡ᠃

《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭᠠᠰᠢ᠂ ᠪᠥᠬᠥ ᠤᠯᠤᠰ ᠎ᠤᠨ ᠪᠡᠶ᠎ᠡ᠎ᠶᠢᠨ ᠲᠠᠮᠢᠷ ᠎ᠤᠨ ᠠᠵᠤ ᠦᠢᠯᠡᠰ ᠎ᠦᠨ ᠵᠢᠯ ᠳᠤᠮᠳᠠᠴᠢ ᠵᠢᠨ ᠨᠡᠮᠡᠭᠳᠡᠯ᠎ᠦᠨ ᠬᠤᠷᠳᠤᠴᠠ 10.3% ᠎ᠳᠤ ᠬᠦᠷᠴᠦ᠂ ᠨᠡᠮᠡᠭᠳᠡᠯ᠎ᠤᠨ ᠬᠡᠮᠵᠢᠶ᠎ᠡ ᠵᠢᠨ ᠵᠢᠯ᠎ᠳᠤᠮᠳᠠᠴᠢ ᠵᠢᠨ ᠨᠡᠮᠡᠭᠳᠡᠯ᠎ᠦᠨ ᠬᠤᠷᠳᠤᠴᠠ 11.6% ᠎ᠳᠤ ᠬᠦᠷᠴᠡᠢ᠃

ᠴᠠᠰᠤ ᠮᠥᠰᠥᠨ᠎ᠤ ᠠᠵᠤ ᠦᠢᠯᠡᠰ᠎ᠦᠨ ᠶᠡᠷᠦᠩᠬᠡᠢ ᠬᠡᠪᠴᠢᠶ᠎ᠡ 2020 ᠣᠨ᠎ᠳᠤ 3811 ᠳ᠋ᠦᠩᠰᠢᠭᠤᠷ ᠲᠥᠭᠥᠷᠢᠭ ᠪᠠᠢᠭᠰᠠᠨ᠎ᠠᠴᠠ᠎ᠨᠡᠮᠡᠭᠳᠡᠭᠡᠳ2024 ᠣᠨ᠎ᠳᠤ 9800 ᠳ᠋ᠦᠩᠰᠢᠭᠤᠷ ᠲᠥᠭᠥᠷᠢᠭ ᠪᠣᠯᠵᠤ᠂ ᠵᠢᠯ ᠳᠤᠮᠳᠠᠴᠢ᠎ᠶᠢᠨ ᠨᠡᠮᠡᠭᠳᠡᠯ ᠎ᠦᠨ ᠨᠣᠷᠮ᠎ᠠ ᠨᠢ 26.6% ᠎ᠳᠤ ᠬᠦᠷᠴᠡᠢ᠃

 

ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号